ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠠᠬᠢ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/8/1
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠣᠶᠢᠷ᠎ᠠ ᠳᠤ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠠᠬᠢ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ ᠢ ᠳᠠᠮᠵᠢᠭᠤᠯᠤᠨ ᠲᠠᠷᠬᠠᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠠᠬᠢ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠯᠭᠠᠵᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠨᠥᠯᠥᠭᠡᠯᠡᠬᠦ ᠦᠭᠡᠶ᠃      ᠨᠢᠭᠡ ᠳᠤ᠂ ᠬᠤᠶᠢᠰᠢᠯᠠᠭᠤᠯᠤᠨ ᠲᠤᠰᠢᠶᠠᠬᠤ ᠬᠡᠪᠴᠢᠶ᠎ᠡ ᠵᠢᠴᠢ ᠬᠤᠭᠤᠴᠠᠭ᠎ᠠ ᠶᠢ ᠲᠣᠳᠤᠷᠬᠠᠶᠢᠯᠠᠪᠠ᠃ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠤᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠶᠢ ᠳ᠋ᠦᠩᠨᠡᠨ ᠪᠣᠳᠤᠭᠰᠠᠨ ᠦᠯᠡᠳᠡᠪᠦᠷᠢ ᠶᠢᠨ ᠨᠡᠶᠢᠯᠡᠪᠦᠷᠢ ᠶᠢᠨ ᠲᠣᠭᠠᠴᠠᠭ᠎ᠠ ᠬᠢᠵᠦ ᠪᠣᠯᠬᠤ ᠰᠠᠷ᠎ᠠ ᠶᠢᠨ ᠲᠤᠭ᠎ᠠ ᠨᠢ 6 ᠰᠠᠷ᠎ᠠ ᠠᠴᠠ ᠢᠯᠡᠭᠦᠦ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠠᠴᠠ 2022 ᠣᠨ ᠤ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠪᠠᠶᠢᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶  ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ 3 ᠰᠠᠷ᠎ᠠ ᠬᠤᠶᠢᠰᠢᠯᠠᠭᠤᠯᠤᠨ ᠳᠤᠰᠢᠶᠠᠯᠭᠠᠵᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠥᠬᠡᠶ᠃ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠬᠤᠶᠠᠷ ᠲᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠲᠤ ᠬᠠᠷᠠᠭᠠᠯᠵᠠᠯ ᠢ ᠪᠦᠷᠢᠨ ᠭᠦᠷᠲᠡᠭᠡᠬᠦ ᠶᠢ ᠦᠨᠡᠨ ᠬᠦ ᠪᠠᠲᠤᠯᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠳᠠᠬᠢ ᠪᠠᠶᠢᠭᠤᠯᠬ᠎ᠠ ᠶᠢᠨ ᠲᠤᠰᠢᠶᠠᠬᠤ ᠰᠦᠢᠳᠭᠡᠯ ᠢ ᠬᠤᠶᠢᠰᠢᠯᠠᠭᠤᠯᠤᠨ ᠲᠤᠰᠢᠶᠠᠬᠤ ᠳᠤ ᠲᠣᠰ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠦᠭᠰᠡᠨ ᠡᠮᠴᠢᠯᠡᠭᠡ ᠶᠢᠨ ᠵᠠᠷᠤᠳᠠᠯ ᠤᠨ ᠡᠩ ᠤᠨ ᠲᠠᠩᠰᠠ ᠴᠠᠶᠢᠷᠠᠭᠤᠯᠬᠤ ᠶᠢ ᠨᠥᠯᠥᠭᠡᠯᠡᠬᠦ ᠥᠬᠡᠶ ᠪᠠᠶᠢᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠠᠩᠰᠠ ᠴᠠᠶᠢᠷᠠᠭᠤᠯᠬᠤ ᠬᠢᠷᠢ ᠲᠦᠪᠰᠢᠨ ᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠠᠵᠢᠯᠲᠠᠨ ᠠᠵᠢᠯᠴᠢᠨ ᠤ ᠬᠤᠪᠢ ᠬᠥᠮᠦᠨ ᠤ ᠲᠤᠰᠢᠶᠠᠬᠤ ᠰᠦᠢᠳᠭᠡᠯ ᠢ ᠣᠷᠣᠯᠠᠨ ᠬᠠᠰᠤᠵᠤ ᠣᠷᠣᠯᠠᠨ ᠲᠤᠰᠢᠶᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠭᠡᠵᠦ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠤᠨ ᠮᠡᠳᠡᠭᠡ ᠵᠠᠩᠭᠢ ᠶᠢ ᠡᠩ ᠤᠨ ᠶᠣᠰᠣᠭᠠᠷ ᠭᠤᠶᠤᠴᠢᠯᠠᠨ ᠮᠡᠳᠡᠭᠦᠯᠵᠦ᠂ ᠠᠵᠢᠯᠲᠠᠨ ᠠᠵᠢᠯᠴᠢᠨ ᠤ ᠦᠷᠭᠦᠯᠵᠢᠯᠡᠨ ᠳᠠᠭᠠᠳᠬᠠᠯ ᠳᠤ ᠣᠷᠣᠯᠴᠠᠬᠤ᠂ ᠬᠤᠪᠢ ᠬᠥᠮᠦᠨ ᠤ ᠡᠷᠬᠡ ᠠᠰᠢᠭ ᠢ ᠦᠷᠭᠦᠯᠵᠢᠯᠡᠨ ᠲᠡᠮᠳᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃       ᠭᠤᠷᠪᠠ ᠳᠤ ︽ᠭᠤᠶᠤᠴᠢᠯᠠᠯ ᠢ ᠬᠦᠴᠦᠨ ᠦᠭᠡᠢ ᠪᠣᠯᠭᠠᠵᠤ ᠳᠠᠷᠤᠶ ᠳᠤ ᠨᠢ ᠬᠠᠮᠲᠤ ᠳᠤ ᠪᠠᠨ ᠬᠦᠷᠲᠡᠬᠦ︾ ᠭᠠᠷᠲᠠᠨ ᠭᠦᠢᠴᠡᠳᠭᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠪᠡ᠃ ᠨᠥᠬᠦᠴᠡᠯ ᠳᠤ ᠨᠡᠶᠢᠴᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠬᠤᠶᠢᠰᠢᠯᠠᠭᠤᠯᠤᠨ ᠲᠤᠰᠢᠶᠠᠬᠤ ᠭᠤᠶᠤᠴᠢᠯᠠᠯ ᠭᠠᠷᠭᠠᠬᠤ ᠴᠢᠬᠤᠯᠠ ᠥᠬᠡᠶ ᠪᠣᠯ ᠳᠠᠷᠤᠢ ᠳᠤ ᠨᠢ ᠪᠠᠶᠢᠭᠤᠯᠭ᠎ᠠ ᠶᠢᠨ ᠰᠦᠢᠳᠭᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠪᠣᠯᠤᠨ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠢᠨ ᠠᠵᠢᠯᠯᠠᠬᠤ ᠴᠤᠪᠤᠷᠠᠯ ᠢᠶᠠᠨ ᠲᠣᠳᠣᠷᠬᠠᠶᠢᠯᠠᠵᠤ᠂ ᠠᠵᠤ ᠠᠬᠤᠶᠢᠯᠠᠯ ᠤᠨ ᠨᠡᠷᠡᠰ ᠢ ᠳᠣᠭᠲᠠᠭᠠᠨ᠎ᠠ᠃ ᠣᠲᠣ ᠶᠢᠨ ᠪᠠᠶᠢᠭ᠎ᠠ ᠲᠤᠭ᠎ᠠ ᠪᠠᠷᠢᠮᠲᠠ ᠨᠢ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠪᠣᠯ ᠠᠵᠤ ᠠᠬᠤᠶᠢᠯᠠᠯ ᠠᠴᠠ ᠰᠦᠢᠳᠭᠡᠯ ᠲᠤᠰᠢᠶᠠᠬᠤ ᠶᠢ ᠬᠢᠨᠠᠨ ᠲᠣᠭᠲᠠᠭᠠᠭᠰᠠᠨ ᠰᠠᠯᠠᠭ᠎ᠠ ᠮᠥᠴᠢᠷ ᠲᠤ ᠪᠢᠴᠢᠭ ᠢᠶᠠᠷ ᠠᠮᠠᠯᠠᠯᠲᠠ ᠬᠢᠵᠦ ᠪᠣᠯᠤᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠭᠤᠭᠴᠤᠭ᠎ᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠠᠵᠢᠯ ᠶᠠᠪᠤᠳᠠᠯ ᠤᠨ ᠴᠢᠨᠠᠷᠲᠠᠶ ᠳᠠᠷᠤᠭᠠᠰᠤ ᠶᠢ ᠬᠥᠩᠭᠡᠷᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号