ᠬᠦᠨᠳᠦ ᠨᠠᠷᠠᠰᠢᠬᠤ ᠠᠴᠠ ᠰᠡᠷᠡᠮᠵᠢᠯᠡᠭᠡᠷᠡᠢ
ᠨᠡᠶᠢᠲᠡᠯᠡᠭᠰᠡᠨ ᠴᠠᠭ᠄
2022/7/14
   ᠤᠶᠢᠷ᠎ᠠ ᠳᠤ ᠵᠧᠵᠢᠶᠠᠩ᠂ ᠰᠧᠴᠤᠸᠠᠨ᠂ ᠹᠦᠵᠢᠶᠠᠨ᠂ ᠵᠢᠶᠠᠩᠰᠤ᠂ ᠡᠾᠧᠨᠠᠨ ᠵᠡᠷᠭᠡ 5 ᠮᠤᠵᠢ ᠳᠤ ᠠᠭᠠᠬᠢᠮ᠎ᠠ ᠬᠠᠯᠠᠭᠤᠨ ᠠᠭᠤᠷ ᠠᠮᠢᠰᠬᠤᠯ ᠳᠤ ᠥᠷᠲᠦᠵᠦ ᠬᠦᠨᠳᠦ ᠨᠠᠷᠠᠰᠢᠭᠰᠠᠨ ᠠᠴᠠ ᠪᠣᠯᠵᠤ᠂ 2 ᠬᠦᠮᠦᠨ ᠠᠮᠢ ᠪᠠᠨ ᠠᠯᠳᠠᠭᠰᠠᠨ ᠪᠠᠶᠢᠨ᠎ᠠ᠃ ᠬᠦᠨᠳᠦ ᠨᠠᠷᠠᠰᠢᠬᠤ ᠨᠢ ᠡᠩ ᠤᠨ ᠨᠠᠷᠠᠰᠢᠬᠤ ᠲᠠᠢ ᠠᠳᠠᠯᠢ ᠦᠭᠡᠢ᠂ ᠬᠦᠨᠳᠦ ᠨᠣᠴᠢᠲᠠᠢ ᠨᠠᠷᠠᠰᠢᠭᠰᠠᠨ ᠠᠴᠠ ᠪᠣᠯᠵᠤ᠂ ᠪᠡᠶ᠎ᠡ ᠶᠢᠨ ᠳᠣᠲᠣᠷ ᠬᠠᠯᠠᠭᠤᠨ ᠬᠡᠲᠦ ᠥᠨᠳᠥᠷ ᠪᠣᠯᠵᠤ᠂ ᠳᠤᠯᠠᠭᠠᠨ ᠢᠶᠠᠨ ᠵᠣᠬᠢᠴᠠᠭᠤᠯᠬᠤ ᠴᠢᠳᠠᠪᠤᠷᠢ ᠪᠠᠨ ᠠᠯᠳᠠᠵᠤ᠂ ᠤᠯᠠᠮ ᠢᠶᠠᠷ ᠮᠡᠳᠡᠷᠡᠯ ᠪᠣᠯᠣᠨ ᠡᠯ᠎ᠡ ᠡᠷᠬᠡᠲᠡᠨ ᠨᠢ ᠭᠡᠮᠲᠦᠵᠦ᠂ ᠴᠢᠨᠠᠭᠰᠢᠯᠠᠪᠠᠯ ᠠᠮᠢ ᠪᠠᠨ ᠠᠯᠳᠠᠳᠠᠭ᠃    ᠲᠡᠭᠡᠪᠡᠯ᠂ ᠪᠢᠳᠡ ᠬᠦᠨᠳᠦ ᠨᠠᠷᠠᠰᠢᠬᠤ ᠠᠴᠠ ᠶᠠᠭᠠᠬᠢᠵᠤ ᠰᠡᠷᠬᠡᠶᠢᠯᠡᠪᠡᠯ ᠵᠣᠬᠢᠬᠤ ᠪᠤᠢ︖    ᠠᠭᠠᠬᠢᠮ᠎ᠠ ᠬᠠᠯᠠᠭᠤᠨ ᠡᠳᠤᠷ ᠭᠠᠳᠠᠨ᠎ᠠ ᠬᠦᠳᠡᠯᠮᠤᠷᠢᠯᠡᠬᠦ ᠪᠤᠶᠤ ᠰᠢᠷᠦᠬᠦᠨ ᠬᠦᠳᠡᠯᠭᠡᠭᠡᠨ ᠬᠢᠬᠦ ᠦᠶ᠎ᠡ ᠳᠤ ᠡᠶᠢᠮᠤ ᠬᠡᠳᠤᠨ ᠵᠦᠢᠯ ᠢ ᠠᠩᠬᠠᠷᠬᠤ ᠴᠢᠬᠤᠯᠠᠳᠡᠢ᠃   ᠨᠢᠭᠡ ᠳᠤ᠂ ᠨᠠᠷᠠᠰᠢᠬᠤ ᠠᠴᠠ ᠰᠡᠷᠬᠡᠶᠢᠯᠡᠬᠦ ᠪᠡᠯᠡᠳᠬᠡᠯ ᠢ ᠰᠠᠶᠢᠨ ᠬᠢᠬᠦ ᠬᠡᠷᠡᠭᠲᠡᠢ᠃ ᠨᠠᠷᠠᠰᠢᠬᠤ ᠠᠴᠠ ᠰᠡᠷᠬᠡᠶᠢᠯᠡᠬᠦ ᠲᠤᠰᠤ᠂ ᠦᠷᠭᠡᠨ ᠰᠡᠷᠡᠪᠴᠢ ᠲᠠᠢ ᠮᠠᠯᠠᠭᠠᠢ᠂ ᠬᠠᠯᠠᠭᠤᠨ ᠢ ᠪᠠᠭᠤᠷᠠᠭᠤᠯᠬᠤ ᠡᠮ ᠲᠠᠩ ᠢ ᠪᠡᠶ᠎ᠡ ᠳᠡᠭᠡᠨ ᠠᠪᠴᠦ ᠶᠠᠪᠤᠬᠤ ᠭᠡᠷᠡᠭᠳᠡᠢ᠃   ᠬᠤᠶᠠᠷ ᠲᠤ᠂ ᠰᠢᠨᠵᠢᠯᠡᠬᠦ ᠤᠬᠠᠭᠠᠨᠴᠢ ᠪᠠᠷ ᠤᠰᠤ ᠨᠦᠬᠦᠪᠤᠷᠢᠯᠡᠬᠦ ᠭᠡᠷᠡᠭᠳᠡᠢ᠃   ᠭᠤᠷᠪᠠ ᠳᠤ᠂ ᠢᠯᠴᠢ ᠶᠢ ᠪᠠᠭᠤᠷᠠᠭᠤᠯᠬᠤ ᠶᠢ ᠠᠩᠬᠠᠷᠬᠤ ᠴᠢᠬᠤᠯᠠᠳᠡᠢ᠃ ᠬᠦᠢᠲᠡᠨ ᠨᠦᠢᠲᠠᠨ ᠠᠯᠴᠢᠭᠤᠷ ᠢᠶᠠᠷ ᠪᠡᠶ᠎ᠡ ᠪᠠᠨ ᠵᠦᠯᠭᠦᠭᠦ ᠪᠤᠶᠤ ᠰᠠᠩᠰᠠ ᠪᠠᠷ ᠦᠯᠢᠶᠡᠯᠭᠡᠵᠦ᠂ ᠪᠡᠶ᠎ᠡ ᠶᠢᠨ ᠲᠤᠯᠠᠭᠠᠨ ᠢᠶᠠᠨ ᠪᠠᠭᠤᠷᠠᠭᠤᠯᠬᠤ ᠬᠡᠷᠡᠭᠳᠡᠢ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号