ᠥᠪᠥᠷ ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ ﹇2022﹈ 13 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ | ᠵᠠᠯᠭᠠᠮᠵᠢᠯᠠᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠭᠦᠯᠬᠦ ᠶᠢ ᠳᠡᠮᠵᠢᠬᠦ ᠲᠤᠬᠠᠶ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠳᠡᠮᠵᠢᠵᠦ᠂ ᠠᠷᠠᠳ ᠣᠯᠠᠨ ᠤ ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ | ᠰᠠᠶᠢᠨ ᠬᠠᠩᠭᠠᠬᠤ ᠶᠢᠨ ᠲᠥᠯᠦᠭᠡ᠂ ᠳᠤᠤᠷᠠᠬᠢ ᠮᠡᠲᠦ ᠠᠷᠭ᠎ᠠ ᠬᠡᠮᠵᠢᠶ᠎ᠡ ᠶᠢ ᠳᠤᠷᠠᠳᠪᠠ᠃ | ᠨᠢᠭᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠳᠣᠭᠲᠠᠯᠴᠠᠭᠠᠨ ᠤ | ᠪᠠᠶᠢᠭᠤᠯᠤᠯᠲᠠ ᠶᠢ ᠳᠡᠮᠵᠢᠨ᠎ᠡ | ︵ᠨᠢᠭᠡ︶ ᠨᠥᠬᠦᠴᠡᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ︵ᠮᠣᠩᠭᠤᠯ ᠡᠮ︶ ᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ | ᠵᠡᠷᠭᠡ ᠶᠢ ᠡᠮᠴᠢᠯᠡᠭᠡᠨ ᠤ ᠪᠠᠲᠤᠯᠠᠭ᠎ᠠ ᠶᠢᠨ ᠴᠡᠭ ᠳᠣᠭᠲᠠᠭᠠᠭᠰᠠᠨ ᠬᠡᠯᠡᠯᠴᠡᠭᠡᠷ ᠤᠨ ᠬᠠᠮᠢᠶᠠᠷᠤᠯᠲᠠ ᠳᠤ ᠴᠠᠭ ᠲᠤᠬᠠᠢ | ᠳᠤ ᠨᠢ ᠣᠷᠣᠭᠤᠯᠤᠨ᠎ᠠ᠃ ᠲᠣᠭᠲᠠᠭᠠᠯ ᠶᠣᠰᠣᠭᠠᠷ ᠨᠥᠬᠦᠴᠡᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠦᠢᠯᠡᠴᠢᠯᠡᠭᠡ ᠶᠢ ᠬᠠᠩᠭᠠᠬᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠠ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠠᠮᠤᠷᠵᠢᠭᠤᠯᠤᠨ ᠰᠤᠪᠢᠯᠠᠬᠤ ᠲᠥᠪ᠂ | ᠰᠤᠪᠢᠯᠠᠯᠲᠠ ᠶᠢᠨ ᠬᠦᠷᠢᠶᠡᠯᠡᠩ ᠵᠢᠴᠢ ᠨᠠᠰᠤᠵᠢᠯ ᠤᠨ ᠪᠠᠶᠢᠭᠤᠯᠤᠮᠵᠢ ᠶᠢᠨ ᠳᠣᠲᠣᠭᠠᠳᠤ ᠳᠤ ᠪᠠᠨ ᠪᠠᠶᠢᠭᠤᠯᠤᠭᠰᠠᠨ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ | ᠪᠠᠲᠤᠯᠠᠭ᠎ᠠ ᠶᠢᠨ ᠴᠡᠭ ᠳᠣᠭᠲᠠᠭᠠᠭᠰᠠᠨ ᠬᠠᠮᠢᠶᠠᠷᠤᠯᠲᠠ ᠳᠤ ᠣᠷᠣᠭᠤᠯᠤᠨ᠎ᠠ᠃ | ︵ᠬᠤᠶᠠᠷ︶ ᠨᠥᠬᠦᠴᠡᠯ ᠳᠤ ᠨᠡᠶᠢᠴᠡᠭᠰᠡᠨ ᠴᠡᠭ ᠳᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ᠳᠠᠷᠤᠢ ᠳᠤ ᠨᠢ ᠤᠨᠳᠤᠤ ᠭᠠᠵᠠᠷ ᠡᠮᠨᠡᠭᠦᠯᠦᠭᠰᠡᠨ ᠵᠠᠷᠤᠳᠠᠯ ᠢ | ᠰᠢᠭᠤᠳ ᠳ᠋ᠦᠩᠨᠡᠨ ᠪᠤᠳᠤᠬᠤ ᠴᠡᠭ ᠳᠣᠭᠲᠠᠭᠠᠭᠰᠠᠨ ᠬᠡᠪᠴᠢᠶᠡᠨ ᠳᠤ ᠣᠷᠣᠭᠤᠯᠵᠤ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠣᠷᠣᠨ ᠪᠦᠰᠡ ᠶᠢᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ | ︵ᠭᠤᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ | ᠵᠦᠪᠰᠢᠶᠡᠷᠡᠭᠦᠯᠵᠦ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠦᠭᠰᠡᠨ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ᠳᠠᠷᠤᠢ ᠳᠤ ᠨᠢ ︽ᠢᠨᠲ᠋ᠧᠷ ᠰᠦᠯᠵᠢᠶ᠎ᠡ | +︾ ᠶᠢᠨ ᠡᠮᠴᠢᠯᠡᠭᠡᠨ ᠤ ᠦᠢᠯᠡᠴᠢᠯᠡᠭᠡᠨ ᠤ ᠴᠡᠭ ᠳᠣᠭᠲᠠᠭᠠᠭᠰᠠᠨ ᠬᠡᠪᠴᠢᠶᠡᠨ ᠳᠤ ᠣᠷᠣᠭᠤᠯᠵᠤ᠂ ︽ᠢᠨᠲ᠋ᠧᠷ | ᠰᠦᠯᠵᠢᠶ᠎ᠡ +︾ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠨᠥᠬᠦᠪᠥᠷᠢ ᠬᠡᠯᠡᠯᠴᠡᠭᠡᠷ ᠲᠣᠭᠲᠠᠭᠰᠠᠨ ᠤ | ᠳᠠᠷᠠᠭ᠎ᠠ᠂ ᠲᠡᠭᠦᠨ ᠤ ᠬᠠᠩᠭᠠᠭᠰᠠᠨ ︽ᠢᠨᠲ᠋ᠧᠷ ᠰᠦᠯᠵᠢᠶ᠎ᠡ +︾ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠦᠢᠯᠡᠴᠢᠯᠡᠭᠡ ᠶᠢ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠳᠤ ᠣᠷᠣᠭᠤᠯᠵᠤ᠂ ᠰᠦᠯᠵᠢᠶᠡᠨ ᠳᠤ ᠪᠠ | ᠰᠦᠯᠵᠢᠶᠡᠨ ᠭᠠᠳᠠᠨ᠎ᠠ ᠡᠷᠬᠡ ᠲᠡᠭᠰᠢ ᠪᠠᠷ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠬᠤᠶᠠᠷ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠭᠤᠯᠤᠭᠳᠠᠬᠤᠨ ᠤ | ᠬᠥᠭᠵᠢᠯᠲᠡ ᠶᠢ ᠳᠡᠮᠵᠢᠨ᠎ᠡ | ︵ᠨᠢᠭᠡ︶ ᠲᠣᠬᠢᠷᠠᠬᠤ ᠬᠢᠲᠠᠳ ᠡᠮ ︵ᠮᠣᠩᠭᠤᠯ ᠡᠮ︶ ᠢ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ | ᠬᠡᠪᠴᠢᠶᠡᠨ ᠳᠤ ᠣᠷᠣᠭᠤᠯᠤᠨ᠎ᠠ᠃ ᠤᠯᠤᠰ ᠠᠴᠠ ᠲᠣᠭᠲᠠᠭᠠᠭᠰᠠᠨ ᠲᠣᠬᠢᠷᠠᠭᠤᠯᠬᠤ ᠡᠷᠬᠡ ᠮᠡᠳᠡᠯ ᠪᠠ ᠳᠡᠰ ᠳᠠᠷᠠᠭᠠᠯᠠᠯ | ᠶᠣᠰᠣᠭᠠᠷ᠂ ᠨᠥᠬᠦᠴᠡᠯ ᠳᠤ ᠨᠡᠶᠢᠴᠡᠭᠰᠡᠨ ᠮᠣᠩᠭᠤᠯ ᠪᠡᠯᠡᠨ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠲᠠ᠂ | ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ᠎ᠠ᠃ ᠤᠯᠤᠰ ᠠᠴᠠ ᠬᠡᠯᠡᠯᠴᠡᠭᠡ ᠬᠢᠬᠦ ᠪᠠᠷ ᠳᠠᠮᠵᠢᠨ ᠡᠮᠴᠢᠯᠡᠭᠡᠨ ᠤ ᠪᠠᠲᠤᠯᠠᠭ᠎ᠠ ᠶᠢᠨ | ᠭᠠᠷᠴᠠᠭ ᠲᠤ ᠣᠷᠣᠭᠤᠯᠤᠭᠰᠠᠨ ᠬᠢᠲᠠᠳ ᠪᠡᠯᠡᠨ ᠡᠮ ᠤᠨ ᠲᠣᠬᠢᠷᠠᠭᠤᠯᠤᠯᠲᠠ ᠶᠢ ᠬᠢᠨᠠᠨ ᠪᠠᠶᠢᠴᠠᠭᠠᠵᠤ ᠦᠨᠡᠯᠡᠨ | ᠵᠢᠱᠢᠬᠦ ᠳᠤ ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠵᠦᠪᠰᠢᠶᠡᠷᠡᠭᠦᠯᠵᠦ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ ᠲᠣᠬᠢᠷᠠᠭᠤᠯᠤᠨ ᠬᠡᠷᠡᠭᠯᠡᠭᠰᠡᠨ ᠬᠢᠲᠠᠳ ᠡᠮ | ︵ᠮᠣᠩᠭᠤᠯ ᠡᠮ︶ ᠤᠨ ᠡᠮᠨᠡᠯᠭᠡ ᠶᠢᠨ ᠬᠤᠷᠢᠶ᠎ᠠ ᠶᠢᠨ ᠨᠠᠶᠢᠷᠠᠯᠲᠠ ᠶᠢ ᠨᠢᠭᠲᠠᠷᠠᠭᠰᠠᠨ ᠬᠡᠯᠪᠡᠷᠢᠲᠦ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠬᠤᠭᠤᠷᠣᠨᠳᠣ ᠪᠠᠨ ᠲᠣᠬᠢᠷᠠᠭᠤᠯᠤᠨ ᠬᠡᠷᠡᠭᠯᠡᠬᠦ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ | ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ | ︵ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠲᠡᠶᠢᠰᠢ ᠬᠡᠯᠪᠠᠶᠢᠯᠭᠡᠬᠦ ᠡᠷᠴᠢᠮ ᠢ ᠴᠢᠩᠭᠠᠷᠠᠭᠤᠯᠤᠨ᠎ᠠ᠃ | ᠡᠮᠴᠢᠯᠡᠭᠡᠨ ᠤ ᠲᠤᠰᠠ ᠪᠠᠷ ᠣᠨᠣᠪᠴᠢᠲᠠᠶ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠤᠨ | ᠳᠠᠪᠠᠭᠤᠯᠢᠭ ᠢ ᠢᠯᠡᠷᠡᠭᠦᠯᠦᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠳᠤ ᠳᠣᠭᠢᠷᠠᠬᠤ ᠮᠡᠷᠭᠡᠵᠢᠯ ᠢ | ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠵᠢᠷᠤᠮᠵᠢᠭᠤᠯᠵᠤ᠂ ᠡᠮᠴᠢᠯᠡᠭᠡᠨ ᠤ | ᠪᠠᠲᠤᠯᠠᠭ᠎ᠠ ᠶᠢᠨ ᠲᠣᠭᠠᠴᠠᠭ᠎ᠠ ᠬᠢᠬᠦ ᠳᠤ ᠵᠦᠶ ᠵᠣᠬᠢᠰ ᠥᠬᠡᠶ ᠬᠢᠵᠠᠭᠠᠷᠯᠠᠯ ᠭᠠᠷᠭᠠᠵᠤ ᠪᠣᠯᠬᠤ ᠥᠬᠡᠶ᠃ | ︵ᠭᠤᠷᠪᠠ︶ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠶᠠᠪᠤᠴᠠ ᠳᠠᠬᠢ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠵᠢᠭ ᠤᠨ | ᠪᠠᠶᠢᠳᠠᠯ ᠢ ᠣᠨᠣᠰᠢᠯᠠᠨ ᠡᠮᠨᠡᠬᠦ ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠵᠠᠷᠤᠳᠠᠯ ᠢ ᠲᠣᠭᠲᠠᠭᠠᠯ ᠶᠣᠰᠣᠭᠠᠷ ᠲᠦᠷ ᠴᠠᠭ ᠡᠮᠴᠢᠯᠡᠭᠡᠨ ᠤ ᠪᠠᠲᠤᠯᠠᠭ᠎ᠠ ᠤᠨ ᠲᠣᠭᠠᠴᠠᠭ᠎ᠠ ᠬᠢᠬᠦ ᠬᠡᠪᠴᠢᠶᠡᠨ ᠳᠤ | ᠣᠷᠣᠭᠤᠯᠤᠨ᠎ᠠ᠃ | ᠭᠤᠷᠪᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ | ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | ︵ᠨᠢᠭᠡ︶ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ | ᠣᠳᠣ ᠶᠢᠨ ᠪᠠᠶᠢᠭ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨ᠎ᠡ ᠬᠠᠩᠰᠢ ᠶᠢᠨ ᠲᠥᠷᠥᠯ | ᠵᠦᠢᠯ ᠢ ᠰᠢᠯᠢᠳᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨ᠎ᠡ ᠬᠠᠩᠰᠢ ᠶᠢᠨ ᠲᠥᠷᠥᠯ | ᠵᠦᠢᠯ ᠢ ᠪᠠᠶᠠᠯᠢᠭᠵᠢᠭᠤᠯᠤᠨ᠎ᠠ᠃ ᠡᠷᠲᠡᠨ ᠤ ᠰᠣᠩᠭᠤᠳᠠᠭ ᠪᠦᠲᠦᠭᠡᠯ ᠠᠴᠠ ᠢᠷᠡᠯᠲᠡ ᠲᠠᠢ᠂ ᠣᠳᠣ ᠪᠣᠯᠲᠠᠯ᠎ᠠ ᠮᠥᠨ | ᠬᠦ ᠥᠷᠭᠡᠨ ᠢᠶᠠᠷ ᠬᠡᠷᠡᠭᠯᠡᠭᠳᠡᠭᠰᠡᠭᠡᠷ ᠪᠠᠶᠢᠭ᠎ᠠ᠂ ᠡᠮᠴᠢᠯᠡᠭᠡᠨ ᠤ ᠲᠤᠰᠠ ᠪᠠᠷ ᠣᠨᠣᠪᠴᠢᠲᠠᠶ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠨᠠᠷᠲᠠᠶ᠂ ᠠᠵᠤ ᠠᠬᠤᠶ ᠶᠢᠨ | ᠴᠢᠨᠠᠷᠲᠠᠢ ᠳᠠᠪᠠᠭᠤᠯᠢᠭ ᠲᠣᠪᠤᠶᠢᠮ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠮᠡᠷᠭᠡᠵᠢᠯ ᠳᠤ | ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠢ ᠬᠢᠨᠠᠨ ᠪᠠᠶᠢᠴᠠᠭᠠᠬᠤ ᠳᠡᠰ ᠳᠠᠷᠠᠭᠠᠯᠠᠯ ᠢ | ᠳᠥᠭᠦᠮᠴᠢᠯᠡᠵᠦ᠂ ᠰᠠᠭᠠᠳ ᠦᠭᠡᠶ ᠨᠡᠪᠲᠡᠷᠡᠬᠦ ᠵᠠᠮ ᠢ ᠨᠡᠭᠡᠭᠡᠨ᠎ᠡ᠃ | ︵ᠬᠤᠶᠠᠷ︶ ᠠᠮᠢᠳᠤᠯᠢᠭ ᠪᠥᠭᠡᠳ ᠬᠡᠮᠵᠢᠶ᠎ᠡ ᠲᠠᠢ ᠦᠨ᠎ᠡ ᠬᠠᠩᠰᠢ ᠶᠢ ᠬᠥᠳᠡᠯᠦᠩᠭᠦᠶ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨ᠎ᠡ ᠬᠠᠩᠰᠢ ᠶᠢᠨ ᠲᠣᠬᠢᠷᠠᠭᠤᠯᠤᠯᠲᠠ ᠪᠠ ᠦᠨᠡᠯᠡᠨ | ᠵᠢᠱᠢᠯᠲᠡ ᠶᠢ ᠳᠠᠷᠤᠢ ᠳᠤ ᠨᠢ ᠥᠷᠨᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ | ᠲᠣᠬᠢᠷᠠᠭᠤᠯᠬᠤ ᠶᠠᠪᠤᠴᠠ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠦᠢᠯᠡᠴᠢᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ ᠪᠣᠳᠣᠯᠬᠢᠯᠠᠵᠤ᠂ ᠴᠢᠳᠠᠮᠵᠢᠲᠦ ᠡᠮᠴᠢᠯᠡᠭᠡᠨ ᠤ ᠦᠷ᠎ᠡ | ᠪᠦᠲᠦᠮᠵᠢ ᠢᠯᠡᠷᠬᠡᠶ᠂ ᠡᠪᠡᠳᠴᠢᠲᠡᠨ ᠥᠷᠭᠡᠨ ᠢᠶᠠᠷ ᠭᠥᠯᠢᠶᠡᠨ ᠠᠪᠬᠤ᠂ ᠣᠨᠴᠠᠯᠢᠭ ᠤᠨ ᠳᠠᠪᠠᠭᠤᠯᠢᠭ ᠢᠶᠠᠷ | ᠲᠣᠪᠤᠶᠢᠮ᠎ᠠ᠂ ᠬᠥᠳᠡᠯᠮᠦᠷᠢ ᠦᠢᠯᠡᠴᠢᠯᠡᠭᠡᠨ ᠤ ᠦᠨ᠎ᠡ ᠥᠷᠲᠡᠭ ᠢ ᠢᠯᠡᠷᠡᠭᠦᠯᠦᠭᠰᠡᠨ᠂ ᠬᠡᠷᠡᠭᠯᠡᠭᠰᠡᠨ ᠲᠡᠦᠬᠡ ᠨᠢ ᠥᠨᠢ | ᠤᠳᠠᠭᠠᠨ᠂ ᠥᠪᠡᠷ ᠤᠨ ᠥᠷᠲᠡᠭ ᠪᠠ ᠦᠨ᠎ᠡ ᠬᠠᠩᠰᠢ ᠨᠢ ᠢᠯᠡᠳᠲᠡ ᠬᠡᠯᠲᠡᠭᠡᠶᠢᠳᠡᠭᠰᠡᠨ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠤᠷᠢᠳ ᠢᠶᠠᠷ ᠦᠨ᠎ᠡ | ᠲᠣᠬᠢᠷᠠᠭᠤᠯᠬᠤ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ | ︵ᠭᠤᠷᠪᠠ︶ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠥᠪᠡᠷᠲᠡᠭᠡᠨ ᠵᠠᠰᠠᠬᠤ | ᠣᠷᠣᠨ ᠤ ᠡᠮ ᠬᠤᠳᠠᠯᠳᠤᠨ ᠠᠪᠬᠤ ᠲᠠᠪᠴᠠᠩ ᠠᠴᠠ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠢ | ᠬᠤᠳᠠᠯᠳᠤᠨ ᠠᠪᠬᠤ ᠳᠤ ᠪᠠᠨ ᠪᠣᠳᠠᠲᠠᠶ ᠬᠤᠳᠠᠯᠳᠤᠨ ᠠᠪᠤᠭᠰᠠᠨ ᠦᠨ᠎ᠡ ᠬᠠᠩᠰᠢ ᠶᠢ ᠴᠢᠩᠭ᠎ᠠ ᠵᠢᠷᠤᠮᠯᠠᠨ 25 | % ᠠᠴᠠ ᠬᠡᠲᠦᠷᠡᠭᠦᠯᠵᠦ ᠪᠣᠯᠬᠤ ᠥᠬᠡᠶ᠃ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠢ ᠪᠣᠳᠠᠲᠠᠶ ᠬᠤᠳᠠᠯᠳᠤᠨ | ᠣᠷᠣᠭᠤᠯᠤᠭᠰᠠᠨ ᠦᠨ᠎ᠡ ᠬᠠᠩᠰᠢ ᠶᠢᠨ ︽ᠵᠥᠷᠢᠶ᠎ᠡ ᠥᠬᠡᠶ ᠨᠣᠷᠮ᠎ᠠ︾ ᠶᠢ ᠴᠢᠩᠭ᠎ᠠ ᠵᠢᠷᠤᠮᠯᠠᠨ ᠪᠣᠷᠣᠯᠠᠭᠤᠯᠤᠨ᠎ᠠ᠃ | ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠬᠤ ᠳᠤ ᠬᠡᠷᠡᠭᠯᠡᠬᠦ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ | ᠂ ᠨᠠᠶᠢᠷᠠᠭᠤᠯᠤᠭᠰᠠᠨ ᠬᠢᠲᠠᠳ ᠡᠮ ︵ᠮᠣᠩᠭᠤᠯ ᠡᠮ︶ ᠤᠨ ᠨᠠᠶᠢᠷᠠᠯᠲᠠ ᠳᠤ ᠡᠵᠡᠨ ᠮᠡᠳᠡᠨ ᠦᠨ᠎ᠡ ᠲᠣᠭᠲᠠᠭᠠᠬᠤ ᠶᠢ | ᠬᠡᠷᠡᠭᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠤᠭᠰᠠᠨ | ᠬᠢᠲᠠᠳ ᠡᠮ ᠤᠨᠨᠠᠶᠢᠷᠠᠯᠭᠠ ᠲᠠᠢ ᠮᠥᠬᠦᠯᠢᠭᠲᠦ ᠡᠮ ᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ | ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠤ ᠠᠷᠠᠯᠵᠢᠶᠠᠯᠠᠵᠤ᠂ | ᠠᠷᠠᠯᠵᠢᠶ᠎ᠠ ᠶᠢᠨ ᠢᠯᠡ ᠲᠣᠳᠣ ᠪᠠᠶᠢᠬᠤ ᠶᠢ ᠠᠬᠢᠭᠤᠯᠤᠨ᠎ᠠ᠃ | ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠳᠣᠭᠢᠷᠬᠠᠰᠠᠨ | ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ | ︵ᠨᠢᠭᠡ︶ ᠡᠮᠴᠢᠯᠡᠭᠡᠨ ᠤ ᠪᠠᠲᠤᠯᠠᠭ᠎ᠠ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢ | ᠴᠢᠩᠭᠠᠳᠬᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠣᠨᠴᠠᠯᠢᠭ ᠢ ᠦᠨᠳᠦᠰᠦᠯᠡᠨ ᠶᠡᠷᠦᠩᠬᠡᠶ ᠲᠤᠭ᠎ᠠ ᠶᠢᠨ ᠭᠦᠢᠴᠡᠳᠭᠡᠯ ᠲᠤᠭ᠎ᠠ ᠶᠢ ᠵᠦᠶ ᠵᠣᠬᠢᠰᠲᠠᠶ ᠲᠣᠭᠲᠠᠭᠠᠵᠤ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠦᠢᠯᠡᠴᠢᠯᠡᠭᠡᠨ ᠢ ᠥᠷᠨᠢᠭᠦᠯᠬᠦ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠠᠴᠠ ᠲᠦᠷᠦᠭᠦᠯᠡᠨ ᠵᠣᠬᠢᠶᠠᠨ | ᠪᠠᠶᠢᠭᠤᠯᠤᠭᠰᠠᠨ ᠨᠢᠭᠲᠠᠷᠠᠭᠰᠠᠨ ᠬᠡᠯᠪᠡᠷᠢᠲᠦ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠲᠡᠶᠢᠰᠢ | ᠶᠡᠷᠦᠩᠬᠡᠶ ᠲᠤᠭ᠎ᠠ ᠶᠢᠨ ᠲᠥᠰᠦᠪ ᠤᠨ ᠲᠠᠯ᠎ᠠ ᠪᠠᠷ ᠵᠣᠬᠢᠰᠲᠠᠶ ᠬᠡᠯᠪᠠᠶᠢᠯᠭᠡᠨ᠎ᠡ᠃ | ︵ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ᠶᠢᠨ ᠲᠣᠬᠢᠷᠠᠭᠤᠯᠤᠯᠲᠠ ᠶᠣᠰᠣᠭᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠡᠪᠡᠳᠴᠢᠨ ᠤ ᠵᠦᠢᠯ ᠢ ᠡᠪᠡᠳᠴᠢᠨ ᠤ ᠵᠦᠢᠯ ᠤᠨ ᠬᠤᠪᠢ ᠶᠢᠨ ᠥᠷᠲᠡᠭ ︵DIP︶ ᠵᠢᠴᠢ ᠡᠪᠡᠳᠴᠢᠨ | ᠡᠮᠭᠡᠭ ᠢ ᠣᠨᠣᠰᠢᠯᠠᠭᠰᠠᠨ ᠬᠠᠮᠢᠶ᠎ᠠ ᠪᠥᠬᠦᠶ ᠳᠤᠭᠤᠶᠢᠯᠠᠩ ︵DRG︶ ᠢᠶᠠᠷ ᠵᠠᠷᠤᠳᠠᠯ ᠲᠤᠰᠢᠶᠠᠬᠤ | ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠪᠡᠳᠴᠢᠨ ᠤ ᠵᠦᠢᠯ ᠤᠨ ᠬᠤᠪᠢ ᠶᠢᠨ ᠥᠷᠲᠡᠭ ᠢ ᠵᠦᠶ ᠵᠣᠬᠢᠰᠲᠠᠶ ᠲᠣᠭᠲᠠᠭᠠᠨ᠂ ᠬᠥᠳᠡᠯᠦᠩᠭᠦᠶ ᠪᠠᠷ | ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠵᠦᠢᠯ ᠤᠨ | ᠢᠯᠡᠳᠬᠡᠮᠵᠢ ᠶᠢ ᠵᠣᠬᠢᠰᠲᠠᠶ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠣᠨᠴᠠᠯᠢᠭ ᠪᠠ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠳᠠᠪᠠᠭᠤᠯᠢᠭ ᠡᠪᠡᠳᠴᠢᠨ ᠤ ᠲᠥᠷᠥᠯ ᠢ ᠰᠢᠯᠢᠨ ᠰᠣᠩᠭᠤᠵᠤ᠂ ᠧᠦ᠋ᠷᠣᠫᠠ ᠡᠮᠨᠡᠯᠭᠡ ᠶᠢᠨ | ᠡᠪᠡᠳᠴᠢᠨ ᠤ ᠲᠥᠷᠥᠯ ᠯᠦᠭᠡ ︽ᠠᠳᠠᠯᠢ ᠡᠪᠡᠳᠴᠢᠨ ᠳᠤ ᠠᠳᠠᠯᠢ ᠦᠷ᠎ᠡ ᠪᠦᠲᠦᠮᠵᠢ ᠲᠠᠢ ᠪᠠᠶᠢᠯᠭᠠᠬᠤ︾ ᠶᠢ | ᠬᠡᠷᠡᠭᠵᠢᠭᠦᠯᠦᠨ᠎ᠡ᠃ ᠡᠷᠡᠭᠦᠯᠵᠢᠭᠦᠯᠬᠦ ᠡᠮᠴᠢᠯᠡᠭᠡ᠂ ᠠᠮᠤᠷ ᠲᠠᠶᠢᠪᠤᠩ ᠰᠤᠪᠢᠯᠠᠯᠲᠠ ᠵᠡᠷᠭᠡ ᠤᠷᠲᠤ ᠬᠤᠭᠤᠴᠠᠭ᠎ᠠ ᠪᠠᠷ | ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ | ᠡᠪᠡᠳᠴᠢᠨ ᠤ ᠲᠥᠷᠥᠯ ᠳᠤ ᠣᠷᠣ ᠶᠢᠨ ᠵᠠᠷᠤᠳᠠᠯ ᠢ ᠡᠳᠦᠷ ᠢᠶᠠᠷ ᠲᠤᠰᠢᠶᠠᠵᠤ ᠪᠣᠯᠤᠨ᠎ᠠ᠃ ᠤᠯᠤᠰ ᠪᠠ ᠥᠪᠡᠷᠲᠡᠭᠡᠨ | ᠵᠠᠰᠠᠬᠤ ᠣᠷᠣᠨ ᠠᠴᠠ ᠲᠣᠭᠲᠠᠭᠠᠭᠰᠠᠨ ᠡᠳᠦᠷ ᠤᠨ ᠡᠪᠡᠳᠴᠢᠨ ᠤ ᠥᠷᠥᠭᠡ ᠪᠠ ᠡᠪᠡᠳᠴᠢᠨ ᠤ ᠵᠦᠢᠯ ᠤᠨ | ᠭᠠᠷᠴᠠᠭ ᠲᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠵᠦᠢᠯ ᠳᠤ ᠡᠳᠦᠷ | ᠪᠦᠷᠢ ᠶᠢᠨ ᠡᠪᠡᠳᠴᠢᠨ ᠤ ᠥᠷᠥᠭᠡ ᠶᠢᠨ ᠵᠠᠷᠤᠳᠠᠯ ᠢ ᠡᠪᠡᠳᠴᠢᠨ ᠤ ᠵᠦᠢᠯ ᠢᠶᠠᠷ ᠲᠤᠰᠢᠶᠠᠵᠤ᠂ ᠵᠠᠷᠤᠳᠠᠯ ᠲᠤᠰᠢᠶᠠᠬᠤ | ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ | ︵ᠭᠤᠷᠪᠠ︶ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠨ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠳᠠᠮᠵᠢᠨ᠎ᠠ᠃ ᠴᠡᠭ ᠳᠣᠭᠲᠠᠭᠠᠭᠰᠠᠨ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠣᠨᠣᠰᠢᠯᠠᠨ ᠡᠮᠨᠡᠬᠦ ᠬᠡᠪᠴᠢᠶᠡᠨ ᠳᠤ ᠪᠠᠨ | ᠡᠮᠴᠢᠯᠡᠭᠡᠨ ᠤ ᠪᠠᠲᠤᠯᠠᠭ᠎ᠠ ᠶᠢᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢ ᠣᠨᠣᠰᠢᠯᠠᠨ ᠡᠮᠨᠡᠬᠦ ᠶᠢ | ᠡᠭᠦᠷᠭᠡᠯᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠢ | ᠰᠡᠷᠭᠡᠶᠢᠯᠡᠨ ᠵᠠᠰᠠᠬᠤ ᠳᠤ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠤᠨ᠎ᠠ᠃ | ᠨᠥᠬᠦᠴᠡᠯ ᠳᠤ ᠨᠡᠶᠢᠴᠡᠭᠰᠡᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠥᠷᠨᠢᠭᠦᠯᠵᠦ᠂ ᠭᠡᠷ ᠪᠦᠯᠢ ᠶᠢᠨ ᠡᠮᠴᠢ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠡᠮᠴᠢ ᠪᠣᠯᠤᠨ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠨᠡᠯᠭᠡ ᠶᠢᠨ ᠭᠠᠵᠠᠷ ᠠᠴᠠ ᠪᠦᠯᠬᠦᠮ ᠵᠣᠬᠢᠶᠠᠨ ᠪᠠᠶᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠳᠣᠭᠲᠠᠭᠰᠠᠨ | ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ | ᠬᠡᠯᠡᠯᠴᠡᠭᠡᠷ ᠤᠨ ᠬᠠᠮᠢᠶᠠᠷᠤᠯᠲᠠ ᠶᠢ ᠴᠢᠩᠭᠠᠳᠬᠠᠵᠤ᠂ ᠳ᠋ᠦᠩᠨᠡᠨ ᠪᠤᠳᠤᠬᠤ ᠠᠷᠭ᠎ᠠ ᠶᠢ ᠲᠡᠭᠦᠯᠳᠡᠷᠵᠢᠭᠦᠯᠵᠦ᠂ | ᠠᠵᠢᠯ ᠤᠨ ᠬᠢᠷᠢ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠵᠤ᠂ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠶᠢ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠲᠣᠬᠢᠷᠠᠮᠵᠢᠲᠠᠶ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ︵ᠳᠥᠷᠪᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ | ᠲᠦᠷᠦᠭᠦᠯᠡᠨ ᠵᠣᠬᠢᠶᠠᠨ ᠪᠠᠶᠢᠭᠤᠯᠤᠭᠰᠠᠨ ᠨᠢᠭᠲᠠᠷᠠᠭᠰᠠᠨ ᠬᠡᠯᠪᠡᠷᠢᠲᠦ ᠡᠮᠴᠢᠯᠡᠭᠡᠨ ᠤ ᠬᠤᠯᠪᠣᠭᠠᠲᠤ ᠴᠣᠭᠴᠠ ᠶᠢ | ᠪᠠᠶᠢᠭᠤᠯᠬᠤ ᠶᠢ ᠳᠡᠮᠵᠢᠨ᠎ᠡ᠃ ᠶᠡᠷᠦᠩᠬᠡᠶ ᠲᠤᠭ᠎ᠠ ᠪᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠵᠦ᠂ ᠬᠢᠨᠠᠯᠲᠠ ᠲᠠᠯᠪᠢᠵᠤ | ᠰᠢᠯᠭᠠᠨ ᠬᠢᠨᠠᠬᠤ ᠶᠢ ᠴᠢᠩᠭᠠᠳᠬᠠᠵᠤ᠂ ᠦᠯᠡᠳᠡᠪᠦᠷᠢ ᠶᠢ ᠦᠯᠡᠳᠡᠭᠡᠨ ᠬᠡᠷᠡᠭᠯᠡᠵᠦ᠂ ᠬᠡᠲᠦᠷᠡᠭᠰᠡᠨ ᠵᠠᠷᠤᠯᠭ᠎ᠠ ᠶᠢ ᠵᠦᠶ | ᠵᠣᠬᠢᠰᠲᠠᠶ ᠬᠤᠪᠢᠳᠠᠨ ᠡᠭᠦᠷᠭᠡᠯᠡᠵᠦ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ | ︵ᠨᠢᠭᠡ︶ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠢᠨᠠᠨ ᠬᠠᠮᠢᠶᠠᠷᠬᠤ | ᠪᠠᠶᠢᠩᠭᠤ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠡᠭ ᠳᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ︵ᠮᠣᠩᠭᠤᠯ ᠡᠮ︶ ᠢ ᠵᠢᠵᠢᠭᠯᠡᠨ ᠬᠤᠳᠠᠯᠳᠤᠬᠤ | ᠡᠮ ᠤᠨ ᠳᠡᠯᠭᠡᠭᠦᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠳᠠᠯ ᠤᠨ ᠬᠠᠮᠢᠶᠠᠷᠤᠯᠲᠠ ᠶᠢ | ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠨᠡᠬᠦ᠂ ᠡᠮᠨᠡᠯᠭᠡ ᠳᠤ | ᠰᠠᠭᠤᠯᠭᠠᠬᠤ᠂ ᠡᠮ ᠬᠤᠳᠠᠯᠳᠤᠨ ᠠᠪᠤᠭᠤᠯᠬᠤ᠂ ᠬᠤᠳᠠᠯ ᠬᠠᠭᠤᠷᠮᠠᠭ ᠢᠶᠠᠷ ᠣᠨᠣᠰᠢᠯᠠᠨ ᠡᠮᠨᠡᠬᠦ ᠲᠥᠰᠦᠯ ᠭᠠᠷᠭᠠᠬᠤ | ᠵᠡᠷᠭᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠶᠢ ᠰᠡᠷᠭᠡᠶᠢᠯᠡᠨ᠎ᠡ᠃ | ᠡᠮᠴᠢᠯᠡᠭᠡᠨ ᠤ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ᠂ ᠲᠤᠬᠠᠶ ᠶᠢᠨ ᠭᠠᠵᠠᠷ ᠲᠤ ᠨᠢ ᠪᠠᠶᠢᠴᠠᠭᠠᠬᠤ ᠵᠡᠷᠭᠡ | ᠣᠯᠠᠨ ᠵᠦᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ ᠴᠡᠭ ᠳᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠪᠠᠶᠢᠭᠤᠯᠤᠮᠵᠢ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠴᠡᠭ | ᠳᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠶᠢᠭᠤᠯᠤᠮᠵᠢ ᠶᠢᠨ ᠰᠠᠭᠤᠷᠢ ᠮᠥᠩᠭᠦ | ᠬᠡᠷᠡᠭᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢ ᠵᠦᠶ ᠵᠣᠬᠢᠰᠲᠠᠶ ᠬᠡᠷᠡᠭᠯᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ | ︶ ᠶᠢᠨ ᠣᠨᠣᠰᠢᠯᠠᠨ ᠡᠮᠨᠡᠬᠦ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠬᠤᠶᠠᠷ︶ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ ᠴᠢᠭᠯᠡᠭᠦᠯᠦᠨ᠂ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠪᠠ ᠬᠢᠲᠠᠳ ᠡᠮ ᠡᠮᠨᠡᠯᠭᠡ ᠶᠢᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠠᠷᠢᠯᠴᠠᠨ ᠬᠠᠮᠵᠢᠵᠤ᠂ ᠬᠠᠮᠵᠢᠯᠴᠠᠵᠤ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ | ᠳᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠦᠨ᠎ᠡ᠃ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ | ᠳ᠋ᠦᠩ ᠢ ᠬᠠᠮᠲᠤᠷᠠᠨ ᠬᠡᠷᠡᠭᠵᠢᠭᠦᠯᠬᠦ ᠶᠢ ᠠᠬᠢᠭᠤᠯᠵᠤ᠂ ᠰᠠᠯᠠᠭ᠎ᠠ ᠮᠥᠴᠢᠷ ᠤᠨ ᠬᠢᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠨ ᠪᠠᠶᠢᠴᠠᠭᠠᠬᠤ ᠶᠢ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ | ᠬᠠᠮ ᠬᠦᠴᠦᠨ ᠢ ᠪᠦᠷᠢᠯᠳᠦᠭᠦᠯᠵᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠪᠦᠲᠦᠮᠵᠢᠲᠡᠶ ᠵᠣᠯᠭᠠᠭᠤᠯᠬᠤ ᠶᠢ | ᠴᠢᠩᠭᠠᠳᠬᠠᠨ᠎ᠠ᠃ | ᠡᠯ᠎ᠡ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ᠂ ᠬᠢᠲᠠᠳ ᠡᠮ ᠡᠮᠨᠡᠯᠭᠡ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ ᠪᠠᠲᠤᠯᠠᠭ᠎ᠠ ᠶᠢᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠬᠤᠯᠪᠣᠭᠳᠠᠯ ᠪᠥᠬᠦᠶ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠶᠢ ᠰᠠᠶᠢᠲᠤᠷ ᠬᠢᠵᠦ᠂ ᠲᠣᠰ ᠭᠠᠵᠠᠷ ᠣᠷᠣᠨ ᠤ | ᠪᠣᠳᠠᠲᠠᠶ ᠲᠠᠢ ᠤᠶᠠᠯᠳᠤᠭᠤᠯᠤᠨ ᠡᠮᠴᠢᠯᠡᠭᠡᠨ ᠤ ᠪᠠᠲᠤᠯᠠᠭ᠎ᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2022 ᠣᠨ ᠤ 5 ᠰᠠᠷ᠎ᠠ ᠶᠢᠨ 31 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |