︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ᠶᠢᠨ ᠭᠡᠷᠡᠴᠢᠯᠡᠯᠲᠡ ᠰᠣᠨᠣᠰᠬᠤ ᠬᠤᠷᠠᠯ ᠢ ᠬᠤᠷᠠᠯᠳᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/8/15
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2022 ᠣᠨ ᠤ 8 ᠳ᠋ᠤᠭᠠᠷ ᠰᠠᠷ᠎ᠠ ᠶᠢᠨ ᠳᠤᠮᠳᠠᠴᠢ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ᠶᠢᠨ ᠭᠡᠷᠡᠴᠢᠯᠡᠯᠲᠡ ᠰᠣᠨᠣᠰᠬᠤ ᠬᠤᠷᠠᠯ ᠢ ᠬᠤᠷᠠᠯᠳᠤᠭᠤᠯᠬᠤ ᠪᠠᠷ ᠲᠥᠯᠥᠪᠯᠡᠵᠦ ᠪᠣᠶ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠠᠯᠪᠠᠨ ᠵᠠᠷᠯᠠᠯ ᠢᠶᠠᠷ ᠨᠡᠶᠢᠲᠡᠯᠡᠪᠡ᠄    ᠨᠢᠭᠡ᠂ ᠣᠷᠣᠯᠴᠠᠭᠴᠢ    ᠭᠡᠷᠡᠴᠢᠯᠡᠯᠲᠡ ᠰᠣᠨᠣᠰᠬᠤ ᠬᠤᠷᠠᠯ ᠳᠤ 15 ᠬᠥᠮᠦᠨ ᠣᠷᠣᠯᠴᠠᠨ᠎ᠠ᠂ ᠡᠭᠦᠨ ᠳᠤ᠄ ᠠᠷᠠᠳ ᠤᠨ ᠲᠥᠯᠥᠭᠡᠯᠡᠭᠴᠢ 1᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 1᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ 2᠂ ᠣᠯᠠᠨ ᠲᠦᠮᠡᠨ ᠤ ᠲᠥᠯᠥᠭᠡᠯᠡᠭᠴᠢ 3᠂ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ 2᠂ ᠴᠡᠭ ᠳᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠲᠥᠯᠥᠭᠡᠯᠡᠭᠴᠢ 2᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠠᠵᠢᠯᠲᠠᠨ 2᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠶ᠋ᠴᠡᠳᠬᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯᠲᠠᠨ 2 ᠪᠣᠶ᠃    ᠬᠤᠶᠠᠷ᠂ ᠪᠣᠢ ᠪᠣᠯᠭᠠᠬᠤ ᠠᠷᠭ᠎ᠠ ᠮᠠᠶ᠋ᠢᠭ    ︵ᠨᠢᠭᠡ︶ ᠭᠡᠷᠡᠴᠢᠯᠡᠯᠲᠡ ᠰᠣᠨᠣᠰᠬᠤ ᠬᠤᠷᠠᠯ ᠤᠨ ᠣᠯᠠᠨ ᠲᠦᠮᠡᠨ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠦᠭᠰᠡᠨ ᠡᠮᠦᠨ᠎ᠡ ᠬᠤᠶᠢᠨᠠᠬᠢ ᠳᠡᠰ ᠳᠠᠷᠠᠭᠠᠯᠠᠯ ᠢᠶᠠᠷ ᠪᠣᠶ ᠪᠣᠯᠭᠠᠨ᠎ᠠ᠂ ᠨᠡᠷ᠎ᠡ ᠮᠡᠳᠡᠭᠦᠯᠦᠭᠴᠢ ᠨᠢ ᠳᠤᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ     1 . ᠪᠦᠬᠦᠯᠢ 18 ᠨᠠᠰᠤ ᠬᠦᠷᠦᠭᠰᠡᠨ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ ᠬᠡᠷᠡᠭᠲᠡᠢ︔    2 . ᠴᠢᠬᠤᠯᠠ ᠪᠥᠬᠦᠶ ᠬᠤᠪᠢ ᠬᠥᠮᠦᠨ ᠤ ᠮᠡᠳᠡᠭᠡ ᠵᠠᠩᠭᠢ ︵ᠣᠪᠣᠭ ᠨᠡᠷ᠎ᠡ᠂ ᠬᠦᠢᠰᠦ ᠢᠯᠭᠠᠯ᠂ ᠪᠡᠶ᠎ᠡ ᠶᠢᠨ ᠭᠠᠷᠤᠯ ᠵᠡᠷᠭᠡ ᠶᠢ ᠪᠠᠭᠲᠠᠭᠠᠨ᠎ᠠ︶ ᠶᠢ ᠢᠯᠡ ᠪᠣᠯᠭᠠᠬᠤ ᠶᠢ ᠵᠦᠪᠰᠢᠶᠡᠷᠡᠭᠰᠡᠨ ᠪᠠᠶᠢᠬᠤ ᠬᠡᠷᠡᠭᠲᠡᠢ︔    3 . ᠪᠠᠶᠢᠴᠠᠭᠠᠨ ᠰᠣᠳᠤᠯᠬᠤ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ ᠪᠢᠴᠢᠭ ᠢᠶᠠᠷ ᠢᠯᠡᠳᠬᠡᠬᠦ ᠵᠣᠬᠢᠬᠤ ᠬᠡᠮᠵᠢᠶᠡᠨ ᠤ ᠴᠢᠳᠠᠪᠤᠷᠢ ᠲᠠᠢ ᠪᠠᠶᠢᠬᠤ ᠬᠡᠷᠡᠭᠲᠡᠢ︔    4 . ᠰᠠᠨᠠᠯ ᠢᠶᠠᠨ ᠪᠤᠰᠤᠳᠴᠢ ᠪᠠᠷ ᠢᠯᠡᠳᠬᠡᠵᠦ ᠴᠢᠳᠠᠬᠤ ᠪᠥᠭᠡᠳ ᠲᠣᠭᠲᠠᠭᠰᠠᠨ ᠴᠠᠭ ᠲᠤ ᠪᠦᠬᠦ ᠶᠠᠪᠤᠴᠠ ᠳᠤ ᠬᠤᠷᠠᠯ ᠳᠤ ᠣᠷᠣᠯᠴᠠᠵᠤ ᠴᠢᠳᠠᠬᠤ ᠬᠡᠷᠡᠭᠲᠡᠢ︔    5 . ᠭᠡᠷᠡᠴᠢᠯᠡᠯᠲᠡ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠠ ᠠᠩᠬᠠᠷᠬᠤ ᠵᠦᠢᠯᠡᠰ ᠢ ᠵᠢᠷᠤᠮᠯᠠᠨ ᠰᠠᠬᠢᠬᠤ ᠬᠡᠷᠡᠭᠲᠡᠢ᠃    ︵ᠬᠤᠶᠠᠷ︶ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠤᠷᠢᠨ ᠣᠷᠣᠯᠴᠠᠭᠤᠯᠤᠨ᠎ᠠ᠃    ︵ᠭᠤᠷᠪᠠ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠳᠠᠰᠤᠭ ᠤᠨ ᠠᠵᠢᠯᠲᠠᠨ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ ᠬᠥᠮᠦᠰ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠨᠠᠶᠢᠳᠠᠵᠤ ᠪᠠᠲᠤᠯᠠᠨ ᠲᠠᠨᠢᠯᠴᠠᠭᠤᠯᠵᠤ ᠪᠣᠶ ᠪᠣᠯᠭᠠᠬᠤ ᠪᠤᠶᠤ ᠤᠷᠢᠨ ᠬᠡᠷᠡᠭᠯᠡᠨ᠎ᠡ᠃    ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ   ᠣᠷᠣᠯᠴᠠᠬᠤ ᠰᠠᠨᠠᠭ᠎ᠠ ᠲᠠᠢ ᠬᠥᠮᠦᠰ 8 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠪᠡᠶ᠎ᠡ ᠶᠢᠨ ᠦᠨᠡᠮᠯᠡᠯ ᠤᠨ ᠰᠢᠷᠪᠢᠯᠲᠡ ᠪᠠ ︽ᠭᠡᠷᠡᠴᠢᠯᠡᠯᠲᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ᠶᠢ ᠢᠮᠧᠯ 450873723@qq.com ᠲᠤ ᠢᠯᠡᠭᠡᠬᠦ ᠪᠤᠶᠤ ᠹᠠᠺᠰ 0471 - 6606125 ᠳᠤ ᠢᠯᠡᠭᠡᠭᠡᠷᠡᠶ᠃    ᠬᠠᠷᠢᠯᠴᠠᠬᠤ ᠬᠥᠮᠦᠨ᠄ ᠴᠧᠨ ᠶᠠᠨ ᠯᠦᠩ    ᠬᠠᠷᠢᠯᠴᠠᠬᠤ ᠤᠲᠠᠰᠤ᠄ 0471 - 6606294    ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠳᠥᠷᠪᠡᠳᠦᠭᠡᠷ ᠳᠠᠪᠬᠤᠷᠭ᠎ᠠ ᠶᠢᠨ 411 ᠥᠷᠦᠭᠡ     ᠳᠠᠭᠠᠯᠳᠤᠭᠤᠯᠤᠯ᠄ ᠭᠡᠷᠡᠴᠢᠯᠡᠯᠲᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ          2022 ᠣᠨ ᠤ 8 ᠳ᠋ᠤᠭᠠᠷ ᠰᠠᠷ᠎ᠠ ᠶᠢᠨ 15 ᠤ ᠡᠳᠦᠷ    ᠳᠠᠭᠠᠯᠳᠤᠭᠤᠯᠤᠯ᠄ ᠭᠡᠷᠡᠴᠢᠯᠡᠯᠲᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ.docx 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号