ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠠᠬᠢ ᠪᠠᠶᠢᠭᠤᠯᠭ᠎ᠠ ᠶᠢᠨ ᠰᠦᠢᠳᠭᠡᠯ ᠲᠤᠰᠢᠶᠠᠬᠤ ᠶᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ ᠤᠨ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2022/7/11
         ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ  ﹇2022﹈ 21 ᠳ᠋ᠦ᠋ᠭᠡᠷ ᠲᠣᠭᠠᠲᠤ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ᠄     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠶᠢᠨ  ᠲᠥᠯᠦᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠵᠦ᠂ ᠡᠳᠦᠭᠡ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ︵ᠳᠣᠷᠣᠭᠰᠢ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠪᠠᠶᠢᠭᠤᠯᠭ᠎ᠠ ᠶᠢᠨ ᠰᠦᠢᠳᠭᠡᠯ ᠲᠤᠰᠢᠶᠠᠬᠤ ᠶᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠬᠤᠯᠪᠣᠭᠳᠠᠯ ᠪᠥᠬᠦᠶ ᠠᠵᠢᠯ ᠢ ᠳᠤᠤᠷᠠᠬᠢ ᠮᠡᠲᠦ ᠮᠡᠳᠡᠭᠳᠡᠪᠡ᠃      ᠨᠢᠭᠡ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠶᠢᠨ ᠰᠦᠢᠳᠭᠡᠯ ᠲᠤᠰᠢᠶᠠᠬᠤ ᠬᠡᠰᠡᠭ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠶᠢ ᠳ᠋ᠦᠩᠨᠡᠨ ᠪᠣᠳᠤᠭᠰᠠᠨ ᠦᠯᠡᠳᠡᠪᠦᠷᠢ ᠶᠢᠨ ᠨᠡᠶᠢᠯᠡᠪᠦᠷᠢ ᠶᠢᠨ ᠲᠣᠭᠠᠴᠠᠭ᠎ᠠ ᠬᠢᠵᠦ ᠪᠣᠯᠬᠤ ᠰᠠᠷ᠎ᠠ ᠶᠢᠨ ᠲᠤᠭ᠎ᠠ ᠨᠢ 6 ᠰᠠᠷ᠎ᠠ ᠠᠴᠠ ᠢᠯᠡᠭᠦᠦ ᠪᠣᠯ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠠᠴᠠ 2022 ᠣᠨ ᠤ 7 ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠶᠢᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠵᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠠᠭᠰᠠᠨ ᠮᠥᠩᠭᠦ ᠬᠤᠷᠢᠶᠠᠬᠤ ᠥᠬᠡᠶ᠃ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠬᠤᠶᠠᠷ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠭᠦᠷᠲᠡᠬᠦ ᠶᠣᠰᠤᠲᠠᠢ ᠬᠠᠷᠠᠭᠠᠯᠵᠠᠯ ᠢ ᠪᠦᠷᠢᠨ ᠬᠦᠷᠲᠡᠭᠡᠬᠦ ᠶᠢ ᠦᠨᠡᠨ ᠬᠦ ᠪᠠᠲᠤᠯᠠᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠶᠢᠨ ᠰᠦᠢᠳᠭᠡᠯ ᠲᠤᠰᠢᠶᠠᠬᠤ ᠶᠢ ᠬᠤᠶᠢᠰᠢᠯᠠᠭᠤᠯᠤᠨ ᠲᠤᠰᠢᠶᠠᠬᠤ  ᠳᠤ ᠲᠣᠰ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠵᠦ ᠡᠮ ᠡᠮᠨᠡᠯᠭᠡ ᠶᠢᠨ ᠵᠠᠷᠤᠳᠠᠯ ᠤᠨ ᠡᠩ ᠤᠨ ᠲᠠᠩᠰᠠ ᠴᠠᠶᠢᠷᠠᠭᠤᠯᠬᠤ ᠶᠢ ᠨᠥᠯᠥᠭᠡᠯᠡᠬᠦ ᠥᠬᠡᠶ᠃ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ᠂ ᠬᠠᠮᠢᠶ᠎ᠠ ᠪᠦᠬᠦᠢ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤ ᠨᠢ ᠳᠠᠩᠰᠠ ᠴᠠᠶᠢᠷᠠᠭᠤᠯᠵᠤ᠂ ᠳᠠᠩᠰᠠ ᠴᠠᠶᠢᠷᠠᠭᠤᠯᠬᠤ ᠶᠣᠰᠣᠲᠠᠶ ᠶᠢ ᠪᠦᠬᠦᠨ ᠢ ᠳᠠᠩᠰᠠ ᠴᠠᠶᠢᠷᠠᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠠᠩᠰᠠ ᠴᠠᠶᠢᠷᠠᠭᠤᠯᠬᠤ ᠬᠢᠷᠢ ᠲᠦᠪᠰᠢᠨ ᠤ ᠲᠣᠭᠲᠠᠭᠤᠨ ᠪᠠᠶᠢᠬᠤ ᠶᠢ ᠦᠨᠡᠨ ᠬᠦ  ᠪᠠᠲᠤᠯᠠᠨ᠎ᠠ᠃      ᠭᠤᠷᠪᠠ᠂ ︽ᠭᠤᠶᠤᠴᠢᠯᠠᠬᠤ ᠶᠢ ᠬᠦᠴᠦᠨ ᠦᠭᠡᠢ ᠪᠣᠯᠭᠠᠵᠤ ᠳᠠᠷᠤᠶᠢᠬᠠᠨ ᠬᠤᠪᠢᠶᠠᠯᠴᠠᠨ ᠡᠳ᠋ᠯᠡᠬᠦ︾ ᠭᠠᠷᠲᠠᠨ ᠭᠦᠢᠴᠡᠳᠭᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠨᠥᠬᠦᠴᠡᠯ ᠳᠤ ᠨᠡᠶᠢᠴᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠬᠤᠶᠢᠰᠢᠯᠠᠭᠤᠯᠤᠨ ᠲᠤᠰᠢᠶᠠᠬᠤ ᠭᠤᠶᠤᠴᠢᠯᠠᠯ ᠭᠠᠷᠭᠠᠬᠤ ᠴᠢᠬᠤᠯᠠ ᠥᠬᠡᠶ ᠪᠣᠯ ᠳᠠᠷᠤᠢ ᠳᠤ ᠨᠢ ᠪᠠᠶᠢᠭᠤᠯᠭ᠎ᠠ ᠶᠢᠨ ᠰᠦᠢᠳᠭᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠡᠯ᠎ᠡ ᠭᠠᠵᠠᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠵᠢᠯᠯᠠᠬᠤ ᠶᠠᠪᠤᠴᠠ ᠶᠢ ᠲᠣᠳᠤᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠣᠳᠠᠲᠠᠶ ᠪᠠᠷᠢᠮᠵᠢᠶ᠎ᠠ ᠶᠢ ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠠᠵᠤ ᠮᠡᠳᠡᠭᠡ ᠶᠠᠮᠤᠨ ᠬᠠᠮᠲᠤᠷᠠᠭᠰᠠᠨ ᠠᠵᠤ ᠠᠬᠤᠶᠢᠯᠠᠯ ﹇2011﹈ 300 ᠳ᠋ᠤᠭᠠᠷ ᠲᠣᠭᠠᠲᠤ︶ ᠵᠡᠷᠭᠡ ᠬᠡᠯᠪᠡᠷᠢ ᠬᠤᠪᠢᠶᠠᠬᠤ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠤᠳᠤᠷᠢᠳᠤᠮᠵᠢ ᠳᠣᠣᠷ᠎ᠠ ᠡᠮᠴᠢᠯᠡᠭᠡᠨ ᠤ ᠪᠠᠲᠤᠯᠠᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠷᠡᠰ ᠢ ᠲᠣᠭᠲᠠᠭᠠᠨ᠎ᠠ᠃ ᠣᠳᠣ ᠶᠢᠨ ᠪᠠᠶᠢᠭ᠎ᠠ ᠲᠤᠭ᠎ᠠ ᠪᠠᠷᠢᠮᠲᠠ ᠪᠠᠷ ᠠᠵᠤ ᠠᠬᠤᠶᠢᠯᠠᠯ ᠤᠨ ᠲᠥᠷᠥᠯ ᠬᠡᠯᠪᠡᠷᠢ ᠶᠢ ᠲᠣᠭᠲᠠᠭᠠᠵᠤ ᠪᠣᠯᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠡᠯᠪᠡᠷᠢ ᠬᠤᠪᠢᠶᠠᠭᠰᠠᠨ ᠳ᠋ᠦᠩᠨᠡᠯᠲᠡ ᠶᠢ ᠰᠢᠭᠤᠳ ᠬᠡᠷᠡᠭᠯᠡᠨ᠎ᠡ︔ ᠣᠲᠣ ᠶᠢᠨ ᠪᠠᠶᠢᠭ᠎ᠠ ᠲᠤᠭ᠎ᠠ ᠪᠠᠷᠢᠮᠲᠠ ᠨᠢ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠪᠣᠯ ᠠᠵᠤ ᠠᠬᠤᠶᠢᠯᠠᠯ ᠠᠴᠠ ᠰᠦᠢᠳᠭᠡᠯ ᠲᠤᠰᠢᠶᠠᠬᠤ ᠶᠢ ᠬᠢᠨᠠᠨ ᠲᠣᠭᠲᠠᠭᠠᠭᠰᠠᠨ ᠰᠠᠯᠠᠭ᠎ᠠ ᠮᠥᠴᠢᠷ ᠲᠤ ᠪᠢᠴᠢᠭ ᠢᠶᠠᠷ ᠠᠮᠠᠯᠠᠯᠲᠠ ᠬᠢᠵᠦ ᠪᠣᠯᠤᠨ᠎ᠠ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠵᠠᠩᠭᠢᠯᠠᠭ᠎ᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠠᠵᠤ ᠠᠬᠤᠶᠢᠯᠠᠯ ᠤᠨ ᠠᠵᠢᠯ ᠶᠠᠪᠤᠳᠠᠯ ᠤᠨ ᠴᠢᠨᠠᠷᠲᠠᠶ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠬᠤᠪᠢ ᠬᠥᠮᠦᠨ ᠤ ᠡᠷᠬᠡ ᠠᠰᠢᠭ ᠤᠨ ᠲᠡᠮᠳᠡᠭᠯᠡᠯ ᠢ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠨᠥᠯᠥᠭᠡᠯᠡᠭᠳᠡᠬᠦ ᠦᠭᠡᠶ ᠪᠠᠶᠢᠬᠤ ᠶᠢ ᠦᠨᠡᠨ ᠬᠦ ᠪᠠᠲᠤᠯᠠᠨ᠎ᠠ᠃      ᠳᠥᠷᠪᠡ᠂ ᠬᠠᠮᠢᠶ᠎ᠠ ᠪᠦᠬᠦᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ  ᠦᠨᠡᠨ ᠬᠦ ᠰᠠᠶᠢᠲᠤᠷ ᠪᠠᠲᠤᠯᠠᠨ᠎ᠠ᠃ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠠᠵᠢᠯᠲᠠᠨ ᠠᠵᠢᠯᠴᠢᠨ ᠤ ᠬᠤᠪᠢ ᠬᠥᠮᠦᠨ ᠤ ᠰᠦᠢᠳᠭᠡᠯ ᠲᠤᠰᠢᠶᠠᠬᠤ ᠶᠢ ᠣᠷᠣᠯᠠᠨ ᠬᠠᠰᠤᠵᠤ ᠣᠷᠣᠯᠠᠨ ᠲᠤᠰᠢᠶᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠭᠡᠵᠦ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠤᠨ ᠮᠡᠳᠡᠭᠡ ᠵᠠᠩᠭᠢ ᠶᠢ ᠬᠡᠪ ᠤᠨ ᠶᠣᠰᠣᠭᠠᠷ ᠭᠤᠶᠤᠴᠢᠯᠠᠨ ᠮᠡᠳᠡᠭᠦᠯᠵᠦ ᠂ ᠠᠵᠢᠯᠲᠠᠨ ᠠᠵᠢᠯᠴᠢᠨ ᠤ ᠦᠷᠭᠦᠯᠵᠢᠯᠡᠨ ᠳᠠᠭᠠᠳᠬᠠᠯ ᠳᠤ ᠣᠷᠣᠯᠴᠠᠬᠤ᠂ ᠬᠤᠪᠢ ᠬᠥᠮᠦᠨ ᠤ ᠡᠷᠬᠡ ᠠᠰᠢᠭ ᠢ ᠦᠷᠭᠦᠯᠵᠢᠯᠡᠨ ᠲᠡᠮᠳᠡᠭᠯᠡᠬᠦ ᠶᠢ ᠦᠨᠡᠨ ᠬᠦ ᠪᠠᠲᠤᠯᠠᠨ᠎ᠠ᠃ ᠳᠠᠭᠠᠳᠬᠠᠯ ᠳᠤ ᠣᠷᠣᠯᠴᠠᠭᠰᠠᠳ ᠠᠵᠢᠯ ᠠᠴᠠ ᠪᠠᠨ ᠰᠠᠯᠬᠤ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠠᠵᠢᠯ ᠠᠴᠠ ᠪᠠᠨ ᠠᠮᠠᠷᠠᠭᠰᠠᠳ ᠤᠨ ᠬᠠᠷᠠᠭᠠᠯᠵᠠᠯ ᠢ ᠭᠤᠶᠤᠴᠢᠯᠠᠨ ᠭᠦᠢᠴᠡᠳᠭᠡᠬᠦ᠂  ᠭᠦᠢᠴᠡᠳᠭᠡᠬᠦ ᠬᠠᠷᠢᠴᠠᠭ᠎ᠠ ᠪᠠᠨ ᠰᠢᠯᠵᠢᠭᠦᠯᠬᠦ ᠵᠡᠷᠭᠡ ᠪᠠᠶᠢᠳᠠᠯ ᠭᠠᠷᠪᠠᠯ᠂ ᠠᠵᠤ ᠠᠬᠤᠶᠢᠯᠠᠯ ᠠᠴᠠ ᠲᠡᠭᠦᠨ ᠤ ᠬᠤᠶᠢᠰᠢᠯᠠᠭᠤᠯᠤᠨ ᠲᠤᠰᠢᠶᠠᠬᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠨᠥᠬᠦᠵᠦ ᠪᠦᠷᠢᠳᠦᠭᠦᠯᠦᠨ᠎ᠡ᠃ ᠠᠵᠤ ᠠᠬᠤᠶᠢᠯᠠᠯ ᠢ ᠬᠦᠴᠦᠨ ᠦᠭᠡᠶ ᠪᠣᠯᠭᠠᠬᠤ ᠵᠡᠷᠭᠡ ᠪᠠᠶᠢᠳᠠᠯ ᠭᠠᠷᠪᠠᠯ᠂ ᠬᠦᠴᠦᠨ ᠦᠭᠡᠶ ᠪᠣᠯᠭᠠᠬᠤ ᠠᠴᠠ ᠡᠮᠦᠨ᠎ᠡ ᠬᠤᠶᠢᠰᠢᠯᠠᠭᠤᠯᠤᠨ ᠳᠤᠰᠢᠶᠠᠬᠤ ᠰᠦᠢᠳᠬᠡᠯ ᠢ ᠲᠤᠰᠢᠶᠠᠬᠤ ᠬᠡᠷᠡᠭᠲᠡᠶ᠃      ᠲᠠᠪᠤ᠂ ᠲᠣᠬᠢᠷᠠᠭᠤᠯᠬᠤ ᠪᠦᠷᠢᠳᠭᠡᠬᠦ ᠵᠠᠳᠠᠯᠬᠤ ᠵᠡᠷᠭᠡ ᠠᠵᠢᠯ ᠢ ᠰᠠᠶᠢᠲᠤᠷ ᠬᠢᠵᠦ᠂ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠤᠨ ᠬᠢᠨ ᠬᠤᠶᠢᠰᠢᠯᠠᠭᠤᠯᠤᠨ ᠲᠤᠰᠢᠶᠠᠬᠤ ᠮᠡᠳᠡᠭᠡ ᠵᠠᠩᠭᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠪᠦᠷᠢᠳᠬᠡᠵᠦ ᠬᠢᠨᠠᠨ ᠰᠢᠯᠭᠠᠬᠤ ᠠᠵᠢᠯ ᠢ ᠰᠠᠶᠢᠲᠤᠷ ᠬᠢᠵᠦ᠂ ᠬᠤᠶᠢᠰᠢᠯᠠᠭᠤᠯᠤᠨ ᠲᠤᠰᠢᠶᠠᠬᠤ ᠮᠡᠳᠡᠭᠡ ᠵᠠᠩᠭᠢ ᠶᠢ ᠰᠠᠷ᠎ᠠ ᠪᠠᠷ ᠬᠤᠷᠢᠶᠠᠩᠭᠤᠶᠢᠯᠠᠬᠤ ᠶᠢᠨ ᠬᠠᠮᠲᠤ ᠳᠡᠭᠡᠭᠰᠢ ᠲᠥᠪᠯᠡᠷᠡᠭᠦᠯᠦᠨ ᠮᠡᠳᠡᠭᠦᠯᠬᠦ ᠬᠡᠷᠡᠭᠲᠡᠶ᠃ ᠰᠠᠭᠤᠷᠢ ᠮᠥᠩᠭᠦᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠰᠠᠭᠤᠷᠢ ᠮᠥᠩᠭᠦᠨ ᠤ ᠡᠷᠭᠢᠯᠲᠡ ᠶᠢᠨ ᠵᠠᠳᠠᠯᠤᠯᠲᠠ ᠶᠢ ᠴᠢᠩᠭᠠᠳᠬᠠᠵᠤ᠂ ᠠᠵᠢᠯᠯᠠᠭᠠᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢ ᠨᠡᠪᠲᠡᠷᠡᠭᠦᠯᠵᠦ ᠬᠠᠮᠲᠤ ᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ  ᠬᠢᠨ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ᠂ ᠠᠵᠤ ᠠᠬᠤᠶᠢᠯᠠᠯ ᠤᠨ ᠬᠤᠶᠢᠰᠢᠯᠠᠭᠤᠯᠤᠨ ᠲᠤᠰᠢᠶᠠᠬᠤ ᠵᠡᠷᠭᠡ ᠰᠠᠭᠤᠷᠢ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠰᠠᠶᠢᠲᠤᠷ ᠬᠢᠵᠦ᠂ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ ᠴᠢᠩᠭᠠᠷᠠᠭᠤᠯᠬᠤ ᠬᠡᠷᠡᠭᠲᠡᠶ᠃      ᠡᠯ᠎ᠡ ᠭᠠᠵᠠᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠶᠢᠨ ᠰᠦᠢᠳᠭᠡᠯ ᠲᠤᠰᠢᠶᠠᠬᠤ ᠶᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ  ᠭᠦᠢᠴᠡᠳᠭᠡᠵᠦ᠂ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠰᠠᠶᠢᠲᠤᠷ ᠠᠳᠬᠤᠬᠤ ᠬᠡᠷᠡᠭᠲᠡᠶ᠃ ᠭᠦᠢᠴᠡᠳᠬᠡᠬᠦ ᠶᠠᠪᠤᠴᠠ ᠳᠤ ᠪᠠᠶᠢᠳᠠᠯ ᠪᠠ ᠠᠰᠠᠭᠤᠳᠠᠯ ᠲᠤᠯᠭᠠᠷᠠᠪᠠᠯ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃      ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ      ᠡᠳ᠋ ᠤᠨ ᠵᠠᠰᠠᠭ ᠤᠨ ᠶᠠᠮᠤᠨ      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ      2022 ᠣᠨ ᠤ 6 ᠳ᠋ᠤᠭᠠᠷ ᠰᠠᠷ᠎ᠠ ᠶᠢᠨ 30 ᠤ ᠡᠳᠦᠷ     
 
ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号