ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠬᠠᠮᠢᠶᠠᠷᠬᠤ ᠭᠠᠷᠲᠠᠨ ᠭᠦᠢᠴᠡᠳᠭᠡᠬᠦ ᠶᠢᠨ ᠬᠡᠷᠡᠭᠵᠢᠭᠦᠯᠬᠦ ᠨᠠᠷᠢᠨ ᠲᠦᠷᠢᠮ ︵ᠰᠠᠨᠠᠯ ᠬᠤᠷᠢᠶᠠᠬᠤ ᠨᠤᠤᠷᠠᠭ︶︾ ᠤᠨ ᠭᠡᠷᠡᠴᠢᠯᠡᠯᠲᠡ ᠰᠣᠨᠣᠰᠬᠤ ᠬᠤᠷᠠᠯ ᠢ ᠬᠤᠷᠠᠯᠳᠤᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2022/6/9

   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ

ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠶᠢ ᠦᠨᠳᠦᠰᠦᠯᠡᠨ᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2022 ᠣᠨ ᠤ 6

ᠳ᠋ᠤᠭᠠᠷ ᠰᠠᠷ᠎ᠠ ᠶᠢᠨ 15 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ

ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠬᠤ ᠭᠠᠷᠲᠠᠨ ᠭᠦᠢᠴᠡᠳᠭᠡᠬᠦ ᠶᠢᠨ ᠬᠡᠷᠡᠭᠵᠢᠭᠦᠯᠬᠦ ᠨᠠᠷᠢᠨ ᠲᠦᠷᠢᠮ

︵ᠰᠠᠨᠠᠯ ᠬᠤᠷᠢᠶᠠᠬᠤ ᠨᠤᠤᠷᠠᠭ︶︾ ᠤᠨ ᠲᠤᠬᠠᠶ ᠭᠡᠷᠡᠴᠢᠯᠡᠯᠲᠡ ᠰᠣᠨᠣᠰᠬᠤ ᠬᠤᠷᠠᠯ ᠢ ᠬᠤᠷᠠᠯᠳᠤᠭᠤᠯᠬᠤ ᠪᠠᠷ

ᠪᠠᠶᠢᠨ᠎ᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠠᠯᠪᠠᠨ ᠵᠠᠷᠯᠠᠯ ᠢᠶᠠᠷ ᠨᠡᠶᠢᠲᠡᠯᠡᠶ᠎ᠡ᠄

  ᠨᠢᠭᠡ᠂ ᠣᠷᠣᠯᠴᠠᠬᠤ ᠡᠲᠡᠭᠡᠳ

  ᠭᠡᠷᠡᠴᠢᠯᠡᠯᠲᠡ ᠰᠣᠨᠣᠰᠬᠤ ᠬᠤᠷᠠᠯ ᠳᠤ ᠣᠷᠣᠯᠴᠠᠭᠰᠠᠳ 15 ᠬᠥᠮᠦᠨ ᠪᠠᠶᠢᠵᠤ᠂ ᠡᠭᠦᠨ ᠳᠤ᠄ ᠠᠷᠠᠳ ᠤᠨ

ᠲᠥᠯᠥᠭᠡᠯᠡᠭᠴᠢ 1 ᠬᠥᠮᠦᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 1 ᠬᠥᠮᠦᠨ᠂ ᠠᠨᠠᠭᠠᠬᠤ ᠤᠬᠠᠭᠠᠨ ᠤ

ᠲᠤᠰᠬᠠᠶ ᠮᠡᠷᠭᠡᠵᠢᠯᠲᠡᠨ 1 ᠬᠥᠮᠦᠨ᠂ ᠣᠯᠠᠨ ᠲᠦᠮᠡᠨ ᠤ ᠲᠥᠯᠥᠭᠡᠯᠡᠭᠴᠢ 6 ᠬᠥᠮᠦᠨ᠂ ᠡᠮᠴᠢᠯᠡᠭᠡᠨ ᠤ

ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠲᠥᠯᠥᠭᠡᠯᠡᠭᠴᠢ 2 ᠬᠥᠮᠦᠨ ︵ᠬᠥᠬᠡᠬᠤᠲᠠ 2 ᠬᠥᠮᠦᠨ

︶᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ

ᠲᠠᠰᠤᠭ ᠤᠨ ᠠᠵᠢᠯᠲᠠᠨ 4 ᠬᠥᠮᠦᠨ ᠪᠣᠶ᠃

  ᠬᠤᠶᠠᠷ᠂ ᠪᠣᠢ ᠪᠣᠯᠭᠠᠬᠤ ᠠᠷᠭ᠎ᠠ ᠮᠠᠶ᠋ᠢᠭ

 ︵ᠨᠢᠭᠡ︶ ᠭᠡᠷᠡᠴᠢᠯᠡᠯᠲᠡ ᠰᠣᠨᠣᠰᠬᠤ ᠬᠤᠷᠠᠯ ᠤᠨ ᠣᠯᠠᠨ ᠲᠦᠮᠡᠨ ᠵᠢᠴᠢ ᠪᠠᠶᠢᠭᠤᠯᠤᠮᠵᠢ ᠶᠢᠨ ᠲᠥᠯᠥᠭᠡᠯᠡᠭᠴᠢᠳ

ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠠᠪᠴᠤ᠂ ᠨᠡᠷ᠎ᠡ ᠮᠡᠳᠡᠭᠦᠯᠦᠭᠰᠡᠨ ᠡᠮᠦᠨ᠎ᠡ ᠬᠤᠶᠢᠨᠠᠬᠢ

ᠳᠡᠰ ᠳᠠᠷᠠᠭᠠᠯᠠᠯ ᠢᠶᠠᠷ ᠪᠣᠶ ᠪᠣᠯᠭᠠᠨ᠎ᠠ᠂ ᠨᠡᠷ᠎ᠡ ᠮᠡᠳᠡᠭᠦᠯᠬᠦ ᠬᠥᠮᠦᠰ ᠳᠤᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ

ᠬᠡᠷᠡᠭᠲᠡᠶ᠄

  1 . ᠪᠦᠬᠦᠯᠢ 18 ᠨᠠᠰᠤ ᠬᠦᠷᠦᠭᠰᠡᠨ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ

ᠪᠠᠶᠢᠬᠤ︔

  2 . ᠴᠢᠬᠤᠯᠠ ᠪᠥᠬᠦᠶ ᠬᠤᠪᠢ ᠬᠥᠮᠦᠨ ᠤ ᠮᠡᠳᠡᠭᠡ ᠵᠠᠩᠭᠢ ︵ᠣᠪᠣᠭ ᠨᠡᠷ᠎ᠡ᠂ ᠬᠦᠢᠰᠦ ᠢᠯᠭᠠᠯ᠂ ᠪᠡᠶ᠎ᠡ ᠶᠢᠨ

ᠭᠠᠷᠤᠯ ᠵᠡᠷᠭᠡ ᠶᠢ ᠪᠠᠭᠲᠠᠭᠠᠨ᠎ᠠ︶ ᠶᠢ ᠢᠯᠡ ᠪᠣᠯᠭᠠᠬᠤ ᠶᠢ ᠵᠦᠪᠰᠢᠶᠡᠷᠡᠭᠰᠡᠨ ᠪᠠᠶᠢᠬᠤ︔

  3 . ᠵᠣᠬᠢᠬᠤ ᠬᠡᠮᠵᠢᠶᠡᠨ ᠤ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠵᠠᠳᠠᠯᠬᠤ ᠪᠠ ᠦᠭᠡ ᠬᠡᠯᠡ

ᠦᠰᠦᠭ ᠪᠢᠴᠢᠭ ᠢᠶᠠᠷ ᠢᠯᠡᠳᠬᠡᠬᠦ ᠴᠢᠳᠠᠪᠤᠷᠢ ᠲᠠᠢ ᠪᠠᠶᠢᠬᠤ︔

  4 . ᠰᠠᠨᠠᠯ ᠢᠶᠠᠨ ᠪᠤᠰᠤᠳᠴᠢ ᠪᠠᠷ ᠢᠯᠡᠳᠬᠡᠵᠦ ᠴᠢᠳᠠᠬᠤ ᠪᠥᠭᠡᠳ ᠲᠣᠭᠲᠠᠭᠰᠠᠨ ᠴᠠᠭ ᠲᠤ ᠪᠦᠬᠦ ᠶᠠᠪᠤᠴᠠ ᠳᠤ

ᠬᠤᠷᠠᠯ ᠳᠤ ᠣᠷᠣᠯᠴᠠᠵᠤ ᠴᠢᠳᠠᠬᠤ︔

  5 . ᠭᠡᠷᠡᠴᠢᠯᠡᠯᠲᠡ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠠ ᠠᠩᠬᠠᠷᠬᠤ ᠵᠦᠢᠯᠡᠰ ᠢ

ᠵᠢᠷᠤᠮᠯᠠᠨ ᠰᠠᠬᠢᠬᠤ ᠬᠡᠷᠡᠭᠲᠡᠢ᠃

  ︵ᠬᠤᠶᠠᠷ︶ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠨᠠᠭᠠᠬᠤ

ᠤᠬᠠᠭᠠᠨ ᠤ ᠲᠤᠰᠬᠠᠶ ᠮᠡᠷᠭᠡᠵᠢᠯᠲᠡᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ

ᠲᠣᠪᠴᠢᠶ᠎ᠠ ᠠᠴᠠ ᠤᠷᠢᠨ ᠣᠷᠣᠯᠴᠠᠭᠤᠯᠤᠨ᠎ᠠ᠃

 ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ

ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ

ᠭᠠᠵᠠᠷ ᠲᠠᠰᠤᠭ ᠤᠨ ᠠᠵᠢᠯᠲᠠᠨ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ

ᠲᠣᠪᠴᠢᠶ᠎ᠠ ᠠᠴᠠ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠨᠠᠶᠢᠳᠠᠵᠤ ᠪᠠᠲᠤᠯᠠᠨ

ᠲᠠᠨᠢᠯᠴᠠᠭᠤᠯᠵᠤ ᠪᠣᠶ ᠪᠣᠯᠭᠠᠬᠤ ᠪᠤᠶᠤ ᠤᠷᠢᠨ ᠬᠡᠷᠡᠭᠯᠡᠨ᠎ᠡ᠃

  ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ

  ᠣᠷᠣᠯᠴᠠᠬᠤ ᠰᠠᠨᠠᠭ᠎ᠠ ᠲᠠᠢ ᠬᠥᠮᠦᠰ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠪᠡᠶ᠎ᠡ ᠶᠢᠨ

ᠦᠨᠡᠮᠯᠡᠯ ᠤᠨ ᠰᠢᠷᠪᠢᠯᠲᠡ ᠪᠠ ︽ᠭᠡᠷᠡᠴᠢᠯᠡᠯᠲᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ

ᠬᠦᠰᠦᠨᠦᠭᠲᠦ︾ ᠪᠠᠨ ᠢᠮᠧᠯ ᠢᠶᠠᠷ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ

ᠢᠯᠡᠭᠡᠭᠡᠷᠡᠶ᠃

  ᠬᠠᠷᠢᠯᠴᠠᠬᠤ ᠬᠥᠮᠦᠨ᠄ ᠭᠦᠸᠧ ᠮᠢᠶᠣᠣ

  ᠬᠠᠷᠢᠯᠴᠠᠬᠤ ᠤᠲᠠᠰᠤ᠄ 6606155

  ᠹᠠᠺᠰ᠄ 0471 - 6606125

  ᠢᠮᠧᠯ᠄ 31779363@qq.com

  ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ

ᠲᠣᠪᠴᠢᠶ᠎ᠠ ᠶᠢᠨ ᠵᠢᠷᠭᠤᠳᠤᠭᠠᠷ ᠳᠠᠪᠬᠤᠷᠭ᠎ᠠ ᠶᠢᠨ ᠬᠤᠷᠠᠯ ᠤᠨ ᠬᠡᠷ ︵ᠬᠥᠬᠡᠬᠤᠲᠠ ᠶᠢᠨ ᠰᠢᠨᠬᠤᠸᠠ ᠶᠡᠭᠡ

ᠵᠡᠭᠡᠯᠢ ᠶᠢᠨ 53 ᠳ᠋ᠤᠭᠠᠷ ᠨᠣᠮᠧᠷ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠥᠪᠥᠷ

ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 613 ᠳ᠋ᠤᠭᠠᠷ ᠥᠷᠦᠭᠡ︶

 ᠳᠠᠭᠠᠯᠳᠤᠭᠤᠯᠤᠯ᠄ ᠭᠡᠷᠡᠴᠢᠯᠡᠯᠲᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ

   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ

        2022 ᠣᠨ ᠤ 6 ᠰᠠᠷ᠎ᠠ ᠶᠢᠨ 6 ᠤ ᠡᠳᠦᠷ

  ᠳᠠᠭᠠᠯᠳᠤᠭᠤᠯᠤᠯ᠄ ᠭᠡᠷᠡᠴᠢᠯᠡᠯᠲᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ.

xlsx

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号