ᠳᠠᠬᠢᠨ ᠨᠡᠶᠢᠳᠬᠡᠭᠰᠡᠨ ᠲᠠᠷᠢᠯᠭ᠎ᠠ ᠳᠤ ᠬᠡᠷᠡᠭᠯᠡᠬᠦ ᠬᠥᠮᠦᠨ ᠤ ᠴᠢᠰᠤ ᠶᠢ ᠡᠭᠡᠳᠡᠭᠦᠯᠬᠦ ᠡᠯᠧᠮᠧᠨ᠋ᠲⅦa ᠵᠡᠷᠭᠡ ᠡᠮ ᠤᠨ ᠵᠦᠢᠯ ᠢ ᠡᠭᠦᠳᠡᠨ ᠡᠮᠨᠡᠯᠭᠡ ᠳᠤ ᠣᠨᠴᠠᠭᠠᠶ ᠬᠡᠷᠡᠭᠯᠡᠬᠦ ᠡᠮ ᠤᠨ ᠬᠠᠮᠢᠶᠠᠷᠤᠯᠲᠠ ᠳᠤ ᠣᠷᠣᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/6/2
       ᠥᠪᠥᠷ ᠡᠮᠴᠢᠯᠡᠭᠡᠨ ᠤ ᠪᠠᠲᠤᠯᠠᠭ᠎ᠠ ᠠᠯᠪᠠᠨ ᠥᠰᠥᠭ  ﹇2022﹈ 120 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠳᠤ᠄      ᠬᠦᠨᠳᠦ ᠣᠨᠴᠠ ᠶᠡᠭᠡ ᠡᠪᠡᠳᠴᠢᠲᠡᠨ ᠤ ᠡᠮ ᠬᠡᠷᠡᠭᠯᠡᠬᠦ ᠶᠢ ᠤᠯᠠᠮ ᠨᠢᠭᠡ ᠠᠯᠬᠤᠮ ᠪᠠᠲᠤᠯᠠᠵᠤ᠂ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠷᠪᠢᠯᠠᠵᠤ᠂ ᠡᠮᠴᠢᠯᠡᠭᠡᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠦᠭᠡ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ ᠪᠠᠷ ᠳᠡᠮᠵᠢᠨ᠂ ᠳᠠᠬᠢᠨ ᠨᠡᠶᠢᠳᠭᠡᠭᠰᠡᠨ ᠲᠠᠷᠢᠯᠭ᠎ᠠ ᠳᠤ ᠬᠡᠷᠡᠭᠯᠡᠬᠦ ᠬᠥᠮᠦᠨ ᠤ ᠴᠢᠰᠤ ᠶᠢ ᠡᠭᠡᠳᠡᠭᠦᠯᠬᠦ ᠡᠯᠧᠮᠧᠨ᠋ᠲ Ⅶa ᠵᠡᠷᠭᠡ 4 ᠵᠦᠢᠯ ᠤᠨ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠳᠤ ᠣᠨᠴᠠᠭᠠᠶ ᠬᠡᠷᠡᠭᠯᠡᠬᠦ ᠡᠮ ᠤᠨ ᠬᠡᠪᠴᠢᠶᠡᠨ ᠳᠤ ᠣᠷᠣᠭᠤᠯᠬᠤ ᠪᠠᠷ ᠲᠣᠭᠲᠠᠪᠠ᠃ ᠡᠭᠦᠳᠡᠨ ᠡᠮᠨᠡᠯᠭᠡ ᠳᠤ ᠣᠨᠴᠠᠭᠠᠢ ᠡᠮ ᠬᠡᠷᠡᠭᠯᠡᠬᠦ ᠪᠠᠲᠤᠯᠠᠭᠠᠨ ᠤ ᠡᠲᠡᠭᠡᠳ᠂ ᠬᠠᠷᠠᠭᠠᠯᠵᠠᠯ ᠤᠨ ᠪᠠᠷᠢᠮᠵᠢᠶ᠎ᠠ᠂ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠶᠢ ᠰᠢᠨ᠎ᠡ ᠪᠠᠷ ᠨᠡᠮᠡᠭᠳᠡᠭᠦᠯᠬᠦ ᠳᠤ ᠪᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠳᠤ ᠣᠨᠴᠠᠭᠠᠢ ᠬᠡᠷᠡᠭᠯᠡᠬᠦ ᠡᠮ ᠤᠨ ᠬᠠᠮᠢᠶᠠᠷᠤᠯᠲᠠ ᠶᠢᠨ ᠠᠵᠢᠯ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠡᠯ᠎ᠡ ᠨᠢᠭᠡᠳᠦᠯᠲᠡᠶ ᠲᠥᠯᠦᠪᠯᠡᠭᠰᠡᠨ ᠣᠷᠣᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠨ᠎ᠡ ᠪᠠᠷ ᠨᠡᠮᠡᠭᠳᠡᠭᠰᠡᠨ ᠡᠮ ᠤᠨ ᠵᠦᠢᠯ ᠤᠨ ᠡᠭᠦᠳᠡᠨ ᠡᠮᠨᠡᠯᠭᠡ ᠳᠤ ᠣᠨᠴᠠᠭᠠᠢ ᠬᠡᠷᠡᠭᠯᠡᠬᠦ ᠡᠮ ᠵᠢᠴᠢ ︽ᠬᠤᠣᠰ ᠨᠡᠪᠲᠡᠷᠡᠬᠦ ᠵᠠᠮ︾ ᠤᠨ ᠬᠠᠮᠢᠶᠠᠷᠤᠯᠲᠠ ᠳᠤ ᠳᠠᠷᠦ᠋ᠢᠬᠠᠨ ᠣᠷᠣᠭᠤᠯᠵᠤ᠂ ᠣᠯᠠᠨ ᠲᠦᠮᠡᠨ ᠤ ᠡᠮ ᠬᠡᠷᠡᠭᠯᠡᠬᠦ ᠳᠤ ᠳᠥᠭᠦᠮ ᠦᠵᠡᠭᠦᠯᠬᠦ ᠬᠡᠷᠡᠭᠲᠡᠶ᠃  ᠲᠤᠰ ᠮᠡᠳᠡᠭᠳᠡᠯ ᠢ 2022 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠳᠤ ᠣᠨᠴᠠᠭᠠᠢ ᠬᠡᠷᠡᠭᠯᠡᠬᠦ ᠡᠮ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                   2022 ᠣᠨ ᠤ 5 ᠳ᠋ᠤᠭᠠᠷ ᠰᠠᠷ᠎ᠠ ᠶᠢᠨ 31 ᠤ ᠡᠳᠦᠷ                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠳᠤ ᠣᠨᠴᠠᠭᠠᠢ ᠬᠡᠷᠡᠭᠯᠡᠬᠦ ᠡᠮ.docx                    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠦᠢᠯᠡᠴᠢᠯᠡᠭ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号