︽2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/17
    2022 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠤᠯᠪᠣᠭᠠᠯᠠᠨ ︽2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2022﹈ 21 ᠳ᠋ᠦ᠋ᠭᠡᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠪᠤᠷᠢᠯᠠᠪᠠ      ᠨᠢᠭᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠠᠯᠠ ᠮᠥᠩᠭᠦ ᠴᠤᠭᠯᠠᠭᠤᠯᠬᠤ ᠪᠠᠷᠢᠮᠵᠢᠶ᠎ᠠ ᠶᠢ ᠶᠠᠭᠠᠬᠢᠵᠤ ᠲᠣᠬᠢᠷᠠᠭᠤᠯᠤᠭᠰᠠᠨ ᠪᠣᠶ︖     ᠡᠮᠴᠢᠯᠡᠭᠡᠨ ᠤ ᠵᠠᠷᠤᠳᠠᠯ ᠤᠨ ᠨᠡᠮᠡᠭᠳᠡᠯ ᠢ ᠵᠣᠬᠢᠴᠠᠭᠤᠯᠬᠤ ᠪᠠ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠦᠭᠡ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ︽ᠮᠡᠳᠡᠭᠳᠡᠯ︾ ᠳᠤ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠪᠠᠯᠠ ᠮᠥᠩᠭᠦ ᠴᠤᠭᠯᠠᠭᠤᠯᠬᠤ ᠪᠠᠷᠢᠮᠵᠢᠶ᠎ᠠ ᠶᠢ ᠵᠦᠶ ᠵᠣᠬᠢᠰᠲᠠᠶ ᠳᠡᠭᠡᠭᠰᠢᠯᠡᠭᠦᠯᠵᠦ᠂ ᠬᠥᠮᠦᠨ ᠳᠤᠮᠳᠠᠴᠢ ᠶᠢᠨ ᠪᠠᠯᠠ ᠴᠤᠭᠯᠠᠭᠤᠯᠬᠤ ᠪᠠᠷᠢᠮᠵᠢᠶ᠎ᠠ ᠶᠢ 970 ᠲᠥᠭᠦᠷᠢᠭ ᠲᠤ ᠬᠦᠷᠭᠡᠪᠡ᠃ ᠡᠭᠦᠨ ᠳᠤ᠂ ᠡᠯ᠎ᠡ ᠱᠠᠲᠤᠨ ᠤ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠶᠢ ᠲᠤᠰᠠᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ 2022 ᠣᠨ ᠳᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠳᠤᠮᠳᠠᠴᠢ 30 ᠲᠥᠭᠦᠷᠢᠭ ᠨᠡᠮᠡᠭᠳᠡᠭᠦᠯᠵᠦ᠂ ᠬᠥᠮᠦᠨ ᠨᠢᠭᠡ ᠪᠦᠷᠢ ᠵᠢᠯ ᠤᠨ 610 ᠲᠥᠭᠦᠷᠢᠭ ᠠᠴᠠ ᠳᠤᠤᠷ᠎ᠠ ᠪᠠᠶᠢᠯᠭᠠᠬᠤ ᠥᠬᠡᠶ ᠭᠡᠵᠦ ᠱᠠᠭᠠᠷᠳᠠᠪᠠ︔ ᠬᠤᠪᠢ ᠬᠥᠮᠦᠨ ᠤ ᠵᠠᠷᠤᠳᠠᠯ ᠲᠤᠰᠢᠶᠠᠬᠤ ᠪᠠᠷᠢᠮᠵᠢᠶ᠎ᠠ ᠳᠤ ᠬᠥᠮᠦᠨ ᠪᠦᠷᠢ ᠵᠢᠯ ᠤᠨ 360 ᠲᠥᠭᠦᠷᠢᠭ ᠠᠴᠠ ᠳᠤᠤᠷ᠎ᠠ ᠪᠠᠶᠢᠯᠭᠠᠬᠤ ᠥᠬᠡᠶ ᠶᠢ ᠪᠡᠶᠡᠯᠡᠭᠦᠯᠪᠡ᠃ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠦᠷᠭᠦᠯᠵᠢᠯᠡᠨ ᠵᠣᠬᠢᠬᠤ ᠬᠡᠮᠵᠢᠶᠡᠨ ᠤ ᠵᠣᠭᠤᠰ ᠭᠠᠷᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠮᠥᠩᠭᠦ ᠳᠤ ᠬᠡᠷᠡᠭᠯᠡᠵᠦ᠂ ᠬᠤᠪᠢ ᠬᠥᠮᠦᠨ ᠳᠠᠬᠢᠵᠤ ᠠᠰ ᠲᠤ ᠨᠢ ᠰᠦᠢᠳᠬᠡᠯ ᠲᠤᠰᠢᠶᠠᠬᠤ ᠴᠢᠬᠤᠯᠠ ᠦᠭᠡᠶ ᠪᠠᠷ ᠬᠦᠨᠳᠦ ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠢ ᠬᠦᠷᠲᠡᠵᠦ᠂ ᠥᠨᠳᠦᠷ ᠦᠨᠡᠲᠡᠢ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠣᠷᠣᠰᠢᠨ ᠰᠠᠭᠤᠬᠤ ᠦᠨᠡᠮᠯᠡᠯ ᠢᠶᠠᠷ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠡᠨ ᠬᠦ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠵᠤ᠂ ᠣᠷᠣᠰᠢᠨ ᠰᠠᠭᠤᠬᠤ ᠦᠨᠡᠮᠯᠡᠯ ᠢᠶᠠᠷ ᠢᠶᠠᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠪᠣᠯ ᠡᠯ᠎ᠡ ᠱᠠᠲᠤᠨ ᠤ ᠡᠳ᠋ ᠤᠨ ᠵᠠᠰᠠᠭ ᠠᠴᠠ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠠᠢ ᠠᠳᠠᠯᠢ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃     ᠬᠤᠶᠠᠷ᠂ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠳᠤ ᠶᠠᠮᠠᠷ ᠶᠠᠮᠠᠷ ᠠᠵᠢᠯ ᠤᠨ ᠱᠠᠭᠠᠷᠳᠠᠯᠭ᠎ᠠ ᠪᠠᠶᠢᠬᠤ ᠪᠣᠶ︖     ︽ᠮᠡᠳᠡᠭᠳᠡᠯ︾ ᠳᠤ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ᠂ ᠵᠢᠭᠠᠬᠠᠨ ᠦᠯᠡᠳᠡᠪᠦᠷᠢ ᠲᠠᠢ ᠪᠠᠶᠢᠯᠭᠠᠬᠤ︾ ᠵᠠᠷᠴᠢᠮ ᠢ ᠪᠠᠷᠢᠮᠲᠠᠯᠠᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡ ᠶᠢᠨ ᠠᠪᠤᠷᠠᠨ ᠲᠤᠰᠠᠯᠠᠮᠵᠢ ᠭᠡᠬᠦ ᠭᠤᠷᠪᠠᠨ ᠳᠠᠪᠬᠤᠷ ᠲᠦᠷᠢᠮ ᠤᠨ ᠶᠡᠷᠦᠩᠬᠡᠶᠢᠯᠡᠭᠰᠡᠨ ᠪᠠᠲᠤᠯᠠᠭᠠᠨ ᠤ ᠦᠢᠯᠡᠳᠦᠯ ᠪᠠ ᠴᠢᠳᠠᠮᠵᠢ ᠶᠢ ᠨᠢᠭᠡᠳᠦᠯᠲᠡᠶ ᠲᠥᠯᠥᠪᠵᠢᠭᠦᠯᠦᠨ ᠪᠠᠳᠠᠷᠠᠭᠤᠯᠤᠨ᠎ᠠ᠃ ᠭᠤᠤᠯᠳᠠᠭᠤ ᠭᠤᠷᠪᠠᠨ ᠲᠠᠯ᠎ᠠ ᠠᠴᠠ 2022 ᠣᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠬᠠᠷᠠᠭᠠᠯᠵᠠᠯ ᠢ ᠪᠠᠲᠤᠯᠠᠬᠤ ᠠᠵᠢᠯ ᠤᠨ ᠱᠠᠭᠠᠷᠳᠠᠯᠭ᠎ᠠ ᠶᠢ ᠳᠤᠷᠠᠳᠪᠠ᠃ ᠨᠢᠭᠡ ᠳᠤ᠂ ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ ᠲᠥᠪᠰᠢᠨ ᠢ ᠲᠣᠭᠲᠠᠭᠤᠨ ᠪᠠᠶᠢᠯᠭᠠᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠡᠮᠴᠢᠯᠡᠭᠡᠨ ᠤ ᠵᠠᠷᠤᠳᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠠᠷᠢᠴᠠᠯ ᠢ 70 % ᠣᠷᠴᠢᠮ ᠳᠤ ᠲᠣᠭᠲᠠᠭᠤᠨ ᠪᠠᠶᠢᠯᠭᠠᠨ᠎ᠠ᠃ ᠬᠤᠶᠠᠷ ᠲᠤ᠂ ᠡᠭᠦᠳᠡᠨ ᠡᠮᠨᠡᠯᠭᠡ ᠶᠢᠨ ᠪᠠᠲᠤᠯᠠᠭᠠᠨ ᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠳᠤ ᠡᠮ ᠬᠡᠷᠡᠭᠯᠡᠬᠦ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠠᠬᠢ ︽ᠬᠤᠶᠠᠷ ᠡᠪᠡᠳᠴᠢᠨ︾ ᠳᠤ ᠬᠡᠷᠡᠭᠯᠡᠬᠦ ᠡᠮ ᠪᠦᠬᠦᠨ ᠢ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠳᠤ ᠡᠮ ᠬᠡᠷᠡᠭᠯᠡᠬᠦ ᠪᠠᠲᠤᠯᠠᠭᠠᠨ ᠤ ᠬᠡᠪᠴᠢᠶᠡᠨ ᠳᠤ ᠣᠷᠣᠭᠤᠯᠵᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ᠂ ᠣᠨᠴᠠᠭᠠᠢ ᠡᠪᠡᠳᠴᠢᠨ ︵ᠳᠣᠷᠣᠭᠰᠢ ︽ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ︾ ᠭᠡᠵᠦ ᠲᠣᠪᠴᠢᠯᠠᠨ᠎ᠠ︶ ᠤ ᠪᠠᠲᠤᠯᠠᠭ᠎ᠠ ᠶᠢ ᠲᠡᠭᠦᠯᠳᠡᠷᠵᠢᠭᠦᠯᠵᠦ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠠᠬᠢ ᠪᠠᠲᠤᠯᠠᠭᠠᠨ ᠤ ᠴᠢᠳᠠᠮᠵᠢ ᠶᠢ ᠴᠢᠩᠭᠠᠷᠠᠭᠤᠯᠵᠤ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠴᠦ ᠪᠠᠨ ᠬᠠᠮᠲᠤᠳᠬᠠᠨ ᠬᠥᠩᠭᠡᠷᠡᠭᠦᠯᠦᠨ᠎ᠡ᠃ ᠭᠤᠷᠪᠠ ᠳᠤ᠂ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠬᠠᠷᠠᠭᠠᠯᠵᠠᠯ ᠢ ᠵᠦᠶ ᠵᠣᠬᠢᠰᠲᠠᠶ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠨ᠎ᠠ᠃     ᠭᠤᠷᠪᠠ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠦᠷ᠎ᠡ ᠪᠥᠲᠦᠮᠵᠢ ᠶᠢ ᠪᠠᠬᠢᠵᠢᠭᠦᠯᠦᠨ ᠥᠷᠭᠡᠳᠬᠡᠬᠦ ᠲᠠᠯ᠎ᠠ ᠪᠠᠷ ᠶᠠᠮᠠᠷ  ᠶᠠᠮᠠᠷ ᠪᠣᠳᠠᠲᠠᠶ ᠠᠷᠭ᠎ᠠ ᠬᠡᠮᠵᠢᠶ᠎ᠡ ᠪᠠᠶᠢᠬᠤ ᠪᠣᠶ︖      ᠠᠷᠠᠳ ᠤᠨ ᠠᠮᠢᠳᠤᠷᠠᠯ ᠤᠨ ᠪᠠᠲᠤᠯᠠᠭᠠᠨ ᠤ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠶᠢᠨ ᠲᠥᠯᠥᠭᠡ᠂ ︽ᠮᠡᠳᠡᠭᠳᠡᠯ︾ ᠳᠤ ᠳᠥᠷᠪᠡᠨ ᠵᠦᠢᠯ ᠤᠨ ᠱᠠᠭᠠᠷᠳᠠᠯᠭ᠎ᠠ ᠳᠤᠷᠠᠳᠴᠠᠶ᠃ ᠨᠢᠭᠡ ᠳᠤ᠂ ᠬᠦᠴᠢᠷᠳᠡᠯᠲᠡᠶ ᠣᠯᠠᠨ ᠲᠦᠮᠡᠨ ᠢ ᠳᠡᠳᠬᠦᠨ ᠲᠤᠰᠠᠯᠠᠵᠤ ᠳᠠᠭᠠᠳᠬᠠᠯ ᠳᠤ ᠣᠷᠣᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠨᠴᠠ ᠬᠦᠴᠢᠷᠳᠡᠯᠲᠡᠶ ᠬᠥᠮᠦᠰ ᠢ ᠪᠥᠬᠦ ᠲᠤᠭ᠎ᠠ ᠪᠠᠷ ᠳᠡᠳᠬᠦᠨ ᠲᠤᠰᠠᠯᠠᠵᠤ᠂ ᠳᠣᠣᠷ᠎ᠠ ᠪᠠᠲᠤᠯᠠᠭ᠎ᠠ ᠭᠥᠷᠳᠡᠭᠰᠡᠳ᠂ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠨ ᠠᠮᠠ ᠶᠢ ᠲᠣᠭᠲᠠᠭᠰᠠᠨ ᠨᠣᠷᠮ᠎ᠠ ᠪᠠᠷ ᠲᠤᠰᠠᠯᠠᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠪᠠᠯᠠ ᠮᠥᠩᠭᠦ ᠶᠢ ᠪᠦᠬᠦᠨ ᠢ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠢᠨᠠᠨ ᠰᠢᠯᠭᠠᠬᠤ᠂ ᠥᠨᠳᠦᠷ ᠦᠨᠡᠲᠡᠢ ᠵᠠᠷᠤᠳᠠᠯ ᠢ ᠡᠭᠦᠷᠭᠡᠯᠡᠵᠦ ᠪᠠᠶᠢᠭ᠎ᠠ ᠡᠪᠡᠳᠴᠢᠲᠡᠨ ᠳᠤ ᠤᠷᠢᠳᠴᠢᠯᠠᠨ ᠰᠡᠷᠡᠮᠵᠢᠯᠡᠭᠦᠯᠬᠦ᠂ ᠰᠠᠯᠠᠭ᠎ᠠ ᠮᠥᠴᠢᠷ ᠤᠨ ᠬᠤᠭᠤᠷᠤᠨᠳᠤᠬᠢ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠲᠦᠭᠰᠢᠭᠦᠷᠢ ᠶᠢ ᠬᠠᠮᠵᠢᠯᠴᠠᠨ ᠰᠢᠢᠳᠪᠦᠷᠢᠯᠡᠬᠦ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ᠂ ᠭᠤᠶᠤᠴᠢᠯᠠᠵᠤ ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠳᠥᠷᠪᠡ ᠳᠤ᠂ ᠲᠦᠷ ᠴᠠᠭ ᠠᠪᠤᠷᠠᠨ ᠲᠤᠰᠠᠯᠠᠬᠤ᠂ ᠪᠤᠶᠠᠨ ᠦᠢᠯᠡᠳᠴᠦ ᠠᠪᠤᠷᠠᠨ ᠲᠤᠰᠠᠯᠠᠬᠤ ᠵᠡᠷᠭᠡ  ᠯᠦᠭᠡ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃     ᠳᠥᠷᠪᠡ᠂ ᠡᠮᠴᠢᠯᠡᠭᠡ ᠶᠢᠨ ᠳᠠᠭᠠᠳᠬᠠᠯ ᠤᠨ ᠲᠦᠷᠢᠮ ᠤᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠲᠤ ᠴᠢᠨᠠᠷ ᠢ ᠶᠠᠭᠠᠬᠢᠵᠤ ᠴᠢᠩᠭᠠᠳᠬᠠᠬᠤ ᠪᠣᠶ︖     ︽ᠮᠡᠳᠡᠭᠳᠡᠯ︾ ᠳᠤ ᠲᠦᠷᠢᠮ ᠢ ᠵᠢᠷᠤᠮᠵᠢᠭᠤᠯᠤᠨ ᠨᠢᠭᠡᠳᠭᠡᠬᠦ ᠶᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠂ ᠡᠭᠦᠨ ᠳᠤ ᠳᠥᠷᠪᠡᠨ ᠲᠠᠯ᠎ᠠ ᠶᠢᠨ ᠱᠠᠭᠠᠷᠳᠠᠯᠭ᠎ᠠ ᠶᠢ ᠪᠠᠭᠲᠠᠭᠠᠨ᠎ᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠲᠦᠷᠢᠮ ᠤᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠮᠡᠳᠡᠯ ᠢ ᠵᠢᠷᠤᠮᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠬᠠᠮᠢᠶᠠᠷᠤᠯᠲᠠ ᠶᠢ ᠬᠠᠤᠯᠢ ᠪᠠᠷ ᠵᠠᠰᠠᠬᠤ᠂ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ᠬᠤᠶᠠᠷ ᠲᠤ᠂ ᠪᠥᠬᠦ ᠤᠯᠤᠰ ᠤᠨ ᠡᠮ ᠬᠡᠷᠡᠭᠯᠡᠬᠦ ᠬᠡᠪᠴᠢᠶ᠎ᠡ ᠶᠢ ᠦᠨᠳᠦᠰᠦᠨ ᠳᠤ ᠪᠠᠨ ᠨᠢᠭᠡᠳᠦᠯᠲᠡᠶ ᠪᠣᠯᠭᠠᠬᠤ ᠶᠢ ᠠᠬᠢᠭᠤᠯᠤᠨ᠎ᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠳᠦᠯᠲᠡᠶ ᠲᠥᠯᠥᠪᠯᠡᠭᠡ ᠶᠢ ᠯᠠᠪᠳᠠᠭᠤᠨ ᠢᠶᠠᠷ ᠠᠬᠢᠭᠤᠯᠵᠤ᠂ ᠠᠵᠢᠯᠲᠠᠨ ᠠᠵᠢᠯᠴᠢᠳ ᠤᠨ ᠡᠮᠴᠢᠯᠡᠭᠡ ᠶᠢᠨ ᠳᠠᠭᠠᠳᠬᠠᠯ ᠪᠣᠯᠤᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠢ ᠲᠥᠷᠥᠯ ᠬᠤᠪᠢᠶᠠᠨ ᠲᠤᠭᠤᠰᠢᠯᠠᠭᠤᠯᠤᠨ ᠠᠬᠢᠭᠤᠯᠤᠨ᠎ᠠ᠃ ᠳᠥᠷᠪᠡ ᠳᠤ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠬᠠᠷᠠᠭᠠᠯᠵᠠᠯ ᠤᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠎ᠠ᠃     ᠲᠠᠪᠤ᠂ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠵᠢᠯ ᠳᠤ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠪᠠᠶᠢᠬᠤ ᠪᠣᠶ︖     ︽ᠮᠡᠳᠡᠭᠳᠡᠯ︾ ᠳᠤ ᠳᠥᠷᠪᠡᠨ ᠵᠦᠢᠯ ᠤᠨ ᠱᠠᠭᠠᠷᠳᠠᠯᠭ᠎ᠠ ᠶᠢ ᠳᠤᠷᠠᠳᠪᠠ᠃ ᠨᠢᠭᠡ ᠳᠤ᠂ ᠡᠮᠴᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠤᠨ ᠭᠠᠷᠴᠠᠭ ᠤᠨ ᠬᠠᠮᠢᠶᠠᠷᠤᠯᠲᠠ ᠶᠢ ᠴᠢᠩᠭᠠᠳᠬᠠᠵᠤ᠂ ᠬᠡᠯᠡᠯᠴᠡᠭᠡ ᠬᠢᠭᠰᠡᠨ ᠡᠮ ᠤᠨ ᠵᠦᠢᠯ ᠤᠨ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢ ᠪᠣᠳᠠᠲᠠᠶ ᠪᠥᠭᠡᠳ ᠨᠠᠷᠢᠯᠢᠭ ᠬᠢᠨ᠎ᠠ᠃ ᠬᠤᠶᠠᠷ ᠲᠤ᠂ ᠡᠮᠴᠢᠯᠡᠭᠡᠨ ᠤ ᠪᠠᠲᠤᠯᠠᠭ᠎ᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠭᠤᠷᠪᠠ ᠳᠤ᠂ ︽DRG / DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︾ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠡᠭᠦᠳᠡᠨ ᠡᠮᠨᠡᠯᠭᠡ ᠪᠠ ᠬᠢᠲᠠᠳ ᠡᠮᠨᠡᠯᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠤᠨ᠎ᠠ᠃ ᠳᠥᠷᠪᠡ ᠳᠤ᠂ ᠡᠮᠴᠢᠯᠡᠭᠡᠨ ᠤ ᠪᠠᠶᠢᠭᠤᠯᠤᠮᠵᠢ ᠪᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢ ᠴᠡᠭ ᠲᠣᠭᠲᠠᠭᠠᠨ ᠬᠠᠮᠢᠶᠠᠷᠬᠤ ᠶᠢ ᠲᠡᠭᠦᠯᠳᠡᠷᠵᠢᠭᠦᠯᠦᠨ᠎ᠡ᠃     ᠵᠢᠷᠭᠤᠭ᠎ᠠ᠂ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠠ ᠦᠨ᠎ᠡ ᠬᠠᠩᠰᠢ ᠶᠢ ᠬᠠᠮᠢᠶᠠᠷᠬᠤ ᠠᠵᠢᠯ ᠳᠤ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠪᠠᠶᠢᠬᠤ ᠪᠣᠶ︖     ︽ᠮᠡᠳᠡᠭᠳᠡᠯ︾ ᠳᠤ ᠳᠥᠷᠪᠡᠨ ᠲᠠᠯ᠎ᠠ ᠶᠢᠨ ᠱᠠᠭᠠᠷᠳᠠᠯᠭ᠎ᠠ ᠶᠢ ᠳᠤᠷᠠᠳᠪᠠ᠃ ᠨᠢᠭᠡ ᠳᠤ᠂ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠦᠷᠭᠦᠯᠵᠢᠯᠡᠨ ᠠᠬᠢᠭᠤᠯᠤᠨ᠎ᠠ᠃ ᠤᠯᠤᠰ ᠠᠴᠠ ᠵᠣᠬᠢᠶᠠᠨ ᠪᠠᠶᠢᠭᠤᠯᠤᠭᠰᠠᠨ ᠲᠥᠪᠯᠡᠷᠡᠭᠦᠯᠦᠨ ᠬᠤᠳᠠᠯᠳᠤᠨ ᠠᠪᠬᠤ ᠪᠠ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠲᠥᠪᠯᠡᠷᠡᠭᠦᠯᠦᠨ ᠬᠤᠳᠠᠯᠳᠤᠨ ᠠᠪᠬᠤ ᠶᠢ ᠨᠠᠶᠢᠳᠠᠪᠤᠷᠢᠵᠢᠭᠤᠯᠤᠨ᠎ᠠ᠃ 2022 ᠣᠨ ᠤ ᠡᠴᠦᠰ ᠲᠤ ᠡᠮ ᠤᠨ ᠲᠥᠷᠥᠯ ᠵᠦᠢᠯ ᠢ 400 ᠠᠴᠠ ᠳᠡᠭᠡᠭᠰᠢ ᠲᠥᠪᠯᠡᠷᠡᠭᠦᠯᠦᠨ ᠬᠤᠳᠠᠯᠳᠤᠨ ᠠᠪᠴᠤ᠂ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠵᠦᠢᠯ ᠢ 7 ᠠᠴᠠ ᠳᠡᠭᠡᠭᠰᠢ ᠪᠣᠯᠭᠠᠨ᠎ᠠ᠃ ᠬᠤᠶᠠᠷ ᠲᠤ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠳᠥᠷᠪᠡ ᠳᠤ᠂ ᠡᠮ ᠡᠮᠨᠡᠯᠭᠡ ᠶᠢᠨ ᠦᠨ᠎ᠡ ᠬᠠᠩᠰᠢ ᠶᠢ ᠬᠢᠨᠠᠨ ᠰᠢᠯᠭᠠᠬᠤ ᠢᠨᠵᠧᠨᠧᠷᠢᠩ ᠢ ᠡᠬᠢᠯᠡᠭᠦᠯᠵᠦ᠂ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠦᠨᠡᠴᠢ ᠢᠲᠡᠭᠡᠮᠵᠢ ᠶᠢ ᠦᠨᠡᠯᠡᠬᠦ ᠲᠦᠷᠢᠮ ᠤᠨ ᠬᠡᠷᠡᠭᠵᠢᠭᠦᠯᠦᠯᠲᠡ ᠶᠢ ᠦᠷᠭᠦᠯᠵᠢᠯᠡᠨ ᠠᠬᠢᠭᠤᠯᠤᠨ᠎ᠠ᠃     ᠲᠤᠯᠤᠭ᠎ᠠ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠪᠠ ᠬᠢᠷᠢ ᠪᠦᠲᠦᠮᠵᠢ ᠶᠢᠨ ᠬᠠᠮᠢᠶᠠᠷᠤᠯᠲᠠ ᠶᠢ ᠶᠠᠭᠠᠬᠢᠵᠤ ᠴᠢᠩᠭᠠᠳᠬᠠᠬᠤ ᠪᠤᠢ︖     ︽ᠮᠡᠳᠡᠭᠳᠡᠯ︾ ᠳᠤ᠂ 2022 ᠣᠨ ᠳᠤ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠪᠠ ᠬᠢᠷᠢ ᠪᠦᠲᠦᠮᠵᠢ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ ᠨᠢᠭᠡ ᠳᠤ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠳᠣᠭᠲᠠᠯᠴᠠᠭ᠎ᠠ ᠪᠠ ᠬᠠᠤᠯᠢ ᠬᠡᠷᠡᠭᠵᠢᠭᠦᠯᠬᠦ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠶᠠᠷ ᠲᠤ᠂ ᠳᠠᠭᠠᠳᠬᠠᠯ ᠢ ᠮᠡᠬᠡᠯᠡᠬᠦ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠤᠯᠪᠣᠯᠳᠤᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠲᠦᠷᠢᠮ ᠢ ᠪᠦᠷᠢᠳᠦᠭᠦᠯᠵᠦ᠂ ᠠᠵᠢᠯ ᠤᠨ ᠪᠠᠨᠶᠢᠷᠢᠰᠢᠯᠠᠭᠤᠯᠤᠯᠲᠠ ᠶᠢ ᠪᠣᠢ ᠪᠣᠯᠭᠠᠨ᠎ᠠ᠃ ᠳᠥᠷᠪᠡ ᠳᠤ᠂ ᠰᠠᠭᠤᠷᠢ ᠮᠥᠩᠭᠦᠨ ᠤ ᠲᠥᠰᠦᠪ ᠤᠨ ᠬᠢᠷᠢ ᠪᠦᠲᠦᠮᠵᠢ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠪᠠᠶᠢᠳᠠᠯ ᠤᠨ ᠵᠠᠳᠠᠯᠤᠯᠲᠠ ᠶᠢ ᠥᠷᠨᠢᠭᠦᠯᠵᠦ᠂ ᠬᠢᠨᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠵᠤ᠂ ᠰᠠᠭᠤᠷᠢ ᠮᠥᠩᠭᠦᠨ ᠤ ᠠᠵᠢᠯᠯᠠᠭᠠᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃     ᠨᠠᠢᠮᠠ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠶᠠᠭᠠᠬᠢᠵᠤ ᠦᠷᠭᠦᠯᠵᠢᠯᠡᠨ ᠰᠢᠯᠢᠳᠡᠭᠵᠢᠭᠦᠯᠬᠦ ᠪᠣᠶ︖     ︽ᠮᠡᠳᠡᠭᠳᠡᠯ︾ ᠳᠤ ᠭᠠᠷᠲᠠᠨ ᠭᠦᠢᠴᠡᠳᠭᠡᠬᠦ᠂ ᠬᠠᠮᠢᠶᠠᠷᠬᠤ᠂ ᠦᠢᠯᠡᠴᠢᠯᠡᠬᠦ ᠲᠠᠯ᠎ᠠ ᠪᠠᠷ ᠲᠠᠪᠤᠨ ᠵᠦᠢᠯ ᠤᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠭᠠᠷᠲᠠᠨ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠵᠤ ᠵᠢᠷᠤᠮᠵᠢᠭᠤᠯᠬᠤ ᠶᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠭᠡᠬᠦ ᠲᠦᠷᠢᠮ ᠲᠣᠭᠲᠠᠭᠠᠯ ᠪᠠ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷ ᠬᠡᠷᠡᠭᠵᠢᠭᠦᠯᠬᠦ ᠠᠷᠭ᠎ᠠ ᠶᠢ ᠨᠠᠶᠢᠳᠠᠪᠤᠷᠢᠵᠢᠭᠤᠯᠵᠤ᠂ ᠰᠢᠯᠵᠢᠭᠦᠯᠦᠨ ᠦᠷᠭᠦᠯᠵᠢᠯᠡᠭᠦᠯᠬᠦ ᠪᠠ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠦᠷᠭᠦᠯᠵᠢᠯᠡᠨ ᠰᠠᠶᠢᠲᠤᠷ ᠬᠢᠨ᠎ᠠ᠃ ᠭᠤᠷᠪᠠ ᠳᠤ᠂ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠰᠦᠯᠵᠢᠶᠡᠨ ᠳᠡᠭᠡᠷ᠎ᠡ ᠵᠠᠷᠤᠳᠠᠯ ᠲᠤᠰᠢᠶᠠᠬᠤ ᠤᠶᠤᠨᠴᠢᠯᠠᠭᠰᠠᠨ ᠠᠷᠭ᠎ᠠ ᠵᠠᠮ ᠪᠣᠯᠤᠨ ᠰᠦᠯᠵᠢᠶᠡᠨ ᠭᠠᠳᠠᠨ᠎ᠠ ᠵᠠᠷᠤᠳᠠᠯ ᠲᠤᠰᠢᠶᠠᠬᠤ ᠤᠯᠠᠮᠵᠢᠯᠠᠯᠲᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠠᠷᠤᠳᠠᠯ ᠲᠤᠰᠢᠶᠠᠬᠤ ᠳᠤ ᠲᠥᠬᠦᠮ ᠦᠵᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠥᠷᠪᠡ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠲᠡᠨ ᠤ ᠡᠮᠴᠢᠯᠡᠭᠡᠨ ᠤ ᠵᠠᠷᠤᠳᠠᠯ ᠢ ᠳ᠋ᠦᠩᠨᠡᠨ ᠪᠤᠳᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠵᠢᠴᠢ ᠲᠠᠷᠢᠯᠭ᠎ᠠ ᠶᠢᠨ ᠵᠠᠷᠤᠳᠠᠯ ᠢ ᠳᠠᠷᠤᠢ ᠳᠤ ᠨᠢ ᠳ᠋ᠦᠩᠨᠡᠨ ᠪᠤᠳᠤᠨ᠎ᠠ᠃ ᠲᠠᠪᠤ ᠳᠤ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠰᠠᠶᠢᠲᠤᠷ ᠬᠢᠵᠦ᠂ ᠡᠭᠦᠳᠡᠨ ᠡᠮᠨᠡᠯᠭᠡ ᠶᠢᠨ 5 ᠵᠦᠢᠯ ᠤᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠠᠬᠢᠭᠤᠯᠤᠨ᠎ᠠ᠃     ᠶᠢᠰᠦ᠂ ᠡᠮᠴᠢᠯᠡᠭᠡᠨ ᠤ ᠪᠠᠲᠤᠯᠠᠭ᠎ᠠ ᠶᠢ ᠪᠠᠷᠢᠮᠵᠢᠶᠠᠵᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠶᠠᠭᠠᠬᠢᠵᠤ ᠠᠬᠢᠭᠤᠯᠬᠤ ᠪᠣᠶ︖        ︽ᠮᠡᠳᠡᠭᠳᠡᠯ︾ ᠳᠤ᠂ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠲᠤᠬᠠᠶᠢᠯᠠᠭᠰᠠᠨ ᠠᠵᠢᠯ ᠤᠨ ᠺᠣᠳ᠋ ᠤᠨ ᠪᠠᠷᠢᠮᠵᠢᠶ᠎ᠠ ᠶᠢ ᠬᠠᠮᠠᠭᠠᠯᠠᠨ ᠬᠡᠷᠡᠭᠯᠡᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠷᠢᠨ ᠲᠡᠭᠦᠯᠳᠡᠷ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠤ ᠬᠠᠮᠠᠭᠠᠯᠠᠯᠲᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠳᠣᠭᠲᠠᠯᠴᠠᠭ᠎ᠠ ᠶᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠪᠠ‌ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠪᠠᠷ ᠡᠯ᠎ᠡ ᠭᠠᠵᠠᠷ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠠᠵᠢᠯ ᠤᠨ ᠱᠠᠭᠠᠷᠳᠠᠯᠭ᠎ᠠ ᠳᠤᠷᠠᠳᠴᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号