ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠠᠬᠢ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ ᠢ ᠳᠠᠮᠵᠢᠭᠤᠯᠤᠨ ᠲᠠᠷᠬᠠᠭᠠᠪᠠ
ᠨᠡᠶᠢᠲᠡᠯᠡᠭᠰᠡᠨ ᠴᠠᠭ᠄
2022/8/1
      ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2022﹈ 20 ᠳ᠋ᠤᠭᠠᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠠᠨᠵᠤᠤᠷ ᠬᠤᠲᠠ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠵᠦ᠂ ᠡᠳᠦᠭᠡ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠠᠬᠢ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2022﹈ 21 ᠳ᠋ᠦ᠋ᠭᠡᠷ ᠲᠣᠭᠠᠲᠤ︶ ᠢ ᠡᠳᠦᠭᠡ ᠲᠠᠨᠠᠷ ᠲᠤ ᠳᠠᠮᠵᠢᠭᠤᠯᠤᠨ ᠲᠠᠷᠬᠠᠭᠠᠪᠠ᠂ ᠥᠪᠡᠷ ᠤᠨ ᠪᠣᠳᠠᠲᠠᠶ ᠲᠠᠢ ᠪᠠᠨ ᠤᠶᠠᠯᠳᠤᠭᠤᠯᠤᠨ ᠳᠤᠤᠷᠠᠬᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃     ᠨᠢᠭᠡ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠤᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ  ᠶᠢ ᠳ᠋ᠦᠩᠨᠡᠨ ᠪᠣᠳᠤᠭᠰᠠᠨ ᠦᠯᠡᠳᠡᠪᠦᠷᠢ ᠶᠢᠨ ᠨᠡᠶᠢᠯᠡᠪᠦᠷᠢ ᠶᠢᠨ ᠰᠠᠷ᠎ᠠ ᠶᠢᠨ ᠲᠤᠭ᠎ᠠ ᠨᠢ 6 ᠰᠠᠷ᠎ᠠ ᠠᠴᠠ ᠢᠯᠡᠭᠦᠦ ᠪᠠᠶᠢᠭ᠎ᠠ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠠᠴᠠ 2022 ᠣᠨ ᠤ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠪᠠᠶᠢᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠳᠠᠬᠢ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠯᠭᠠᠵᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠠᠭᠰᠠᠨ ᠮᠥᠩᠭᠦ ᠬᠤᠷᠢᠶᠠᠬᠤ ᠥᠬᠡᠶ᠃ ᠨᠡᠶᠢᠭᠡᠮ ᠤᠨ ᠪᠦᠯᠬᠦᠮ ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠬᠤᠶᠠᠷ᠂ ᠡᠯ᠎ᠡ ᠭᠠᠵᠠᠷ ᠤᠨ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠵᠤ᠂ ︽ᠭᠤᠶᠤᠴᠢᠯᠠᠯ ᠢ ᠬᠦᠴᠦᠨ ᠦᠭᠡᠢ ᠪᠣᠯᠭᠠᠵᠤ ᠳᠠᠷᠤᠶᠢᠬᠠᠨ ᠬᠠᠮᠲᠤ ᠳᠤ ᠪᠠᠨ ᠬᠦᠷᠲᠡᠬᠦ︾ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠵᠢᠯᠯᠠᠬᠤ ᠴᠤᠪᠤᠷᠠᠯ ᠢ ᠲᠣᠳᠤᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠶ᠃      ᠭᠤᠷᠪᠠ᠂ ᠡᠯ᠎ᠡ ᠭᠠᠵᠠᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠵᠦ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠰᠠᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠡᠭᠵᠢᠭᠦᠯᠬᠦ ᠶᠠᠪᠤᠴᠠ ᠳᠤ ᠪᠠᠶᠢᠳᠠᠯ ᠪᠠ ᠠᠰᠠᠭᠤᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠳᠠᠷᠤᠢ ᠳᠤ ᠨᠢ ᠮᠡᠳᠡᠭᠦᠯᠬᠦ ᠬᠡᠷᠡᠭᠲᠡᠶ᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ   ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ        2022 ᠣᠨ ᠤ 7 ᠳ᠋ᠤᠭᠠᠷ ᠰᠠᠷ᠎ᠠ ᠶᠢᠨ 23 ᠤ ᠡᠳᠦᠷ  ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠠᠬᠢ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ ᠤᠨ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ      ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2022﹈ 21 ᠳ᠋ᠦ᠋ᠭᠡᠷ ᠲᠣᠭᠠᠲᠤᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ᠄     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠦᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠵᠦ᠂ ᠡᠳᠦᠭᠡ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ︵ᠳᠣᠷᠣᠭᠰᠢ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠬᠤᠯᠪᠣᠭᠳᠠᠯ ᠪᠥᠬᠦᠶ ᠠᠵᠢᠯ ᠢ ᠳᠤᠤᠷᠠᠬᠢ ᠮᠡᠲᠦ ᠮᠡᠳᠡᠭᠳᠡᠪᠡ᠃     ᠨᠢᠭᠡ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠶᠢ ᠳ᠋ᠦᠩᠨᠡᠨ ᠪᠣᠳᠤᠭᠰᠠᠨ ᠦᠯᠡᠳᠡᠪᠦᠷᠢ ᠶᠢᠨ ᠨᠡᠶᠢᠯᠡᠪᠦᠷᠢ ᠶᠢᠨ ᠲᠣᠭᠠᠴᠠᠭ᠎ᠠ ᠬᠢᠵᠦ ᠪᠣᠯᠬᠤ ᠰᠠᠷ᠎ᠠ ᠶᠢᠨ ᠲᠤᠭ᠎ᠠ ᠨᠢ 6 ᠰᠠᠷ᠎ᠠ ᠠᠴᠠ ᠢᠯᠡᠭᠦᠦ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠠᠴᠠ 2022 ᠣᠨ ᠤ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠶᠢᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠵᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠠᠭᠰᠠᠨ ᠮᠥᠩᠭᠦ ᠬᠤᠷᠢᠶᠠᠬᠤ ᠥᠬᠡᠶ᠃ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠬᠤᠶᠠᠷ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠭᠦᠷᠲᠡᠬᠦ ᠶᠣᠰᠤᠲᠠᠢ ᠬᠠᠷᠠᠭᠠᠯᠵᠠᠯ ᠢ ᠪᠦᠷᠢᠨ ᠭᠥᠷᠳᠡᠬᠦ ᠶᠢ ᠦᠨᠡᠨ ᠬᠦ ᠪᠠᠲᠤᠯᠠᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠬᠤᠶᠢᠰᠢᠯᠠᠭᠤᠯᠤᠨ ᠲᠤᠰᠢᠶᠠᠬᠤ  ᠳᠤ ᠲᠣᠰ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠦᠭᠰᠡᠨ ᠡᠮ ᠡᠮᠨᠡᠯᠭᠡ ᠶᠢᠨ ᠵᠠᠷᠤᠳᠠᠯ ᠤᠨ ᠡᠩ ᠤᠨ ᠲᠠᠩᠰᠠ ᠴᠠᠶᠢᠷᠠᠭᠤᠯᠬᠤ ᠶᠢ ᠨᠥᠯᠥᠭᠡᠯᠡᠬᠦ ᠥᠬᠡᠶ᠃ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ᠂ ᠬᠠᠮᠢᠶ᠎ᠠ ᠪᠦᠬᠦᠢ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤ ᠨᠢ ᠳᠠᠩᠰᠠ ᠴᠠᠶᠢᠷᠠᠭᠤᠯᠵᠤ᠂ ᠳᠠᠩᠰᠠ ᠴᠠᠶᠢᠷᠠᠭᠤᠯᠬᠤ ᠶᠣᠰᠣᠲᠠᠶ ᠶᠢ ᠨᠢ ᠪᠦᠬᠦᠨ ᠢ ᠳᠠᠩᠰᠠ ᠴᠠᠶᠢᠷᠠᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠠᠩᠰᠠ ᠴᠠᠶᠢᠷᠠᠭᠤᠯᠬᠤ ᠬᠢᠷᠢ ᠲᠦᠪᠰᠢᠨ ᠤ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃      ᠭᠤᠷᠪᠠ᠂ ︽ᠭᠤᠶᠤᠴᠢᠯᠠᠯ ᠢ ᠬᠦᠴᠦᠨ ᠦᠭᠡᠢ ᠪᠣᠯᠭᠠᠵᠤ ᠳᠠᠷᠤᠶᠢᠬᠠᠨ ᠬᠠᠮᠲᠤ ᠳᠤ ᠪᠠᠨ ᠬᠦᠷᠲᠡᠬᠦ︾ ᠭᠠᠷᠲᠠᠨ ᠭᠦᠢᠴᠡᠳᠭᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠨᠥᠬᠦᠴᠡᠯ ᠳᠤ ᠨᠡᠶᠢᠴᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠬᠤᠶᠢᠰᠢᠯᠠᠭᠤᠯᠤᠨ ᠲᠤᠰᠢᠶᠠᠬᠤ ᠭᠤᠶᠤᠴᠢᠯᠠᠯ ᠭᠠᠷᠭᠠᠬᠤ ᠴᠢᠬᠤᠯᠠ ᠥᠬᠡᠶ ᠪᠣᠯ ᠳᠠᠷᠤᠢ ᠳᠤ ᠨᠢ ᠪᠠᠶᠢᠭᠤᠯᠭ᠎ᠠ ᠶᠢᠨ ᠰᠦᠢᠳᠭᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠡᠯ᠎ᠡ ᠭᠠᠵᠠᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠵᠢᠯᠯᠠᠬᠤ ᠴᠤᠪᠤᠷᠠᠯ ᠢ ᠲᠣᠳᠤᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠨ᠎ᠡ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠣᠳᠠᠲᠠᠶ ᠪᠠᠷᠢᠮᠵᠢᠶ᠎ᠠ ᠶᠢ ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠠᠵᠤ ᠮᠡᠳᠡᠭᠡ ᠶᠠᠮᠤᠨ ᠬᠠᠮᠲᠤᠷᠠᠭᠰᠠᠨ ᠠᠵᠤ ᠠᠬᠤᠶᠢᠯᠠᠯ ﹇2011﹈ 300 ᠳ᠋ᠤᠭᠠᠷ ᠲᠣᠭᠠᠲᠤ︶ ᠵᠡᠷᠭᠡ ᠬᠡᠯᠪᠡᠷᠢ ᠬᠤᠪᠢᠶᠠᠬᠤ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠤᠳᠤᠷᠢᠳᠤᠮᠵᠢ ᠳᠣᠣᠷ᠎ᠠ ᠡᠮᠴᠢᠯᠡᠭᠡᠨ ᠤ ᠪᠠᠲᠤᠯᠠᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠷᠡᠰ ᠢ ᠲᠣᠭᠲᠠᠭᠠᠨ᠎ᠠ᠃ ᠣᠳᠣ ᠶᠢᠨ ᠪᠠᠶᠢᠭ᠎ᠠ ᠲᠤᠭ᠎ᠠ ᠪᠠᠷᠢᠮᠲᠠ ᠨᠢ ᠠᠵᠤ ᠠᠬᠤᠶᠢᠯᠠᠯ ᠤᠨ ᠲᠥᠷᠥᠯ ᠬᠡᠯᠪᠡᠷᠢ ᠶᠢ ᠲᠣᠭᠲᠠᠭᠠᠵᠤ ᠪᠣᠯᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠡᠯᠪᠡᠷᠢ ᠬᠤᠪᠢᠶᠠᠭᠰᠠᠨ ᠳ᠋ᠦᠩᠨᠡᠯᠲᠡ ᠶᠢ ᠰᠢᠭᠤᠳ ᠬᠡᠷᠡᠭᠯᠡᠨ᠎ᠡ︔ ᠣᠲᠣ ᠶᠢᠨ ᠪᠠᠶᠢᠭ᠎ᠠ ᠲᠤᠭ᠎ᠠ ᠪᠠᠷᠢᠮᠲᠠ ᠨᠢ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠪᠣᠯ ᠠᠵᠤ ᠠᠬᠤᠶᠢᠯᠠᠯ ᠠᠴᠠ ᠰᠦᠢᠳᠭᠡᠯ ᠲᠤᠰᠢᠶᠠᠬᠤ ᠶᠢ ᠬᠢᠨᠠᠨ ᠲᠣᠭᠲᠠᠭᠠᠭᠰᠠᠨ ᠰᠠᠯᠠᠭ᠎ᠠ ᠮᠥᠴᠢᠷ ᠲᠤ ᠪᠢᠴᠢᠭ ᠢᠶᠠᠷ ᠠᠮᠠᠯᠠᠯᠲᠠ ᠬᠢᠵᠦ ᠪᠣᠯᠤᠨ᠎ᠠ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠵᠠᠩᠭᠢᠯᠠᠭ᠎ᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠠᠵᠤ ᠠᠬᠤᠶᠢᠯᠠᠯ ᠤᠨ ᠠᠵᠢᠯ ᠶᠠᠪᠤᠳᠠᠯ ᠤᠨ ᠴᠢᠨᠠᠷᠲᠠᠶ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠬᠤᠪᠢ ᠬᠥᠮᠦᠨ ᠤ ᠡᠷᠬᠡ ᠠᠰᠢᠭ ᠤᠨ ᠲᠡᠮᠳᠡᠭᠯᠡᠯ ᠢ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠤᠨ ᠨᠥᠯᠥᠭᠡᠯᠡᠭᠳᠡᠬᠦ ᠦᠭᠡᠶ ᠪᠠᠶᠢᠬᠤ ᠶᠢ ᠦᠨᠡᠨ ᠬᠦ ᠪᠠᠲᠤᠯᠠᠨ᠎ᠠ᠃     ᠳᠥᠷᠪᠡ᠂ ᠬᠠᠮᠢᠶ᠎ᠠ ᠪᠦᠬᠦᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠠᠲᠤᠯᠠᠨ᠎ᠠ᠃ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠠᠵᠢᠯᠲᠠᠨ ᠠᠵᠢᠯᠴᠢᠨ ᠤ ᠬᠤᠪᠢ ᠬᠥᠮᠦᠨ ᠤ ᠲᠤᠰᠢᠶᠠᠬᠤ ᠰᠦᠢᠳᠭᠡᠯ ᠢ ᠣᠷᠣᠯᠠᠨ ᠬᠠᠰᠤᠵᠤ ᠣᠷᠣᠯᠠᠨ ᠲᠤᠰᠢᠶᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠭᠡᠵᠦ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠤᠨ ᠮᠡᠳᠡᠭᠡ ᠵᠠᠩᠭᠢ ᠶᠢ ᠬᠡᠪ ᠤᠨ ᠶᠣᠰᠣᠭᠠᠷ ᠭᠤᠶᠤᠴᠢᠯᠠᠨ ᠮᠡᠳᠡᠭᠦᠯᠵᠦ ᠂ ᠠᠵᠢᠯᠲᠠᠨ ᠠᠵᠢᠯᠴᠢᠨ ᠤ ᠦᠷᠭᠦᠯᠵᠢᠯᠡᠨ ᠳᠠᠭᠠᠳᠬᠠᠯ ᠳᠤ ᠣᠷᠣᠯᠴᠠᠬᠤ᠂ ᠬᠤᠪᠢ ᠬᠥᠮᠦᠨ ᠤ ᠡᠷᠬᠡ ᠠᠰᠢᠭ ᠢ ᠦᠷᠭᠦᠯᠵᠢᠯᠡᠨ ᠲᠡᠮᠳᠡᠭᠯᠡᠬᠦ ᠶᠢ ᠦᠨᠡᠨ ᠬᠦ ᠪᠠᠲᠤᠯᠠᠨ᠎ᠠ᠃ ᠳᠠᠭᠠᠳᠬᠠᠯ ᠳᠤ ᠣᠷᠣᠯᠴᠠᠭᠰᠠᠳ ᠠᠵᠢᠯ ᠠᠴᠠ ᠪᠠᠨ ᠰᠠᠯᠬᠤ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠠᠵᠢᠯ ᠠᠴᠠ ᠪᠠᠨ ᠠᠮᠠᠷᠠᠭᠰᠠᠳ ᠤᠨ ᠬᠠᠷᠠᠭᠠᠯᠵᠠᠯ ᠢ ᠭᠤᠶᠤᠴᠢᠯᠠᠨ ᠭᠦᠢᠴᠡᠳᠭᠡᠬᠦ᠂ ᠭᠦᠢᠴᠡᠳᠭᠡᠬᠦ ᠬᠠᠷᠢᠴᠠᠭ᠎ᠠ ᠪᠠᠨ ᠰᠢᠯᠵᠢᠭᠦᠯᠬᠦ ᠵᠡᠷᠭᠡ ᠪᠠᠶᠢᠳᠠᠯ ᠭᠠᠷᠪᠠᠯ᠂ ᠠᠵᠤ ᠠᠬᠤᠶᠢᠯᠠᠯ ᠠᠴᠠ ᠲᠡᠭᠦᠨ ᠤ ᠬᠤᠶᠢᠰᠢᠯᠠᠭᠤᠯᠤᠨ ᠲᠤᠰᠢᠶᠠᠬᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠨᠥᠬᠦᠵᠦ ᠪᠦᠷᠢᠳᠦᠭᠦᠯᠦᠨ᠎ᠡ᠃ ᠠᠵᠤ ᠠᠬᠤᠶᠢᠯᠠᠯ ᠢ ᠬᠦᠴᠦᠨ ᠦᠭᠡᠶ ᠪᠣᠯᠭᠠᠬᠤ ᠵᠡᠷᠭᠡ ᠪᠠᠶᠢᠳᠠᠯ ᠭᠠᠷᠪᠠᠯ᠂ ᠬᠦᠴᠦᠨ ᠦᠭᠡᠶ ᠪᠣᠯᠭᠠᠬᠤ ᠠᠴᠠ ᠡᠮᠦᠨ᠎ᠡ ᠬᠤᠶᠢᠰᠢᠯᠠᠭᠤᠯᠤᠨ ᠳᠤᠰᠢᠶᠠᠬᠤ ᠰᠦᠢᠳᠬᠡᠯ ᠢ ᠲᠤᠰᠢᠶᠠᠬᠤ ᠬᠡᠷᠡᠭᠲᠡᠶ᠃      ᠲᠠᠪᠤ᠂ ᠲᠣᠬᠢᠷᠠᠭᠤᠯᠬᠤ ᠪᠦᠷᠢᠳᠭᠡᠬᠦ ᠵᠠᠳᠠᠯᠬᠤ ᠵᠡᠷᠭᠡ ᠠᠵᠢᠯ ᠢ ᠰᠠᠶᠢᠲᠤᠷ ᠬᠢᠵᠦ᠂ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠤᠨ ᠬᠢᠨ ᠬᠤᠶᠢᠰᠢᠯᠠᠭᠤᠯᠤᠨ ᠲᠤᠰᠢᠶᠠᠬᠤ ᠮᠡᠳᠡᠭᠡ ᠵᠠᠩᠭᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠪᠦᠷᠢᠳᠬᠡᠵᠦ ᠬᠢᠨᠠᠨ ᠰᠢᠯᠭᠠᠬᠤ ᠠᠵᠢᠯ ᠢ ᠰᠠᠶᠢᠲᠤᠷ ᠬᠢᠵᠦ᠂ ᠬᠤᠶᠢᠰᠢᠯᠠᠭᠤᠯᠤᠨ ᠲᠤᠰᠢᠶᠠᠬᠤ ᠮᠡᠳᠡᠭᠡ ᠵᠠᠩᠭᠢ ᠶᠢ ᠰᠠᠷ᠎ᠠ ᠪᠠᠷ ᠬᠤᠷᠢᠶᠠᠩᠭᠤᠶᠢᠯᠠᠬᠤ ᠶᠢᠨ ᠬᠠᠮᠲᠤ ᠳᠡᠭᠡᠭᠰᠢ ᠲᠥᠪᠯᠡᠷᠡᠭᠦᠯᠦᠨ ᠮᠡᠳᠡᠭᠦᠯᠬᠦ ᠬᠡᠷᠡᠭᠲᠡᠶ᠃ ᠰᠠᠭᠤᠷᠢ ᠮᠥᠩᠭᠦᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠰᠠᠭᠤᠷᠢ ᠮᠥᠩᠭᠦᠨ ᠤ ᠡᠷᠭᠢᠯᠲᠡ ᠶᠢ ᠵᠠᠳᠠᠯᠬᠤ ᠶᠢ ᠴᠢᠩᠭᠠᠳᠬᠠᠵᠤ᠂ ᠠᠵᠢᠯᠯᠠᠭᠠᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢ ᠨᠡᠪᠲᠡᠷᠡᠭᠦᠯᠵᠦ ᠬᠠᠮᠲᠤ ᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ᠂ ᠠᠵᠤ ᠠᠬᠤᠶᠢᠯᠠᠯ ᠤᠨ ᠬᠤᠶᠢᠰᠢᠯᠠᠭᠤᠯᠤᠨ ᠲᠤᠰᠢᠶᠠᠬᠤ ᠵᠡᠷᠭᠡ ᠰᠠᠭᠤᠷᠢ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠰᠠᠶᠢᠲᠤᠷ ᠬᠢᠵᠦ᠂ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ ᠴᠢᠩᠭᠠᠷᠠᠭᠤᠯᠬᠤ ᠬᠡᠷᠡᠭᠲᠡᠶ᠃   ᠡᠯ᠎ᠡ ᠭᠠᠵᠠᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠶᠢᠨ ᠲᠤᠰᠢᠶᠠᠬᠤ ᠰᠦᠢᠳᠭᠡᠯ ᠢ ᠱᠠᠲᠤᠴᠢ ᠴᠢᠨᠠᠷᠲᠠᠶ ᠪᠠᠷ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠰᠠᠶᠢᠲᠤᠷ ᠠᠳᠬᠤᠬᠤ ᠬᠡᠷᠡᠭᠲᠡᠶ᠃ ᠭᠦᠢᠴᠡᠳᠬᠡᠬᠦ ᠶᠠᠪᠤᠴᠠ ᠳᠤ ᠪᠠᠶᠢᠳᠠᠯ ᠪᠠ ᠠᠰᠠᠭᠤᠳᠠᠯ ᠲᠤᠯᠭᠠᠷᠠᠪᠠᠯ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃   ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ   ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ   ᠡᠳ᠋ ᠤᠨ ᠵᠠᠰᠠᠭ ᠤᠨ ᠶᠠᠮᠤᠨ   ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ   2022 ᠣᠨ ᠤ 6 ᠳ᠋ᠤᠭᠠᠷ ᠰᠠᠷ᠎ᠠ ᠶᠢᠨ 30 ᠤ ᠡᠳᠦᠷ                    ︵ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠨ᠎ᠡ︶ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号