︽ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ᠵᠠᠷᠤᠳᠠᠯ ᠬᠤᠷᠢᠶᠠᠬᠤ ᠪᠠ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠤᠰᠬᠠᠶ ᠵᠠᠰᠠᠯᠲᠠ ᠶᠢ ᠥᠷᠨᠢᠭᠦᠯᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠤᠤᠷᠠᠭ︶︾ ᠤᠨ ᠢᠯᠡ ᠪᠠᠷ ᠰᠠᠨᠠᠯ ᠬᠤᠷᠢᠶᠠᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/8/19
   ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠦᠭᠡ᠂ ᠶᠢᠰᠦᠨ ᠶᠠᠮᠤᠨ ᠵᠥᠪᠯᠡᠯ ᠬᠠᠮᠲᠤᠷᠠᠨ ᠳᠠᠷᠤᠮᠠᠯᠠᠯᠠᠨ ᠲᠠᠷᠬᠠᠭᠠᠭᠰᠠᠨ ︽2022 ᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ ᠬᠡᠪᠴᠢᠶ᠎ᠡ ᠪᠠ ᠡᠮᠴᠢᠯᠡᠭᠡᠨ ᠤ ᠦᠢᠯᠡᠴᠢᠯᠡᠭᠡ ᠶᠢᠨ ᠲᠥᠪ ᠪᠤᠰᠤ ᠰᠤᠷᠲᠠᠯ ᠢ ᠵᠠᠯᠠᠷᠠᠭᠤᠯᠬᠤ ᠠᠵᠢᠯ ᠤᠨ ᠭᠤᠤᠯᠳᠠᠯᠭ᠎ᠠ︾ ᠶᠢᠨ ᠱᠠᠭᠠᠷᠳᠠᠯᠭ᠎ᠠ ᠶᠣᠰᠣᠭᠠᠷ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠪᠠ ᠠᠵᠢᠯ ᠲᠥᠷᠥᠯ ᠤᠨ ᠰᠠᠨᠠᠯ ᠢ ᠬᠤᠷᠢᠶᠠᠭᠰᠠᠨ ᠪᠠᠶᠢᠳᠠᠯ ᠲᠠᠢ ᠤᠶᠠᠯᠳᠤᠭᠤᠯᠤᠨ᠂ ︽ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ᠵᠠᠷᠤᠳᠠᠯ ᠬᠤᠷᠢᠶᠠᠬᠤ ᠪᠠ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠤᠰᠬᠠᠶ ᠵᠠᠰᠠᠯᠲᠠ ᠶᠢ ᠥᠷᠨᠢᠭᠦᠯᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠤᠤᠷᠠᠭ︶︾ ᠢ ᠲᠤᠭᠤᠷᠪᠢᠪᠠ᠃ ᠡᠳᠦᠭᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ ᠪᠣᠢ᠂ ᠣᠯᠠᠨ ᠲᠥᠮᠡᠨ ᠢᠮᠧᠯ ᠪᠤᠶᠤ ᠪᠢᠴᠢᠭ ᠤᠨ ᠬᠡᠯᠪᠡᠷᠢ ᠪᠠᠷ ᠬᠠᠷᠢᠭᠤ ᠳᠤᠰᠬᠠᠨ ᠰᠠᠨᠠᠯ ᠳᠤᠷᠠᠳᠴᠤ ᠪᠣᠯᠤᠨ᠎ᠠ᠂ ᠡᠳᠦᠷ ᠰᠠᠷ᠎ᠠ ᠶᠢ 2020 ᠣᠨ ᠤ 8 ᠰᠠᠷ᠎ᠠ ᠶᠢᠨ 27 ᠤ ᠡᠳᠦᠷ ᠪᠣᠯᠲᠠᠯ᠎ᠠ ᠬᠢᠵᠠᠭᠠᠷᠯᠠᠨ᠎ᠠ᠃   ᠢᠮᠧᠯ᠄ jgzcs@nhsa.gov.cn︔   ᠬᠠᠶ᠋ᠢᠭ᠄ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠶᠤᠸᠠᠢ ᠲᠠᠨ ᠬᠤᠶᠢᠲᠤ ᠵᠡᠭᠡᠯᠢ ᠶᠢᠨ 2 ᠳ᠋ᠤᠭᠠᠷ ᠨᠣᠮᠧᠷ  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠵᠤᠷᠭᠠᠨ᠂ ᠰᠢᠦᠳᠠᠨ ᠨᠣᠮᠧᠷ 100830       ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ      2022 ᠣᠨ ᠤ 8 ᠳ᠋ᠤᠭᠠᠷ ᠰᠠᠷ᠎ᠠ ᠶᠢᠨ 18 ᠤ ᠡᠳᠦᠷ      ᠠᠮᠠᠨ ᠬᠥᠨᠳᠡᠢ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ᠵᠠᠷᠤᠳᠠᠯ ᠬᠤᠷᠢᠶᠠᠬᠤ ᠪᠠ ᠬᠤᠷᠣᠭᠳᠠᠯ    ᠮᠠᠲ᠋ᠧᠷᠢᠶᠠᠯ ᠤᠨ ᠦᠨ᠎ᠡ ᠬᠠᠩᠰᠢ ᠶᠢᠨ ᠲᠤᠰᠬᠠᠢ ᠵᠠᠰᠠᠯᠲᠠ ᠶᠢ ᠥᠷᠨᠢᠭᠦᠯᠬᠦ ᠲᠤᠬᠠᠢ ᠮᠡᠳᠡᠭᠳᠡᠯ          ︵ᠰᠠᠨᠠᠯ ᠬᠤᠷᠢᠶᠠᠬᠤ ᠨᠤᠤᠷᠠᠭ︶    ᠠᠮᠠᠨ ᠬᠥᠨᠳᠡᠶ ᠳᠤ ᠲᠠᠷᠢᠬᠤ ᠬᠦᠷᠢᠶᠡᠨ ᠤ ᠵᠠᠷᠤᠳᠠᠯ ᠬᠤᠷᠢᠶᠠᠬᠤ ᠵᠢᠷᠤᠮᠵᠢᠯ ᠥᠬᠡᠶ᠂ ᠵᠠᠷᠤᠳᠠᠯ ᠤᠨ ᠳᠠᠷᠤᠭᠠᠰᠤ ᠬᠦᠨᠳᠦ ᠪᠠᠶᠢᠬᠤ ᠵᠡᠷᠭᠡ ᠠᠰᠠᠭᠤᠳᠠᠯ ᠣᠷᠳᠣ ᠬᠤᠭᠤᠴᠠᠭ᠎ᠠ ᠪᠠᠷ ᠣᠷᠣᠰᠢᠵᠤ᠂ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠯᠲᠡ ᠪᠠ ᠬᠥᠮᠦᠨ ᠠᠮᠠ ᠶᠢᠨ ᠨᠠᠰᠤᠵᠢᠯᠲᠠ ᠶᠢᠨ ᠭᠦᠨᠵᠡᠭᠡᠶᠢᠷᠡᠬᠦ ᠶᠢ ᠳᠠᠭᠠᠯᠳᠤᠨ᠂ ᠣᠯᠠᠨ ᠲᠦᠮᠡᠨ ᠢ ᠭᠠᠴᠢᠭᠳᠠᠭᠤᠯᠵᠤ ᠪᠠᠶᠢᠭ᠎ᠠ ᠠᠷᠠᠳ ᠤᠨ ᠠᠮᠢᠳᠤᠷᠠᠯ ᠤᠨ ᠳᠠᠷᠤᠭᠠᠰᠤ ᠪᠣᠯᠵᠣ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠴᠢᠨᠠᠷ ᠰᠠᠶᠢᠲᠠᠶ᠂ ᠦᠷ᠎ᠡ ᠪᠦᠲᠦᠮᠵᠢᠲᠡᠶ᠂ ᠳᠠᠭᠠᠭᠠᠵᠤ ᠳᠡᠶᠢᠯᠬᠦᠶᠢᠴᠡ ᠤᠨᠠᠭᠰᠠᠨ ᠰᠢᠳᠦ ᠶᠢ ᠨᠥᠬᠦᠬᠦ ᠦᠢᠯᠡᠴᠢᠯᠡᠭᠡ ᠭᠦᠷᠲᠡᠭᠡᠬᠦ ᠶᠢ ᠪᠠᠲᠤᠯᠠᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠵᠤ᠂ ᠠᠮᠠᠨ ᠬᠥᠨᠳᠡᠶ ᠳᠤ ᠲᠠᠷᠢᠬᠤ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠥᠯᠦᠭᠡ᠂ ᠶᠢᠰᠦᠨ ᠶᠠᠮᠤᠨ ᠵᠥᠪᠯᠡᠯ ᠠᠴᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽2022 ᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ ᠬᠡᠪᠴᠢᠶ᠎ᠡ ᠪᠠ ᠡᠮᠴᠢᠯᠡᠭᠡᠨ ᠤ ᠦᠢᠯᠡᠴᠢᠯᠡᠭᠡ ᠶᠢᠨ ᠲᠥᠪ ᠪᠤᠰᠤ ᠰᠤᠷᠲᠠᠯ ᠢ ᠵᠠᠯᠠᠷᠠᠭᠤᠯᠬᠤ ᠠᠵᠢᠯ ᠤᠨ ᠭᠤᠤᠯᠳᠠᠯᠭ᠎ᠠ︾ ᠶᠢᠨ ᠱᠠᠭᠠᠷᠳᠠᠯᠭ᠎ᠠ ᠶᠣᠰᠣᠭᠠᠷ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ᠵᠠᠷᠤᠳᠠᠯ ᠬᠤᠷᠢᠶᠠᠬᠤ ᠪᠠ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠤᠰᠬᠠᠶ ᠵᠠᠰᠠᠯᠲᠠ ᠶᠢ ᠥᠷᠨᠢᠭᠦᠯᠪᠡ᠃ ᠡᠳᠦᠭᠡ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠪᠡ᠄   ᠨᠢᠭᠡ᠂ ᠠᠮᠠᠨ ᠬᠥᠨᠳᠡᠶ  ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠪᠠ ᠬᠤᠷᠣᠭᠳᠠᠯ ᠮᠠᠲ᠋ᠧᠷᠢᠶᠠᠯ ᠤᠨ ᠵᠠᠷᠤᠳᠠᠯ ᠬᠤᠷᠢᠶᠠᠬᠤ ᠠᠷᠭ᠎ᠠ ᠮᠠᠶ᠋ᠢᠭ ᠢ ᠵᠢᠷᠤᠮᠵᠢᠭᠤᠯᠤᠨ᠎ᠠ   ︵ᠨᠢᠭᠡ︶ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ︽ᠮᠡᠷᠭᠡᠵᠢᠯ ᠪᠠ ᠬᠤᠷᠣᠭᠳᠠᠯ ᠮᠠᠲ᠋ᠧᠷᠢᠶᠠᠯ ᠤᠨ ᠦᠨ᠎ᠡ ᠶᠢ ᠰᠠᠯᠭᠠᠨ ᠪᠣᠳᠣᠬᠤ︾ ᠶᠢ ᠡᠮᠬᠢ ᠵᠢᠷᠤᠮ ᠲᠠᠢ ᠠᠬᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢ ᠬᠠᠩᠭᠠᠵᠤ᠂ ᠭᠤᠤᠯᠳᠠᠭᠤ ︽ᠦᠢᠯᠡᠴᠢᠯᠡᠭᠡᠨ ᠤ ᠲᠥᠰᠦᠯ + ᠲᠤᠰᠬᠠᠶ ᠬᠡᠷᠡᠭᠯᠡᠬᠦ ᠬᠤᠷᠣᠭᠳᠠᠯ ᠮᠠᠲ᠋ᠧᠷᠢᠶᠠᠯ︾ ᠭᠡᠵᠦ ᠰᠠᠯᠭᠠᠨ ᠦᠨ᠎ᠡ ᠬᠠᠩᠰᠢ ᠶᠢ ᠪᠣᠳᠤᠬᠤ ᠵᠠᠷᠤᠳᠠᠯ ᠬᠤᠷᠢᠶᠠᠬᠤ ᠠᠷᠭ᠎ᠠ ᠮᠠᠶ᠋ᠢᠭ ᠢ ᠬᠡᠷᠡᠭᠯᠡᠨ᠎ᠡ᠃ ᠲᠤᠬᠠᠶᠢᠯᠠᠪᠠᠯ᠂ ᠰᠢᠳᠦ ᠲᠠᠷᠢᠬᠤ ᠵᠠᠷᠤᠳᠠᠯ ᠪᠠ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠤᠨ ᠰᠢᠰᠲ᠋ᠧᠮ ᠤᠨ ᠦᠨ᠎ᠡ ᠶᠢ ᠰᠠᠯᠭᠠᠵᠤ ᠪᠣᠳᠣᠨ᠎ᠠ︔ ᠰᠢᠳᠦᠨ ᠤ ᠲᠢᠲᠢᠮ ᠢ ᠲᠠᠯᠪᠢᠬᠤ ᠵᠠᠷᠤᠳᠠᠯ ᠪᠠ ᠰᠢᠳᠦᠨ ᠤ ᠲᠢᠲᠢᠮ ᠤᠨ ᠦᠢᠯᠡᠳᠭᠦᠨ ᠤ ᠦᠨ᠎ᠡ ᠶᠢ ᠰᠠᠯᠭᠠᠵᠤ ᠪᠣᠳᠣᠨ᠎ᠠ︔ ᠰᠢᠳᠦ ᠲᠠᠷᠢᠬᠤ ᠮᠡᠰᠡ ᠵᠠᠰᠠᠯ ᠤᠨ ᠵᠠᠷᠤᠳᠠᠯ ᠪᠠ ᠶᠠᠰᠤᠨ ᠲᠠᠯᠬ᠎ᠠ᠂ ᠶᠠᠰᠤᠨ ᠤ ᠪᠥᠷᠬᠦᠭᠦᠯ ᠤᠨ ᠦᠨ᠎ᠡ ᠶᠢ ᠰᠠᠯᠭᠠᠵᠤ ᠪᠣᠳᠣᠨ᠎ᠠ᠃ ᠣᠳᠣ ᠶᠢᠨ ᠬᠤᠷᠣᠭᠳᠠᠯ ᠮᠠᠲ᠋ᠧᠷᠢᠶᠠᠯ ᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠲᠠᠢ ᠨᠡᠶᠢᠯᠡᠭᠦᠯᠵᠦ ᠵᠠᠷᠤᠳᠠᠯ ᠬᠤᠷᠢᠶᠠᠬᠤ ᠪᠠᠶᠢᠳᠠᠯ ᠳᠤ᠂ ︽ᠮᠡᠷᠭᠡᠵᠢᠯ ᠪᠠ ᠬᠤᠷᠣᠭᠳᠠᠯ ᠮᠠᠲ᠋ᠧᠷᠢᠶᠠᠯ ᠢ ᠰᠠᠯᠭᠠᠨ ᠪᠣᠳᠣᠬᠤ︾ ᠶᠢ ᠬᠡᠷᠡᠭᠵᠢᠭᠦᠯᠬᠦ ᠦᠶᠡᠰ ᠬᠠᠮᠢᠶ᠎ᠠ ᠪᠥᠬᠦᠶ ᠬᠤᠷᠣᠭᠳᠠᠯ ᠮᠠᠲ᠋ᠧᠷᠢᠶᠠᠯ ᠤᠨ ᠰᠦᠯᠵᠢᠶᠡᠨ ᠳᠤ ᠬᠤᠳᠠᠯᠳᠤᠨ ᠠᠪᠤᠭᠰᠠᠨ ᠳᠤᠮᠳᠠᠴᠢ ᠦᠨ᠎ᠡ ᠶᠢ ᠬᠠᠰᠤᠵᠤ ᠠᠪᠬᠤ ᠠᠷᠭ᠎ᠠ ᠮᠠᠶ᠋ᠢᠭ ᠢᠶᠠᠷ ᠲᠥᠰᠦᠯ ᠤᠨ ᠦᠨ᠎ᠡ ᠬᠠᠩᠰᠢ ᠶᠢ ᠵᠡᠷᠭᠡ ᠪᠠᠷ ᠪᠠᠭᠤᠷᠠᠭᠤᠯᠤᠨ᠎ᠠ᠃   ︵ᠬᠤᠶᠠᠷ︶ ᠲᠠᠷᠢᠬᠤ ᠰᠢᠳᠦᠨ ᠤ ᠳᠢᠲᠢᠮ ᠤᠨ ᠵᠣᠬᠢᠰᠲᠠᠶ ᠦᠨ᠎ᠡ ᠬᠠᠩᠰᠢ ᠶᠢ ᠳᠣᠭᠲᠠᠭᠠᠬᠤ ᠶᠢ ᠬᠥᠲᠥᠯᠦᠨ ᠵᠢᠯᠣᠭᠤᠳᠤᠨ᠎ᠠ᠃ ᠲᠠᠷᠢᠬᠤ ᠰᠢᠳᠦᠨ ᠤ ᠲᠢᠲᠢᠮ ᠢ ᠰᠦᠯᠵᠢᠶᠡᠨ ᠳᠤ ᠡᠯᠭᠦᠵᠦ ᠬᠤᠳᠠᠯᠳᠤᠨ ᠠᠪᠬᠤ ᠶᠢ ᠬᠡᠷᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠯ᠎ᠡ ᠡᠮᠴᠢᠯᠡᠭᠡᠨ ᠤ ᠪᠠᠶᠢᠭᠤᠯᠤᠮᠵᠢ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠡᠵᠡᠨ ᠮᠡᠳᠡᠨ ᠰᠣᠩᠭᠤᠬᠤ ᠶᠢᠨ ᠬᠠᠮᠲᠤ ᠪᠣᠳᠠᠲᠠᠶ ᠬᠤᠳᠠᠯᠳᠤᠨ ᠠᠪᠤᠭᠰᠠᠨ ᠦᠨ᠎ᠡ ᠬᠠᠩᠰᠢ ᠲᠠᠢ ︽ᠵᠥᠷᠢᠶ᠎ᠡ ᠥᠬᠡᠶ︾ ᠦᠨ᠎ᠡ ᠪᠠᠷ ᠪᠣᠷᠣᠯᠠᠭᠤᠯᠤᠨ ᠬᠤᠳᠠᠯᠳᠤᠨ᠎ᠠ᠃ ᠰᠧᠴᠤᠸᠠᠨ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠮᠤᠵᠢ ᠶᠢᠨ ᠳᠣᠲᠤᠷᠠᠬᠢ ᠡᠮᠴᠢᠯᠡᠭᠡᠨ ᠤ ᠭᠤᠤᠯ ᠵᠦᠢᠯ ᠪᠣᠯᠬᠤ ᠴᠤᠯ ᠱᠠᠭᠠᠵᠠᠩ ᠰᠢᠳᠦᠨ ᠤ ᠲᠢᠲᠢᠮ ᠤᠨ ᠦᠨ᠎ᠡ ᠬᠠᠶᠠᠯᠴᠠᠨ ᠦᠷᠢᠰᠦᠯᠳᠦᠬᠦ ᠶᠢ ᠵᠣᠬᠢᠶᠠᠨ ᠪᠠᠶᠢᠭᠤᠯᠵᠤ᠂ ᠥᠷᠢᠰᠥᠯᠳᠦᠭᠡᠨ ᠠᠴᠠ ᠪᠣᠶ ᠪᠣᠯᠤᠭᠰᠠᠨ ᠢᠯᠡ ᠳᠣᠲᠤᠷᠬᠠᠢ ᠦᠨ᠎ᠡ ᠪᠠᠷ ᠰᠦᠯᠵᠢᠶᠡᠨ ᠳᠤ ᠡᠯᠭᠦᠵᠦ᠂ ᠪᠤᠰᠤᠳ ᠮᠠᠲ᠋ᠧᠷᠢᠶᠠᠯ ᠢ ᠴᠤᠯ ᠱᠠᠭᠠᠵᠠᠩ ᠰᠢᠳᠦᠨ ᠤ ᠲᠢᠲᠢᠮ ᠤᠨ ᠦᠨ᠎ᠡ ᠪᠠᠷ ᠯᠠᠪᠯᠠᠯᠲᠠ ᠪᠣᠯᠭᠠᠵᠤ ᠰᠦᠯᠵᠢᠶᠡᠨ ᠳᠤ ᠡᠯᠭᠦᠨ᠎ᠡ ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠪᠤᠰᠤᠳ ᠮᠤᠵᠢ ᠣᠷᠣᠨ ᠢ ᠵᠢᠯᠣᠭᠤᠳᠴᠤ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ ᠶᠢ ᠬᠡᠷᠡᠭᠵᠢᠭᠦᠯᠵᠦ᠂ ᠬᠢᠵᠠᠭᠠᠷᠯᠠᠭᠰᠠᠨ ᠦᠨ᠎ᠡ ᠪᠠᠷ ᠰᠦᠯᠵᠢᠶᠡᠨ ᠳᠤ ᠡᠯᠭᠦᠵᠦ᠂ ᠰᠢᠳᠦᠨ ᠤ ᠲᠢᠲᠢᠮ ᠤᠨ ᠦᠨ᠎ᠡ ᠬᠠᠩᠰᠢ ᠢᠯᠡ ᠲᠣᠳᠤᠷᠬᠠᠢ ᠪᠠᠶᠢᠬᠤ ᠶᠢ ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠰᠢᠳᠦᠨ ᠤ ᠲᠢᠲᠢᠮ ᠢ ᠥᠪᠡᠰᠦᠪᠡᠨ ᠪᠣᠯᠪᠠᠰᠤᠷᠠᠭᠤᠯᠵᠤ ᠲᠠᠷᠢᠪᠠᠯ᠂ ᠡᠮᠴᠢᠯᠡᠭᠡᠨ ᠤ ᠪᠠᠶᠢᠭᠤᠯᠤᠮᠵᠢ ᠠᠴᠠ ᠪᠣᠳᠠᠰ ᠤᠨ ᠮᠠᠲ᠋ᠧᠷᠢᠶᠠᠯ ᠤᠨ ᠥᠪᠡᠷ ᠤᠨ ᠥᠷᠲᠡᠭ᠂ ᠪᠣᠯᠪᠠᠰᠤᠷᠠᠭᠤᠯᠬᠤ ᠦᠢᠯᠡᠴᠢᠯᠡᠭᠡ ᠵᠡᠷᠭᠡ ᠪᠠᠷ ᠰᠠᠭᠤᠷᠢ ᠪᠣᠯᠭᠠᠵᠤ᠂ ᠵᠣᠬᠢᠰᠲᠠᠶ ᠥᠪᠡᠷ ᠤᠨ ᠥᠷᠲᠡᠭ ᠢ ᠪᠤᠴᠠᠭᠠᠨ ᠬᠤᠷᠢᠶᠠᠬᠤ ᠨᠣᠷᠮ᠎ᠠ ᠪᠠᠷ ᠦᠨ᠎ᠡ ᠬᠠᠩᠰᠢ ᠶᠢ ᠥᠪᠡᠰᠦᠪᠡᠨ ᠲᠣᠭᠲᠠᠭᠠᠬᠤ ᠪᠥᠭᠡᠳ ᠰᠦᠯᠵᠢᠶᠡᠨ ᠳᠤ ᠡᠯᠭᠦᠵᠦ᠂ ᠥᠷᠢᠰᠦᠯᠳᠦᠭᠡᠨ ᠤ ᠦᠨ᠎ᠡ ᠪᠠᠷ ᠰᠦᠯᠵᠢᠶᠡᠨ ᠳᠤ ᠡᠯᠭᠦᠭᠰᠡᠨ ᠰᠢᠳᠦᠨ ᠤ ᠲᠢᠲᠢᠮ ᠯᠦᠭᠡ ᠶᠢᠨ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠵᠦᠶ ᠵᠣᠬᠢᠰᠲᠠᠶ ᠣᠷᠣᠨ ᠵᠠᠢ ᠳᠤ ᠪᠠᠶᠢᠯᠭᠠᠨ᠎ᠠ᠃   ︵ᠭᠤᠷᠪᠠ︶ ᠠᠮᠠᠨ ᠬᠥᠨᠳᠡᠶ ᠳᠤ ᠲᠠᠷᠢᠬᠤ ᠦᠨ᠎ᠡ ᠬᠠᠩᠰᠢ ᠶᠢᠨ ᠲᠥᠰᠦᠯ ᠢ ᠵᠢᠷᠤᠮᠵᠢᠭᠤᠯᠵᠤ ᠡᠮᠬᠢᠯᠡᠨ ᠨᠡᠶᠢᠯᠡᠭᠦᠯᠦᠨ᠎ᠡ᠃ ︽ᠦᠢᠯᠡᠳᠪᠦᠷᠢᠯᠡᠬᠦ ᠪᠠᠷ ᠤᠳᠤᠷᠢᠳᠤᠮᠵᠢ ᠪᠣᠯᠭᠠᠬᠤ︾ ᠦᠨᠳᠦᠰᠦᠨ ᠵᠠᠷᠴᠢᠮ ᠶᠣᠰᠣᠭᠠᠷ ᠠᠮᠠᠨ ᠬᠥᠨᠳᠡᠶ ᠳᠤ ᠲᠠᠷᠢᠬᠤ ᠳᠤ ᠬᠤᠯᠪᠣᠭᠳᠠᠬᠤ ᠡᠮᠴᠢᠯᠡᠭᠡ ᠶᠢᠨ ᠦᠢᠯᠡᠳᠭᠦᠨ ᠤ ᠦᠨ᠎ᠡ ᠬᠠᠩᠰᠢ ᠶᠢᠨ ᠲᠥᠰᠦᠯ ᠢ ᠨᠢᠭᠡᠳᠬᠡᠨ᠎ᠡ᠃ ᠡᠭᠦᠨ ᠳᠤ᠂ ᠨᠢᠭᠡᠳᠦᠭᠡᠷ ᠬᠤᠭᠤᠴᠠᠭᠠᠨ ᠤ ᠰᠢᠳᠦ ᠲᠠᠷᠢᠬᠤ ᠮᠡᠰᠡ ᠵᠠᠰᠠᠯ ︵ᠰᠢᠳᠦ ᠲᠠᠷᠢᠬᠤ︶ ᠪᠠ ᠬᠤᠶᠠᠳᠤᠭᠠᠷ ᠬᠤᠭᠤᠴᠠᠭᠠᠨ ᠤ ᠮᠡᠰᠡ ᠵᠠᠰᠠᠯ ︵ᠡᠳᠡᠭᠡᠬᠦ ᠰᠠᠭᠤᠷᠢ ᠶᠢ ᠲᠠᠯᠪᠢᠬᠤ︶ ᠢ ᠲᠥᠯᠥᠪᠯᠡᠬᠦ᠂ ᠪᠡᠯᠡᠳᠬᠡᠬᠦ ᠪᠠ ᠬᠢᠬᠦ ᠵᠡᠷᠭᠡ ᠶᠢ ᠨᠡᠶᠢᠯᠡᠭᠦᠯᠦᠭᠡᠳ ᠰᠢᠳᠦ ᠲᠠᠷᠢᠬᠤ ᠲᠥᠰᠦᠯ ᠪᠣᠯᠭᠠᠨ᠎ᠠ︔ ᠰᠢᠳᠦᠨ ᠤ ᠳᠢᠲᠢᠮ ᠢ ᠲᠠᠯᠪᠢᠬᠤ ᠦᠢᠯᠡᠴᠢᠯᠡᠭᠡ᠂ ᠡᠭᠦᠨ ᠳᠤ ᠬᠡᠪ ᠠᠪᠬᠤ᠂ ᠡᠷᠡᠦ ᠶᠢᠨ ᠪᠠᠶᠢᠷᠢ ᠶᠢᠨ ᠪᠠᠶᠢᠳᠠᠯ ᠤᠨ ᠲᠡᠮᠳᠡᠭᠯᠡᠯ ᠪᠠ ᠰᠢᠯᠵᠢᠯᠲᠡ᠂ ᠰᠠᠭᠤᠷᠢ ᠪᠠ ᠰᠢᠳᠦᠨ ᠤ ᠳᠢᠲᠢᠮ ᠢ ᠤᠭᠰᠠᠷᠠᠬᠤ᠂ ᠲᠣᠬᠢᠷᠠᠭᠤᠯᠤᠨ ᠲᠤᠷᠰᠢᠬᠤ ᠪᠠ ᠵᠠᠰᠠᠬᠤ ᠵᠡᠷᠭᠡ ᠶᠢ ᠨᠡᠶᠢᠯᠡᠭᠦᠯᠵᠦ ᠲᠠᠷᠢᠬᠤ ᠰᠢᠳᠦᠨ ᠤ ᠳᠢᠲᠢᠮ ᠤᠨ ᠲᠥᠰᠦᠯ ᠳᠤ ᠣᠷᠣᠭᠤᠯᠤᠨ᠎ᠠ︔ ᠰᠢᠳᠦ ᠲᠠᠷᠢᠬᠤ ᠮᠡᠰᠡ ᠵᠠᠰᠠᠯ ᠬᠢᠬᠦ᠂ ᠵᠥᠭᠡᠯᠡᠨ ᠨᠡᠬᠡᠳᠡᠰᠦ ᠶᠢ ᠰᠡᠷᠭᠦᠭᠡᠬᠦ᠂ ᠲᠠᠷᠢᠬᠤ ᠰᠢᠳᠦ ᠶᠢ ᠵᠠᠰᠠᠬᠤ ᠪᠠ ᠠᠪᠴᠤ ᠬᠠᠶᠠᠬᠤ ᠵᠡᠷᠭᠡ ᠰᠢᠳᠦ ᠲᠠᠷᠢᠬᠤ ᠲᠥᠬᠦᠷ ᠦᠢᠯᠡᠴᠢᠯᠡᠭᠡ ᠶᠢ ᠬᠡᠷᠡᠭᠵᠢᠭᠦᠯᠵᠦ᠂ ᠪᠡᠶ᠎ᠡ ᠪᠠᠨ ᠳᠠᠭᠠᠭᠠᠭᠰᠠᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ ᠲᠣᠬᠢᠷᠠᠭᠤᠯᠤᠨ᠎ᠠ᠃ ᠪᠥᠬᠦ ᠰᠢᠳᠦᠨ ᠤ ᠨᠣᠮᠣᠯᠵᠢᠨ ᠬᠡᠯᠪᠡᠷᠢ ᠶᠢ ᠵᠠᠰᠠᠨ ᠲᠠᠷᠢᠬᠤ᠂ ᠳᠡᠭᠡᠳᠦ ᠳᠣᠣᠷᠠᠲᠣ ᠡᠷᠡᠤ ᠳᠤ ᠲᠠᠷᠢᠬᠤ ᠵᠡᠷᠭᠡ ᠨᠠᠷᠢᠨ ᠪᠤᠳᠤᠯᠢᠶᠠᠨᠲᠠᠶ ᠲᠠᠷᠢᠬᠤ ᠮᠡᠰᠡ ᠵᠠᠰᠠᠯ ᠳᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠤᠨ ᠲᠠᠯ᠎ᠠ ᠪᠠᠷ ᠬᠢ ᠵᠥᠷᠢᠶ᠎ᠡ ᠶᠢ ᠢᠯᠡᠷᠡᠭᠦᠯᠵᠦ ᠪᠣᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠤᠨᠠᠭᠰᠠᠨ ᠰᠢᠳᠦ ᠶᠢ ᠵᠠᠰᠠᠬᠤ ᠣᠨᠣᠪᠴᠢ ᠶᠢᠨ ᠬᠡᠮᠵᠢᠶ᠎ᠡ ᠶᠢ ᠦᠨᠡᠨ ᠬᠦ ᠪᠠᠲᠤᠯᠠᠵᠤ᠂ ᠠᠨᠠᠭᠠᠬᠤ ᠤᠬᠠᠭᠠᠨ ᠤ ᠵᠢᠷᠤᠭ ᠳᠦᠷᠰᠦ ᠵᠡᠷᠭᠡ ᠡᠯ᠎ᠡ ᠲᠥᠷᠥᠯ ᠤᠨ ᠪᠠᠶᠢᠴᠠᠭᠠᠬᠤ ᠠᠷᠭ᠎ᠠ ᠪᠠᠷᠢᠯ ᠪᠠ ᠲᠣᠭᠠᠴᠢᠯᠠᠭᠰᠠᠨ ᠮᠡᠷᠭᠡᠵᠢᠯ᠂ ᠬᠢᠮᠡᠯ ᠣᠶᠤᠨ ᠵᠡᠷᠭᠡ ᠶᠢ ᠠᠰᠢᠭᠯᠠᠨ ᠳᠠᠭᠤᠷᠢᠶᠠᠮᠠᠯ 3 D ᠵᠠᠭᠪᠤᠷ ᠢ ᠪᠠᠶᠢᠭᠤᠯᠵᠤ᠂ ᠡᠪᠡᠳᠴᠢᠨ ᠤ ᠭᠤᠯᠤᠮᠲᠠ ᠶᠢᠨ ᠵᠠᠭᠪᠤᠷ ᠪᠤᠶᠤ ᠮᠡᠰᠡ ᠵᠠᠰᠠᠯ ᠤᠨ ᠵᠠᠯᠠᠭᠤᠷ ᠬᠠᠪᠲᠠᠰᠤ ᠶᠢ ᠦᠢᠯᠡᠳᠦᠭᠰᠡᠨ ᠪᠣᠯ ᠦᠢᠯᠡᠴᠢᠯᠡᠭᠡ ᠪᠠ ᠦᠢᠯᠡᠳᠪᠦᠷᠢᠯᠡᠯ ᠶᠣᠰᠣᠭᠠᠷ ᠵᠣᠬᠢᠬᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ ᠲᠣᠰ ᠲᠣᠰ ᠪᠠᠶᠢᠭᠤᠯᠤᠨ᠎ᠠ᠃ ᠠᠮᠠᠨ ᠬᠥᠨᠳᠡᠶ ᠳᠤ ᠪᠣᠳᠠᠲᠠᠢ ᠲᠠᠷᠢᠬᠤ ᠲᠥᠷᠥᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ ᠲᠣᠭᠲᠠᠭᠠᠬᠤ ᠵᠦᠭᠯᠡᠭᠦᠷ ᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠠᠰ ᠲᠤ ᠨᠢ ᠨᠡᠶᠢᠲᠡᠯᠡᠨ᠎ᠡ᠃ ᠡᠯ᠎ᠡ ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠶᠢᠨ ᠬᠢᠨ 2022 ᠣᠨ ᠤ ** ᠰᠠᠷ᠎ᠠ ᠶᠢᠨ ᠰᠡᠭᠦᠯᠴᠢ ᠠᠴᠠ ᠡᠮᠦᠨ᠎ᠡ ᠪᠢᠴᠢᠭ ᠮᠠᠲ᠋ᠧᠷᠢᠶᠠᠯ ᠪᠠᠭᠤᠯᠭᠠᠵᠤ ᠲᠣᠰ ᠭᠠᠵᠠᠷ ᠣᠷᠣᠨ ᠤ ᠪᠠᠨ ᠦᠨ᠎ᠡ ᠬᠠᠩᠰᠢ ᠶᠢᠨ ᠲᠥᠰᠦᠯ ᠢ ᠵᠢᠷᠤᠮᠵᠢᠭᠤᠯᠤᠨ ᠡᠮᠬᠢᠯᠡᠨ ᠨᠡᠶᠢᠯᠡᠭᠦᠯᠦᠨ᠎ᠡ᠃   ᠬᠤᠶᠠᠷ᠂ ᠠᠮᠠᠨ ᠬᠥᠨᠳᠡᠶ ᠳᠤ ᠳᠠᠷᠢᠬᠤ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ ᠶᠢ ᠴᠢᠩᠭᠠᠷᠠᠭᠤᠯᠤᠨ᠎ᠠ   ︵ᠳᠥᠷᠪᠡ︶ ᠰᠢᠳᠦ ᠲᠠᠷᠢᠬᠤ ᠪᠦᠬᠦ ᠶᠠᠪᠤᠴᠠ ᠶᠢᠨ ᠲᠣᠭᠤᠷᠢᠨ ᠳᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ  ᠬᠢᠨ ᠡᠩ ᠤᠨ ᠳᠠᠩ ᠰᠢᠳᠦ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠪᠠᠷ ᠭᠤᠣᠯᠳᠠᠯᠭ᠎ᠠ ᠪᠣᠯᠭᠠᠨ ᠂ ᠪᠦᠬᠦ ᠶᠠᠪᠤᠴᠠ ᠳᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠲᠣᠳᠣᠷᠬᠠᠶᠢᠯᠠᠵᠤ᠂ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠵᠢᠯᠣᠭᠤᠳᠴᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ ᠵᠢᠷᠤᠮᠵᠢᠭᠤᠯᠬᠤ ᠵᠢᠴᠢ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠵᠡᠷᠭᠡ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠶ᠃ ᠡᠩ ᠤᠨ ᠳᠠᠩ ᠰᠢᠳᠦ ᠲᠠᠷᠢᠬᠤ ᠳᠤ ︽ᠪᠠᠶᠢᠴᠠᠭᠠᠵᠤ ᠲᠥᠰᠦᠪᠯᠡᠬᠦ + ᠰᠢᠳᠦ ᠲᠠᠷᠢᠬᠤ + ᠰᠢᠳᠦᠨ ᠤ ᠳᠢᠲᠢᠮ ᠢ ᠲᠠᠯᠪᠢᠬᠤ + ᠲᠤᠰᠬᠠᠶ ᠬᠡᠷᠡᠭᠯᠡᠬᠦ ᠬᠤᠷᠣᠭᠳᠠᠯ ᠮᠠᠲ᠋ᠧᠷᠢᠶᠠᠯ︾ ᠤᠨ ᠪᠥᠬᠦ ᠶᠠᠪᠤᠴᠠ ᠶᠢᠨ ᠦᠨ᠎ᠡ ᠨᠢ * * * ᠲᠥᠭᠦᠷᠢᠭ ᠠᠴᠠ ᠳᠡᠭᠡᠭᠰᠢᠬᠢ ᠭᠠᠵᠠᠷ ᠣᠷᠣᠨ ᠳᠤ ᠬᠠᠨᠳᠤᠯᠭᠠᠲᠠᠢ ᠠᠷᠭ᠎ᠠ ᠬᠡᠮᠵᠢᠶ᠎ᠡ ᠠᠪᠴᠤ᠂ ᠪᠥᠬᠦ ᠶᠠᠪᠤᠴᠠ ᠶᠢᠨ ᠦᠨ᠎ᠡ ᠬᠠᠩᠰᠢ ᠶᠢ * * * ᠲᠥᠭᠦᠷᠢᠭ ᠠᠴᠠ ᠬᠡᠲᠦᠷᠡᠭᠦᠯᠬᠦ ᠥᠬᠡᠶ ᠰᠢᠨ᠎ᠡ ᠣᠷᠣᠨ ᠵᠠᠢ ᠳᠤ ᠣᠷᠣᠭᠤᠯᠬᠤ ᠶᠢᠨ ᠬᠠᠮᠲᠤ ᠪᠥᠬᠦ ᠶᠠᠪᠤᠴᠠ ᠶᠢᠨ ᠦᠨ᠎ᠡ ᠬᠠᠩᠰᠢ ᠳᠠᠬᠢ ᠰᠢᠲᠦ ᠲᠠᠷᠢᠬᠤ ᠮᠡᠰᠡ ᠵᠠᠰᠠᠯ ᠵᠢᠴᠢ ᠰᠢᠳᠦᠨ ᠤ ᠳᠢᠲᠢᠮ ᠢ ᠲᠠᠯᠪᠢᠬᠤ ᠦᠨ᠎ᠡ ᠬᠠᠩᠰᠢ ᠶᠢᠨ ᠡᠵᠡᠯᠡᠬᠦ ᠬᠠᠷᠢᠴᠠᠯ ᠢ 60 % ᠣᠷᠴᠢᠮ ᠳᠤ ᠬᠢᠵᠠᠭᠠᠷᠯᠠᠵᠤ᠂ ᠪᠠᠶᠢᠴᠠᠭᠠᠨ ᠲᠥᠯᠥᠪᠯᠡᠭᠰᠡᠨ ᠦᠨ᠎ᠡ ᠬᠠᠩᠰᠢ ᠶᠢᠨ ᠡᠵᠡᠯᠡᠬᠦ ᠬᠠᠷᠢᠴᠠᠯ ᠢ 10 % ᠣᠷᠴᠢᠮ ᠳᠤ ᠬᠢᠵᠠᠭᠠᠷᠯᠠᠵᠤ᠂ ᠪᠥᠬᠦ ᠰᠢᠳᠦ ᠲᠠᠷᠢᠬᠤ ᠦᠢᠯᠡᠴᠢᠯᠡᠭᠡ ᠳᠤ ᠬᠥᠳᠡᠯᠮᠦᠷᠢ ᠮᠡᠷᠭᠡᠵᠢᠯ ᠤᠨ ᠦᠨ᠎ᠡ ᠥᠷᠲᠡᠭ ᠢ ᠳᠣᠪᠤᠶᠢᠯᠭᠠᠨ ᠢᠯᠡᠷᠡᠭᠦᠯᠦᠨ᠎ᠡ᠃   ︵ᠲᠠᠪᠤ︶ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠶ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠴᠢᠩᠭᠠᠳᠬᠠᠨ᠎ᠠ᠃ ᠰᠢᠲᠦ ᠲᠠᠷᠢᠬᠤ ᠵᠠᠷᠤᠳᠠᠯ᠂ ᠰᠢᠳᠦᠨ ᠤ ᠲᠢᠲᠢᠮ ᠢ ᠲᠠᠯᠪᠢᠬᠤ ᠵᠠᠷᠤᠳᠠᠯ᠂ ᠰᠢᠳᠦ ᠲᠠᠷᠢᠬᠤ ᠮᠡᠰᠡ ᠵᠠᠰᠠᠯ ᠤᠨ ᠵᠠᠷᠤᠳᠠᠯ ᠵᠡᠷᠭᠡ ᠠᠮᠠᠨ ᠬᠥᠨᠳᠡᠶ ᠳᠤ ᠲᠠᠷᠢᠬᠤ ᠲᠥᠰᠦᠯ ᠳᠤ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠳᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠦᠨ᠎ᠡ ᠬᠠᠩᠰᠢ ᠶᠢᠨ ᠲᠥᠰᠦᠯ ᠢ ᠵᠢᠷᠤᠮᠵᠢᠭᠤᠯᠬᠤ ᠶᠢᠨ ᠬᠠᠮᠲᠤ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠶᠢ ᠳᠠᠬᠢᠵᠤ ᠲᠣᠭᠲᠠᠭᠠᠨ ᠨᠡᠶᠢᠲᠡᠯᠡᠬᠦ ᠬᠡᠷᠡᠭᠲᠡᠢ᠃ ᠡᠯ᠎ᠡ ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ 2022 ᠣᠨ ᠤ ** ᠰᠠᠷ᠎ᠠ ᠶᠢᠨ ᠰᠡᠭᠦᠯᠴᠢ ᠠᠴᠠ ᠡᠮᠦᠨ᠎ᠡ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠠᠵᠢᠯ ᠢ ᠪᠡᠶᠡᠯᠡᠭᠦᠯᠬᠦ ᠬᠡᠷᠡᠭᠲᠡᠶ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠡᠵᠡᠨ ᠮᠡᠳᠡᠵᠦ ᠦᠨ᠎ᠡ ᠬᠠᠩᠰᠢ ᠶᠢ ᠲᠣᠭᠲᠠᠭᠠᠬᠤ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠳᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠪᠥᠬᠦ ᠶᠠᠪᠤᠴᠠ ᠳᠤ ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ ᠬᠠᠷᠠᠯᠲᠠ ᠶᠣᠰᠣᠭᠠᠷ ᠡᠯ᠎ᠡ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠥᠰᠦᠯ ᠪᠠᠶᠢᠭᠤᠯᠤᠭᠰᠠᠨ ᠵᠦᠭᠯᠡᠭᠦᠷ ᠶᠣᠰᠣᠭᠠᠷ ᠰᠢᠨ᠎ᠡ ᠦᠨ᠎ᠡ ᠬᠠᠩᠰᠢ ᠶᠢᠨ ᠲᠥᠰᠦᠯ ᠢ ᠨᠡᠶᠢᠲᠡᠯᠡᠨ ᠬᠡᠷᠡᠭᠵᠢᠭᠦᠯᠦᠭᠰᠡᠨ ** ᠰᠠᠷ᠎ᠠ ᠶᠢᠨ ᠳᠣᠲᠣᠷ᠎ᠠ ᠦᠨ᠎ᠡ ᠬᠠᠩᠰᠢ ᠶᠢ ᠳᠠᠬᠢᠨ ᠨᠡᠶᠢᠲᠡᠯᠡᠵᠦ᠂ ᠦᠨ᠎ᠡ ᠬᠠᠩᠰᠢ ᠶᠢ ᠲᠣᠭᠲᠠᠭᠠᠬᠤ ᠬᠢᠷᠢ ᠲᠦᠪᠰᠢᠨ ᠢ ᠡᠮᠨᠡᠯᠭᠡ ᠶᠢᠨ ᠬᠤᠷᠢᠶ᠎ᠠ ᠶᠢᠨ ᠵᠡᠷᠭᠡ ᠳᠡᠰ᠂ ᠲᠤᠰᠬᠠᠶ ᠮᠡᠷᠭᠡᠵᠢᠯ ᠤᠨ ᠪᠠᠶᠢᠷᠢ ᠰᠠᠭᠤᠷᠢ᠂ ᠴᠢᠳᠠᠮᠵᠢ ᠶᠢᠨ ᠪᠠᠶᠢᠷᠢ ᠲᠣᠭᠲᠠᠭᠠᠯᠲᠠ ᠯᠤᠭ᠎ᠠ ᠬᠠᠷᠢᠯᠴᠠᠨ ᠲᠣᠬᠢᠷᠠᠭᠤᠯᠬᠤ ᠶᠢ ᠠᠬᠢᠭᠤᠯᠤᠨ᠂ ᠲᠣᠰ ᠭᠠᠵᠠᠷ ᠣᠷᠣᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠵᠡᠨ ᠮᠡᠳᠡᠵᠦ ᠦᠨ᠎ᠡ ᠬᠠᠩᠰᠢ ᠲᠣᠭᠲᠠᠭᠠᠬᠤ ᠳᠤᠮᠳᠠᠴᠢ ᠬᠢᠷᠢ ᠲᠦᠪᠰᠢᠨ ᠢ ᠲᠣᠭᠲᠠᠮᠠᠯ ᠬᠤᠭᠤᠴᠠᠭᠠᠲᠠᠢ ᠨᠡᠶᠢᠲᠡᠯᠡᠬᠦ ᠬᠡᠷᠡᠭᠲᠡᠶ᠃   ︵ᠵᠢᠷᠭᠤᠭ᠎ᠠ︶ ᠳᠡᠭᠡᠭᠰᠢᠯᠡᠯᠲᠡ ᠪᠠ ᠪᠠᠭᠤᠷᠠᠯᠲᠠ ᠲᠠᠢ ᠪᠠᠶᠢᠬᠤ ᠶᠢ ᠪᠠᠷᠢᠮᠲᠠᠯᠠᠵᠤ᠂ ᠬᠠᠮᠢᠶ᠎ᠠ ᠪᠥᠬᠦᠶ ᠡᠮᠴᠢᠯᠡᠭᠡᠨ ᠤ ᠦᠢᠯᠡᠴᠢᠯᠡᠭᠡ ᠶᠢᠨ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠰᠢᠯᠤᠭᠤᠳᠬᠠᠨ᠎ᠠ᠃ ᠣᠯᠠᠨ ᠲᠦᠮᠡᠨ ᠤ ᠲᠤᠰᠬᠠᠯ ᠴᠢᠩᠭ᠎ᠠ᠂ ᠵᠠᠷᠤᠳᠠᠯ ᠤᠨ ᠳᠠᠷᠤᠭᠠᠰᠤ ᠬᠦᠨᠳᠦ ᠪᠠᠶᠢᠭ᠎ᠠ ᠰᠢᠳᠦ ᠲᠠᠷᠢᠬᠤ ᠵᠠᠷᠤᠳᠠᠯ᠂ ᠰᠢᠳᠦᠨ ᠤ ᠳᠢᠲᠢᠮ ᠲᠠᠯᠪᠢᠬᠤ ᠵᠠᠷᠤᠳᠠᠯ᠂ ᠰᠢᠲᠦ ᠲᠠᠷᠢᠬᠤ ᠮᠡᠰᠡ ᠵᠠᠰᠠᠯ ᠤᠨ ᠵᠠᠷᠤᠳᠠᠯ ᠢ ᠪᠠᠭᠤᠷᠠᠭᠤᠯᠬᠤ ᠪᠠᠷ ᠭᠤᠤᠯ ᠪᠣᠯᠭᠠᠨ᠎ᠠ᠃ ᠡᠭᠦᠨ ᠳᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠨᠢ ᠲᠤᠰ ᠭᠠᠵᠠᠷ ᠣᠷᠣᠨ ᠤ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠳᠤᠮᠳᠠᠴᠢ ᠦᠨ᠎ᠡ ᠬᠠᠩᠰᠢ ᠠᠴᠠ ᠢᠯᠡᠳᠲᠡ ᠥᠨᠳᠥᠷ ᠪᠣᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠷᠴᠢᠮ ᠢ ᠪᠠᠷᠢᠮᠲᠠᠯᠠᠨ᠂ ᠲᠤᠰᠬᠠᠶ ᠰᠡᠳᠦᠪ ᠢᠶᠠᠷ ᠨᠤᠲᠠᠯᠠᠵᠤ᠂ ᠦᠨ᠎ᠡ ᠬᠠᠩᠰᠢ ᠶᠢ ᠭᠤᠣᠯᠳᠠᠯᠭ᠎ᠠ ᠲᠠᠢ ᠪᠠᠭᠤᠷᠠᠭᠤᠯᠤᠨ᠎ᠠ︔ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠵᠡᠨ ᠮᠡᠳᠡᠵᠦ ᠳᠣᠭᠲᠠᠭᠠᠭᠰᠠᠨ ᠦᠨ᠎ᠡ ᠬᠠᠩᠰᠢ ᠶᠢᠨ ᠡᠮᠨᠡᠯᠭᠡ ᠶᠢᠨ ᠬᠤᠷᠢᠶᠠᠨ ᠤ ᠬᠤᠭᠤᠷᠣᠨᠳᠣᠬᠢ ᠵᠥᠷᠢᠶ᠎ᠡ ᠶᠡᠭᠡ ᠪᠣᠯ ᠦᠨ᠎ᠡ ᠬᠠᠩᠰᠢ ᠶᠢᠨ ᠳᠡᠰ ᠳᠠᠷᠠᠭᠠᠯᠠᠯ ᠤᠨ ᠵᠢᠭᠰᠠᠭᠠᠯᠲᠠ ᠳᠤ ᠡᠮᠦᠨᠡᠭᠦᠷ ᠣᠷᠣᠨ᠂ ᠳᠤᠮᠳᠠᠴᠢ ᠬᠢᠷᠢ ᠬᠡᠮᠵᠢᠶ᠎ᠡ ᠠᠴᠠ ᠢᠯᠡᠳᠲᠡ ᠥᠨᠳᠥᠷ ᠪᠠᠶᠢᠬᠤ ᠡᠮᠴᠢᠯᠡᠭᠡᠨ ᠤ ᠪᠠᠶᠢᠭᠤᠯᠤᠮᠵᠢ ᠶᠢ ᠱᠠᠭᠠᠷᠳᠠᠵᠤ ᠰᠠᠨᠠᠭᠠᠴᠢᠯᠠᠭ᠎ᠠ ᠠᠴᠠ ᠪᠠᠨ ᠳᠠᠬᠢᠨ ᠲᠣᠬᠢᠷᠠᠭᠤᠯᠬᠤ ᠬᠡᠷᠡᠭᠲᠡᠶ᠃ ᠬᠠᠴᠠᠷ ᠤᠨ ᠶᠠᠰᠤ  ᠲᠠᠢ ᠬᠤᠯᠪᠤᠬᠤ ᠮᠡᠰᠡ ᠵᠠᠰᠠᠯ ᠬᠢᠬᠦ᠂ ᠨᠠᠷᠢᠨ ᠪᠤᠳᠤᠯᠢᠶᠠᠨᠲᠠᠶ ᠰᠢᠲᠦ ᠲᠠᠷᠢᠬᠤ ᠵᠡᠷᠭᠡ ᠮᠡᠷᠭᠡᠵᠢᠯ ᠤᠨ ᠬᠦᠴᠢᠷ ᠤᠨ ᠬᠡᠮᠵᠢᠶ᠎ᠡ ᠪᠠᠷ ᠶᠡᠭᠡ᠂ ᠲᠦᠭᠰᠢᠭᠦᠷᠢ ᠶᠢᠨ ᠬᠡᠮᠵᠢᠶ᠎ᠡ ᠪᠠᠷ ᠥᠨᠳᠥᠷ ᠲᠥᠰᠦᠯ ᠢ ᠡᠩ ᠤᠨ ᠰᠢᠳᠦ ᠳᠠᠷᠢᠬᠤ ᠮᠡᠰᠡ ᠵᠠᠰᠠᠯ ᠤᠨ ᠦᠨ᠎ᠡ ᠬᠠᠩᠰᠢ ᠯᠤᠭ᠎ᠠ ᠵᠣᠬᠢᠬᠤ ᠵᠥᠷᠢᠶ᠎ᠡ ᠭᠠᠷᠭᠠᠬᠤ ᠶᠢ ᠵᠥᠪᠰᠢᠶᠡᠷᠡᠨ᠎ᠡ᠃ ᠲᠣᠭᠲᠠᠮᠠᠯ ᠬᠢᠮᠡᠯ ᠰᠢᠳᠦ᠂ ᠠᠪᠴᠤ ᠪᠣᠯᠬᠤ ᠰᠢᠳᠦ ᠵᠡᠷᠭᠡ ᠤᠨᠠᠭᠰᠠᠨ ᠰᠢᠳᠦ ᠶᠢ ᠨᠥᠬᠦᠬᠦ ᠠᠷᠭ᠎ᠠ ᠮᠠᠶ᠋ᠢᠭ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠨᠢ ᠠᠮᠠᠨ ᠬᠥᠨᠳᠡᠶ ᠳᠤ ᠲᠠᠷᠢᠬᠤ ᠯᠤᠭ᠎ᠠ ᠵᠦᠶ ᠵᠣᠬᠢᠰᠲᠠᠶ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠪᠠᠲᠤᠯᠠᠵᠤ᠂ ᠡᠮᠴᠢᠯᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠡᠪᠡᠳᠴᠢᠲᠡᠨ ᠳᠤ ᠤᠨᠠᠭᠰᠠᠨ ᠰᠢᠳᠦ ᠶᠢ ᠨᠥᠬᠦᠬᠦ ᠲᠣᠬᠢᠷᠠᠮᠵᠢᠲᠠᠶ ᠦᠢᠯᠡᠴᠢᠯᠡᠭᠡ ᠶᠢ ᠤᠷᠢᠳ ᠢᠶᠠᠷ ᠬᠠᠩᠭᠠᠨ᠎ᠠ᠃ ᠰᠢᠳᠦ ᠠᠪᠬᠤ᠂ ᠰᠢᠳᠦᠨ ᠤ ᠲᠣᠭᠤᠷᠢᠨ ᠢ ᠴᠡᠪᠡᠷᠯᠡᠨ ᠵᠠᠰᠠᠬᠤ᠂ ᠰᠢᠳᠦ ᠨᠥᠬᠦᠬᠦ ᠵᠡᠷᠭᠡ ᠮᠡᠷᠭᠡᠵᠢᠯ ᠤᠨ ᠬᠥᠳᠡᠯᠮᠦᠷᠢ ᠦᠢᠯᠡᠴᠢᠯᠡᠭᠡ ᠪᠠᠷ ᠭᠤᠣᠯ ᠪᠣᠯᠭᠠᠭᠰᠠᠨ ᠲᠥᠰᠦᠯ ᠤᠨ ᠥᠩᠭᠡᠷᠡᠭᠰᠡᠨ ᠤ ᠦᠨ᠎ᠡ ᠬᠠᠩᠰᠢ ᠨᠢ ᠳᠣᠣᠷ᠎ᠠ ᠰᠢᠭ᠋ ᠪᠣᠯ ᠦᠨ᠎ᠡ ᠶᠢ ᠵᠣᠬᠢᠰᠲᠠᠶ ᠥᠰᠬᠡᠵᠦ ᠪᠣᠯᠤᠨ᠎ᠠ᠃   ︵ᠳᠣᠯᠤᠭ᠎ᠠ︶ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠶ ᠳᠤ ᠲᠠᠷᠢᠬᠤ ᠦᠨ᠎ᠡ ᠬᠠᠩᠰᠢ ᠶᠢ ᠬᠢᠨᠠᠵᠤ ᠬᠠᠮᠢᠶᠠᠷᠬᠤ ᠪᠠ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠶ ᠳᠤ ᠰᠢᠳᠦ ᠳᠠᠷᠢᠬᠤ ᠵᠡᠷᠭᠡ ᠦᠢᠯᠡᠴᠢᠯᠡᠭᠡᠨ ᠤ ᠦᠨ᠎ᠡ ᠬᠠᠩᠰᠢ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠦᠨ᠎ᠡ ᠬᠠᠩᠰᠢ ᠲᠣᠭᠲᠠᠭᠠᠬᠤ ᠳᠤ ᠲᠥᠪ ᠭᠤᠤᠯᠴᠢ᠂ ᠬᠠᠤᠯᠢ ᠶᠣᠰᠣᠨ ᠤ᠂ ᠦᠨᠡᠨᠴᠢ ᠢᠲᠡᠭᠡᠮᠵᠢᠲᠡᠶ ᠪᠠ ᠶᠠᠰᠤ ᠴᠢᠨᠠᠷ ᠪᠣᠯᠤᠨ ᠦᠨ᠎ᠡ ᠬᠠᠩᠰᠢ ᠬᠠᠷᠢᠯᠴᠠᠨ ᠨᠡᠶᠢᠴᠡᠬᠦ ᠵᠠᠷᠴᠢᠮ ᠢ ᠵᠢᠷᠤᠮᠯᠠᠬᠤ ᠶᠢᠨ ᠬᠠᠮᠲᠤ ᠢᠯᠡ ᠲᠣᠳᠣᠷᠬᠠᠶ ᠣᠷᠣᠨ ᠪᠦᠰᠡ ᠳᠤ ᠲᠣᠭᠲᠠᠭᠠᠯ ᠶᠣᠰᠣᠭᠠᠷ ᠰᠠᠨᠠᠭᠠᠴᠢᠯᠠᠭ᠎ᠠ ᠠᠴᠠ ᠪᠠᠨ ᠦᠨ᠎ᠡ ᠬᠠᠩᠰᠢ ᠶᠢ ᠢᠯᠡ ᠨᠡᠶᠢᠲᠡᠯᠡᠬᠦ ᠶᠢᠨ ᠬᠠᠮᠲᠤ ᠢᠯᠡ ᠨᠡᠶᠢᠲᠡᠯᠡᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠴᠠᠭ ᠲᠤᠬᠠᠶᠢᠴᠢ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠥᠪᠡᠷ ᠤᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠵᠤ᠂ ᠬᠤᠳᠠᠯ ᠬᠠᠭᠤᠷᠮᠠᠭ ᠪᠤᠶᠤ ᠪᠤᠷᠤᠭᠤ ᠪᠠᠷ ᠵᠢᠯᠣᠭᠤᠳᠴᠤ ᠪᠠᠶᠢᠭ᠎ᠠ ︽ᠨᠥᠬᠦᠪᠥᠷᠢ ᠥᠭᠬᠦ︾᠂ ︽ᠦᠨ᠎ᠡ ᠨᠢ ᠬᠢᠮᠳᠠ︾ ᠭᠡᠵᠦ ᠤᠬᠠᠭᠤᠯᠬᠤ ᠦᠨ᠎ᠡ ᠬᠠᠩᠰᠢ ᠶᠢᠨ ᠮᠡᠬᠡᠯᠡᠯ ᠤᠨ ᠠᠷᠭ᠎ᠠ ᠪᠠᠷᠢᠯ ᠢᠶᠠᠷ ᠡᠪᠡᠳᠴᠢᠲᠡᠨ ᠢ ᠥᠳᠥᠭᠡᠨ ᠮᠡᠬᠡᠯᠡᠵᠦ ᠪᠣᠯᠬᠤ ᠥᠬᠡᠶ᠃ ᠣᠷᠣᠨ ᠪᠦᠰᠡ ᠶᠢᠨ ᠲᠠᠷᠢᠬᠤ ᠰᠢᠳᠦ ᠶᠢ ᠲᠥᠪᠯᠡᠷᠡᠭᠦᠯᠦᠨ ᠬᠤᠳᠠᠯᠳᠤᠨ ᠠᠪᠬᠤ ᠶᠢ ᠮᠡᠳᠡᠭᠦᠯᠬᠦ ᠬᠡᠮᠵᠢᠶ᠎ᠡ ᠥᠨᠳᠥᠷ᠂ ᠰᠣᠩᠭᠤᠭᠳᠠᠭᠰᠠᠨ ᠦᠢᠯᠡᠳᠭᠦᠨ ᠤ ᠬᠡᠷᠡᠭᠯᠡᠬᠦ ᠨᠣᠷᠮ᠎ᠠ ᠥᠨᠳᠥᠷ᠂ ᠦᠨ᠎ᠡ ᠬᠠᠩᠰᠢ ᠶᠢ ᠪᠥᠬᠦ ᠶᠠᠪᠤᠴᠠ ᠳᠤ ᠲᠣᠬᠢᠷᠠᠭᠤᠯᠤᠨ ᠡᠵᠡᠮᠳᠡᠬᠦ ᠶᠢ ᠰᠠᠨᠠᠭᠠᠴᠢᠯᠠᠭ᠎ᠠ  ᠠᠴᠠ ᠪᠠᠨ ᠠᠮᠠᠯᠳᠠᠵᠤ ᠬᠦᠯᠢᠶᠡᠨ ᠠᠪᠬᠤ᠂ ᠠᠮᠠᠨ ᠬᠥᠨᠳᠡᠶ ᠳᠤ ᠲᠠᠷᠢᠬᠤ ᠵᠠᠷᠤᠳᠠᠯ ᠤᠨ ᠠᠵᠤ ᠠᠬᠤᠶ ᠶᠢᠨ ᠳᠠᠪᠠᠭᠤᠯᠢᠭ ᠪᠠᠷ ᠲᠣᠪᠤᠶᠢᠭᠰᠠᠨ᠂ ᠦᠨᠡᠯᠡᠭᠰᠡᠨ ᠨᠡᠷᠡᠰ ᠤᠨ ᠵᠢᠭᠰᠠᠭᠠᠯᠲᠠ ᠳᠤ ᠡᠮᠦᠨᠡᠭᠦᠷ ᠵᠢᠭᠰᠠᠭᠠᠭᠳᠠᠭᠰᠠᠨ ᠠᠷᠠᠳ  ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠬᠠᠩᠰᠢ ᠪᠠ ᠵᠠᠷᠤᠳᠠᠯ ᠤᠨ ᠪᠠᠶᠢᠳᠠᠯ ᠢ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠯᠪᠠᠨ ᠤ ᠰᠦᠯᠵᠢᠶᠡᠨ ᠳᠤ ᠢᠯᠡ ᠪᠠᠷ ᠦᠵᠡᠭᠦᠯᠵᠦ᠂ ᠡᠪᠡᠳᠴᠢᠲᠡᠨ ᠡᠪᠡᠳᠴᠢᠨ ᠦᠵᠡᠭᠦᠯᠬᠦ ᠳᠤ ᠵᠢᠯᠣᠭᠤᠳᠤᠮᠵᠢ ᠬᠠᠩᠭᠠᠨ᠎ᠠ᠃   ᠭᠤᠷᠪᠠ᠂ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠦᠨ᠎ᠡ   ︵ᠨᠠᠢᠮᠠ︶ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠤᠨ ᠮᠤᠵᠢ ᠶᠢᠨ ᠬᠤᠭᠤᠷᠤᠨᠳᠤᠬᠢ ᠬᠤᠳᠠᠯᠳᠤᠨ ᠠᠪᠬᠤ ᠬᠤᠯᠪᠣᠭ᠎ᠠ ᠶᠢ ᠪᠠᠶᠢᠭᠤᠯᠤᠨ᠎ᠠ᠃ ᠰᠧᠴᠤᠸᠠᠨ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠤᠨ ᠮᠤᠵᠢ ᠶᠢᠨ ᠬᠤᠭᠤᠷᠣᠨᠳᠣᠬᠢ ᠬᠤᠳᠠᠯᠳᠤᠨ ᠠᠪᠬᠤ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠡᠯ᠎ᠡ ᠮᠤᠵᠢ ᠣᠷᠣᠨ ᠴᠥᠮ ᠣᠷᠣᠯᠴᠠᠨ᠎ᠠ᠃ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠳᠤ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢ ᠨᠢᠭᠡᠳᠭᠡᠬᠦ᠂ ᠬᠡᠮᠵᠢᠶ᠎ᠡ ᠪᠠ ᠦᠨ᠎ᠡ ᠬᠠᠩᠰᠢ ᠶᠢ ᠬᠤᠯᠪᠣᠭᠳᠠᠭᠤᠯᠬᠤ ᠦᠨᠳᠦᠰᠦᠨ ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠬᠤ᠂ ᠬᠤᠯᠪᠣᠭᠠᠯᠠᠨ ᠬᠤᠳᠠᠯᠳᠤᠨ ᠠᠪᠬᠤ᠂ ᠲᠠᠪᠴᠠᠩ ᠳᠤ ᠠᠵᠢᠯᠯᠠᠭᠤᠯᠬᠤ ᠶᠡᠷᠦᠩᠬᠡᠶ ᠰᠡᠳᠬᠢᠮᠵᠢ ᠶᠣᠰᠣᠭᠠᠷ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠢ ᠦᠢᠯᠡᠳᠪᠦᠷᠢᠯᠡᠬᠦ᠂ ᠬᠠᠩᠭᠠᠬᠤ ᠪᠠ ᠡᠮᠴᠢᠯᠡᠭᠡᠨ ᠳᠤ ᠬᠡᠷᠡᠭᠯᠡᠬᠦ ᠵᠡᠷᠭᠡ ᠲᠠᠯ᠎ᠠ ᠶᠢᠨ ᠣᠨᠴᠠᠯᠢᠭ ᠢ ᠭᠦᠢᠴᠡᠳ ᠪᠣᠳᠣᠯᠬᠢᠯᠠᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠡᠷᠬᠡ ᠲᠡᠭᠰᠢ ᠪᠠᠷ ᠥᠷᠢᠰᠥᠯᠳᠦᠭᠦᠯᠦᠨ᠎ᠡ᠃ ᠬᠤᠳᠠᠯᠳᠤᠨ ᠠᠪᠬᠤ ᠪᠣᠳᠠᠲᠠᠶ ᠲᠥᠰᠦᠯ ᠢ ᠰᠧᠴᠤᠸᠠᠨ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠯ᠎ᠡ ᠬᠤᠯᠪᠣᠭᠠᠨ ᠤ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠥᠪᠯᠡᠷᠡᠭᠦᠯᠦᠨ ᠬᠤᠳᠠᠯᠳᠤᠨ ᠠᠪᠬᠤ ᠳᠤ ᠢᠵᠢ ᠪᠦᠷᠢᠳᠦᠭᠦᠯᠦᠭᠰᠡᠨ ᠲᠠᠷᠢᠬᠤ ᠰᠢᠳᠦᠨ ᠤ ᠰᠢᠰᠲ᠋ᠧᠮ ᠢᠶᠠᠷ ᠨᠢᠭᠡᠴᠢ ᠪᠣᠯᠭᠠᠵᠤ᠂ ᠲᠠᠷᠢᠬᠤ ᠰᠢᠳᠦ᠂ ᠨᠥᠬᠦᠨ ᠵᠠᠰᠠᠬᠤ ᠰᠠᠭᠤᠷᠢ ᠵᠢᠴᠢ ᠪᠦᠷᠬᠦᠬᠦ ᠱᠤᠷᠠᠭ᠂ ᠡᠳᠡᠭᠡᠬᠦ ᠰᠠᠭᠤᠷᠢ᠂ ᠰᠢᠯᠵᠢᠭᠦᠯᠬᠦ ᠡᠰᠢ᠂ ᠣᠷᠣᠯᠠᠬᠤ ᠰᠢᠳᠦ ᠵᠡᠷᠭᠡ ᠰᠡᠯᠪᠢᠭ ᠲᠣᠨᠤᠭ ᠢ ᠪᠠᠭᠲᠠᠭᠠᠨ᠎ᠠ᠃   ︵ᠶᠢᠰᠦ︶ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠣᠷᠣᠯᠴᠠᠬᠤ ᠶᠢ ᠥᠷᠭᠡᠨ ᠢᠶᠠᠷ ᠳᠠᠶᠢᠴᠢᠯᠠᠨ᠎ᠠ᠃ ᠵᠠᠷᠴᠢᠮ ᠳᠡᠭᠡᠷ᠎ᠡ ᠪᠠᠨ ᠡᠯ᠎ᠡ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠤ ᠡᠨᠡ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ︵ᠠᠷᠠᠳ ᠠᠴᠠ ᠡᠵᠡᠩᠨᠡᠭᠰᠡᠨ ᠢ ᠪᠠᠭᠲᠠᠭᠠᠨ᠎ᠠ︶ ᠨᠢ ᠰᠢᠳᠦ ᠳᠠᠷᠢᠬᠤ ᠳᠤ ᠦᠢᠯᠡᠴᠢᠯᠡᠬᠦ ᠡᠮᠴᠢᠯᠡᠭᠡᠨ ᠤ ᠪᠠᠶᠢᠭᠤᠯᠤᠮᠵᠢ ᠶᠢᠨ ᠲᠣᠭᠠᠨ ᠳᠤ ᠡᠵᠡᠯᠡᠬᠦ ᠬᠠᠷᠢᠴᠠᠯ ᠢ 40 % ᠠᠴᠠ ᠳᠡᠭᠡᠭᠰᠢ ᠪᠠᠶᠢᠯᠭᠠᠵᠤ᠂ ᠲᠣᠰ ᠣᠷᠣᠨ ᠪᠦᠰᠡ ᠶᠢᠨ ᠮᠡᠳᠡᠭᠦᠯᠦᠨ ᠬᠦᠷᠭᠡᠬᠦ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠶ ᠬᠡᠮᠵᠢᠶᠡᠨ ᠤ ᠳᠡᠭᠡᠷ᠎ᠡ ᠵᠢᠯ ᠤᠨ ᠪᠣᠳᠠᠲᠠᠶ ᠬᠡᠷᠡᠭᠯᠡᠭᠰᠡᠨ ᠶᠡᠷᠦᠩᠬᠡᠶ ᠬᠡᠮᠵᠢᠶᠡᠨ ᠳᠠᠬᠢ ᠡᠵᠡᠯᠡᠬᠦ ᠬᠠᠷᠢᠴᠠᠯ ᠢ 50 % ᠠᠴᠠ ᠳᠡᠭᠡᠭᠰᠢ ᠪᠠᠶᠢᠯᠭᠠᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠠᠷᠢᠶ᠎ᠠ ᠣᠷᠣᠨ ᠳᠠᠬᠢ ᠰᠢᠳᠦ ᠳᠠᠷᠢᠬᠤ ᠦᠢᠯᠡᠴᠢᠯᠡᠭᠡᠨ ᠤ ᠴᠢᠳᠠᠪᠤᠷᠢ ᠲᠠᠢ ᠡᠮᠴᠢᠯᠡᠭᠡᠨ ᠤ ᠪᠠᠶᠢᠭᠤᠯᠤᠮᠵᠢ ᠶᠢ ᠥᠷᠭᠡᠨ ᠢᠶᠠᠷ ᠳᠠᠶᠢᠴᠢᠯᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ ︶ ᠶᠢ ᠵᠣᠬᠢᠶᠠᠨ ᠪᠠᠶᠢᠭᠤᠯᠤᠨ ᠪᠥᠭᠦᠨ ᠢ ᠰᠢᠳᠦ ᠳᠠᠷᠢᠬᠤ ᠳᠤ ᠬᠡᠷᠡᠭᠰᠡᠬᠦ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠤᠯᠵᠤ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠪᠥᠬᠦ ᠬᠦᠴᠦᠨ ᠢᠶᠠᠷ ᠳᠠᠶᠢᠴᠢᠯᠠᠨ᠂ ᠡᠮᠴᠢᠯᠡᠭᠡᠨ ᠤ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠣᠯᠠᠨ ᠲᠦᠮᠡᠨ ᠤ ᠬᠦᠰᠡᠯ ᠡᠷᠡᠮᠡᠯᠵᠡᠯ ᠪᠠ ᠡᠮᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠤᠨ ᠬᠠᠷᠢᠭᠤᠴᠠᠯᠭ᠎ᠠ ᠶᠢ ᠲᠣᠳᠣᠷᠬᠠᠶ ᠶᠠᠷᠢᠵᠤ᠂ ᠲᠥᠪᠯᠡᠷᠡᠭᠦᠯᠦᠨ ᠬᠤᠳᠠᠯᠳᠤᠨ ᠠᠪᠤᠭᠰᠠᠨ ᠤ ᠳᠠᠷᠠᠭᠠᠬᠢ ᠠᠵᠢᠯ ᠲᠥᠷᠥᠯ ᠤᠨ ᠪᠠᠶᠢᠷᠢᠰᠢᠯᠠᠭᠤᠯᠤᠯᠲᠠ ᠪᠠ ᠡᠪᠡᠳᠴᠢᠲᠡᠨ ᠤ ᠡᠪᠡᠳᠴᠢᠨ ᠦᠵᠡᠭᠦᠯᠬᠦ ᠦᠢᠯᠡ ᠠᠵᠢᠯᠯᠠᠭ᠎ᠠ ᠶᠢᠨ ᠬᠤᠪᠢᠷᠠᠯᠲᠠ ᠶᠢᠨ ᠬᠠᠨᠳᠤᠰᠢ ᠶᠢ ᠵᠠᠳᠠᠯᠵᠤ᠂ ᠬᠠᠮᠢᠶ᠎ᠠ ᠪᠦᠬᠦᠢ ᠢᠵᠢ ᠪᠦᠷᠢᠳᠦᠭᠦᠯᠦᠭᠰᠡᠨ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠴᠢᠬᠤᠯᠠᠴᠢᠯᠠᠨ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠤᠯᠤᠰ ᠠᠴᠠ ᠰᠠᠨᠠᠭᠠᠴᠢᠯᠠᠭᠰᠠᠨ ᠪᠠ ᠠᠷᠠᠳ ᠣᠯᠠᠨ ᠤ ᠬᠦᠰᠡᠯ ᠡᠷᠡᠮᠡᠯᠵᠡᠯ ᠯᠦᠭᠡ ᠵᠡᠷᠭᠡ ᠪᠠᠷ ᠬᠥᠭᠵᠢᠭᠦᠯᠬᠦ ᠠᠵᠠ ᠲᠣᠬᠢᠶᠠᠯ ᠢ ᠣᠯᠭᠤᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠨᠢ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠵᠡᠷᠭᠡ ᠣᠯᠠᠨ ᠴᠡᠭ ᠲᠤ ᠠᠵᠢᠯ ᠡᠷᠭᠢᠯᠡᠬᠦ ᠶᠢᠨ ᠬᠠᠮᠲᠤ ᠬᠠᠷᠢᠭᠤᠴᠠᠯᠭᠠᠲᠠᠨ ᠪᠤᠶᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠣᠯᠤᠭᠰᠠᠨ ᠪᠣᠯ ᠲᠣᠰ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠲᠡᠭᠦᠨ ᠢ ᠰᠢᠮᠳᠠᠭᠤᠯᠵᠤ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠲᠣᠰ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠰᠠᠨ ᠪᠤᠶᠤ ᠣᠷᠣᠯᠴᠠᠭᠰᠠᠨ ᠥᠬᠡᠶ ᠪᠠᠨ ᠪᠢᠴᠢᠭ ᠢᠶᠠᠷ ᠬᠠᠷᠢᠭᠤ ᠳᠤᠰᠬᠠᠵᠤ᠂ ᠣᠷᠣᠯᠴᠠᠭᠰᠠᠨ ᠥᠬᠡᠶ ᠪᠣᠯ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃   ︵ᠠᠷᠪᠠ︶ ᠲᠠᠷᠢᠬᠤ ᠰᠢᠳᠦ ᠶᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠦᠨᠡᠨ ᠮᠥᠨ ᠢᠶᠠᠷ ᠨᠢ ᠨᠠᠷᠢᠯᠢᠭ ᠣᠨᠣᠴᠠᠲᠠᠢ ᠲᠠᠭᠯᠠᠨ ᠮᠡᠳᠡᠭᠦᠯᠦᠨ᠎ᠡ᠃ ᠡᠯ᠎ᠡ ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠣᠰ ᠲᠣᠰ ᠮᠤᠵᠢ ᠶᠢᠨ ᠳᠣᠲᠤᠷ᠎ᠠ ᠪᠠᠨ ᠡᠨᠡ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠰᠠᠨ ᠠᠯᠪᠠᠨ ᠠᠴᠠ ᠪᠠᠶᠢᠭᠤᠯᠤᠭᠰᠠᠨ ᠪᠠ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠲᠠᠭᠯᠠᠨ ᠮᠡᠳᠡᠭᠦᠯᠦᠨ᠎ᠡ᠃ ᠲᠠᠭᠯᠠᠨ ᠮᠡᠳᠡᠭᠦᠯᠬᠦ ᠠᠭᠤᠯᠭ᠎ᠠ ᠳᠤ ᠲᠤᠰ ᠨᠢᠭᠡᠴᠢ ᠶᠢᠨ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠤᠨ ᠳᠡᠭᠡᠷ᠎ᠡ ᠨᠢᠭᠡ ᠵᠢᠯ ᠤᠨ ᠪᠣᠳᠠᠲᠠᠶ ᠬᠤᠳᠠᠯᠳᠤᠨ ᠠᠪᠤᠭᠰᠠᠨ ᠬᠡᠮᠵᠢᠶ᠎ᠡ᠂ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠪᠠᠭᠲᠠᠭᠠᠨ᠎ᠠ᠃ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠲᠠᠭᠯᠠᠨ ᠮᠡᠳᠡᠭᠦᠯᠬᠦ ᠳᠤ ᠵᠠᠷᠴᠢᠮ ᠳᠡᠭᠡᠷ᠎ᠡ ᠪᠠᠨ ᠳᠡᠭᠡᠷ᠎ᠡ ᠨᠢᠭᠡ ᠵᠢᠯ ᠤᠨ ᠪᠣᠳᠠᠲᠠᠶ ᠬᠤᠳᠠᠯᠳᠤᠨ ᠠᠪᠤᠭᠰᠠᠨ ᠬᠡᠮᠵᠢᠶ᠎ᠡ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠂ ᠡᠭᠦᠨ ᠤ ᠬᠠᠮᠲᠤ᠂ ᠰᠢᠳᠦ ᠳᠠᠷᠢᠬᠤ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠯ ᠡᠯᠧᠮᠧᠨ᠋ᠲ ᠢ ᠤᠷᠢᠳᠠᠴᠢ ᠴᠢᠨᠠᠷᠲᠠᠶ ᠪᠠᠷ ᠪᠣᠳᠣᠯᠬᠢᠯᠠᠵᠤ᠂ ᠮᠡᠳᠡᠭᠦᠯᠬᠦ ᠬᠡᠮᠵᠢᠶ᠎ᠡ ᠵᠥᠪ ᠣᠨᠣᠪᠴᠢᠲᠠᠶ ᠵᠦᠶ ᠵᠣᠬᠢᠰᠲᠠᠶ ᠪᠠᠶᠢᠬᠤ ᠶᠢ ᠦᠨᠡᠨ ᠬᠦ ᠪᠠᠲᠤᠯᠠᠨ᠂ ᠬᠡᠮᠵᠢᠶ᠎ᠡ ᠪᠠᠷ ᠦᠨ᠎ᠡ ᠰᠣᠯᠢᠬᠤ ᠶᠢ ᠨᠠᠩ ᠰᠠᠶᠢᠨ ᠪᠡᠶᠡᠯᠡᠭᠦᠯᠵᠦ᠂ ᠰᠣᠩᠭᠤᠭᠳᠠᠭᠰᠠᠨ ᠠᠵᠤ ᠠᠬᠤᠶᠢᠯᠠᠯ ᠤᠨ ᠬᠠᠩᠭᠠᠯᠭ᠎ᠠ ᠶᠢ ᠪᠠᠲᠤᠯᠠᠬᠤ ᠳᠤ ᠲᠥᠬᠦᠮ ᠦᠵᠡᠭᠦᠯᠦᠨ᠎ᠡ᠃ ᠰᠢᠳᠦ ᠳᠠᠷᠢᠬᠤ ᠦᠢᠯᠡᠴᠢᠯᠡᠭᠡ ᠶᠢ ᠥᠷᠨᠢᠭᠦᠯᠬᠦ ᠳᠤ ᠪᠠᠨ ᠮᠡᠳᠡᠭᠦᠯᠦᠭᠰᠡᠨ ᠥᠬᠡᠶ ᠪᠤᠶᠤ ᠮᠡᠳᠡᠭᠦᠯᠦᠭᠰᠡᠨ ᠬᠡᠮᠵᠢᠶ᠎ᠡ ᠶᠢᠨ ᠨᠣᠷᠮ᠎ᠠ ᠨᠢ ᠳᠡᠭᠡᠷ᠎ᠡ ᠵᠢᠯ ᠤᠨ ᠪᠣᠳᠠᠲᠠᠶ ᠬᠡᠷᠡᠭᠯᠡᠭᠰᠡᠨ ᠬᠡᠮᠵᠢᠶ᠎ᠡ ᠶᠢᠨ 80 % ᠳᠤ ᠬᠥᠷᠬᠦ ᠥᠬᠡᠶ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠵᠦᠷᠢᠶ᠎ᠡ ᠭᠠᠷᠭᠠᠬᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠡᠭᠦᠨ ᠳᠤ᠂ ᠰᠢᠳᠦ ᠳᠠᠷᠢᠬᠤ ᠪᠠ ᠰᠢᠳᠦᠨ ᠤ ᠳᠢᠲᠢᠮ ᠲᠠᠯᠪᠢᠬᠤ ᠮᠡᠰᠡ ᠵᠠᠰᠠᠯ ᠳᠤ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠭᠠᠵᠠᠷ ᠣᠷᠣᠨ ᠳᠤ᠂ ᠳᠡᠭᠡᠷ᠎ᠡ ᠳᠤᠷᠠᠳᠤᠭᠰᠠᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠬᠤᠷᠢᠶᠠᠬᠤ ᠵᠠᠷᠤᠳᠠᠯ ᠢ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠶᠢᠨ 80 % ᠠᠴᠠ ᠬᠡᠲᠦᠷᠡᠭᠦᠯᠵᠦ ᠪᠣᠯᠬᠤ ᠥᠬᠡᠶ︔ ᠡᠵᠡᠨ ᠮᠡᠳᠡᠵᠦ ᠦᠨ᠎ᠡ ᠲᠣᠭᠲᠠᠭᠠᠬᠤ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠳᠤ᠂ ᠳᠡᠭᠡᠷ᠎ᠡ ᠳᠤᠷᠠᠳᠤᠭᠰᠠᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠬᠤᠷᠢᠶᠠᠬᠤ ᠵᠠᠷᠤᠳᠠᠯ ᠢ ᠲᠣᠰ ᠭᠠᠵᠠᠷ ᠣᠷᠣᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠵᠡᠨ ᠮᠡᠳᠡᠵᠦ ᠦᠨ᠎ᠡ ᠲᠣᠭᠲᠠᠭᠠᠬᠤ ᠳᠤᠮᠳᠠᠴᠢ ᠬᠢᠷᠢ ᠲᠦᠪᠰᠢᠨ ᠤ 80 % ᠠᠴᠠ ᠬᠡᠲᠦᠷᠡᠭᠦᠯᠵᠦ ᠪᠣᠯᠬᠤ ᠥᠬᠡᠶ᠃   ᠳᠥᠷᠪᠡ᠂ ᠠᠮᠠᠨ ᠬᠥᠨᠳᠡᠶ ᠳᠤ ᠳᠠᠷᠢᠬᠤ ᠵᠠᠷᠤᠳᠠᠯ ᠬᠤᠷᠢᠶᠠᠬᠤ ᠶᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠎ᠡ   ︵ᠠᠷᠪᠠᠨ ᠨᠢᠭᠡ︶ ᠠᠮᠠᠨ ᠬᠥᠨᠳᠡᠶ ᠳᠤ ᠳᠠᠷᠢᠬᠤ ᠬᠡᠪ ᠤᠨ ᠪᠤᠰᠤ ᠦᠨ᠎ᠡ ᠬᠠᠩᠰᠢ ᠶᠢ ᠰᠡᠡᠷᠡᠮᠵᠢᠯᠡᠭᠦᠯᠬᠦ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠡᠯ᠎ᠡ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ  ᠬᠢᠨ ᠣᠷᠣᠨ ᠨᠤᠲᠤᠭ ᠪᠠ ᠬᠤᠲᠠ ᠪᠠᠷ ᠨᠢᠭᠡᠴᠢ ᠪᠣᠯᠭᠠᠨ ᠠᠮᠠᠨ ᠬᠥᠨᠳᠡᠶ ᠳᠤ ᠳᠠᠷᠢᠬᠤ ᠬᠡᠪ ᠤᠨ ᠪᠤᠰᠤ ᠦᠨ᠎ᠡ ᠬᠠᠩᠰᠢ ᠶᠢᠨ ᠪᠠᠶᠢᠳᠠᠯ ᠢ ᠰᠡᠷᠡᠮᠵᠢᠯᠡᠭᠦᠯᠬᠦ ᠲᠦᠷᠢᠮ ᠢ ᠪᠠᠶᠢᠭᠤᠯᠵᠤ᠂ ᠦᠨ᠎ᠡ ᠬᠠᠩᠰᠢ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢᠶᠠᠷ ᠨᠡᠯᠢᠶᠡᠳ ᠠᠷᠪᠢᠨ᠂ ᠲᠣᠭᠲᠠᠭᠠᠭᠰᠠᠨ ᠦᠨ᠎ᠡ ᠨᠢ ᠲᠤᠬᠠᠶ ᠶᠢᠨ ᠭᠠᠵᠠᠷ ᠤᠨ ᠳᠤᠮᠳᠠᠴᠢ ᠬᠢᠷᠢ ᠲᠦᠪᠰᠢᠨ ᠠᠴᠠ ᠢᠯᠡᠳᠲᠡ ᠥᠨᠳᠥᠷ᠂ ᠳᠠᠷᠢᠬᠤ ᠰᠢᠳᠦ ᠶᠢ ᠲᠥᠪᠯᠡᠷᠡᠭᠦᠯᠦᠨ ᠬᠤᠳᠠᠯᠳᠤᠨ ᠠᠪᠬᠤ ᠶᠢ ᠲᠡᠪᠴᠢᠭᠰᠡᠨ ᠪᠤᠶᠤ ᠨᠠᠵᠠᠭᠠᠶ ᠪᠠᠷ ᠣᠷᠣᠯᠴᠠᠭᠰᠠᠨ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ ᠬᠡᠪ ᠤᠨ ᠪᠤᠰᠤ ᠦᠨ᠎ᠡ ᠬᠠᠩᠰᠢ ᠶᠢᠨ ᠪᠠᠶᠢᠳᠠᠯ ᠢ ᠰᠡᠷᠡᠮᠵᠢᠯᠡᠭᠦᠯᠬᠦ ᠨᠡᠷᠡᠰ ᠲᠤ ᠵᠢᠭᠰᠠᠭᠠᠨ ᠣᠷᠣᠭᠤᠯᠬᠤ ᠶᠢᠨ ᠬᠠᠮᠲᠤ ᠤᠯᠠᠷᠢᠯ ᠪᠦᠷᠢ ᠲᠤᠬᠠᠶ ᠶᠢᠨ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠳᠤ ᠢᠯᠡ ᠨᠡᠶᠢᠲᠡᠯᠡᠬᠦ ᠬᠡᠷᠡᠭᠲᠡᠶ᠃ ᠵᠢᠯ ᠤᠨ ᠳᠣᠲᠣᠷ᠎ᠠ ᠣᠯᠠᠨ ᠤᠳᠠᠭ᠎ᠠ ᠰᠡᠷᠡᠮᠵᠢᠯᠡᠭᠦᠯᠬᠦ ᠨᠡᠷᠡᠰ ᠲᠤ ᠣᠷᠣᠭᠰᠠᠨ ᠡᠮᠴᠢᠯᠡᠭᠡᠨ ᠤ ᠪᠠᠶᠢᠭᠤᠯᠤᠮᠵᠢ ᠶᠢ ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠥᠪᠯᠡᠷᠡᠭᠦᠯᠦᠨ ᠮᠡᠳᠡᠭᠳᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ ᠤᠯᠤᠰ ᠤᠨ ᠡᠮᠴᠢᠯᠡᠭᠡᠨ ᠪᠠᠲᠤᠯᠠᠭ᠎ᠠ ᠶᠢᠨ ᠲᠣᠪᠴᠢᠶ᠎ᠠ ᠠᠴᠠ ᠨᠢᠭᠡᠳᠦᠯᠲᠡᠢ ᠢᠯᠡᠴᠢᠯᠡᠬᠦ ᠬᠡᠷᠡᠭᠲᠡᠢ᠃ ᠬᠡᠪ ᠤᠨ ᠪᠤᠰᠤ ᠦᠨ᠎ᠡ ᠬᠠᠩᠰᠢ ᠶᠢ ᠰᠡᠷᠡᠮᠵᠢᠯᠡᠭᠦᠯᠬᠦ ᠨᠡᠷᠡᠰ ᠲᠤ ᠵᠢᠭᠰᠠᠭᠠᠨ ᠣᠷᠣᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠢᠨᠠᠨ ᠪᠠᠶᠢᠴᠠᠭᠠᠵᠤ ᠰᠡᠷᠡᠮᠵᠢᠯᠡᠭᠦᠯᠬᠦ᠂ ᠵᠠᠬᠢᠳᠠᠯ ᠢᠶᠠᠷ ᠠᠰᠠᠭᠤᠵᠤ ᠪᠣᠯᠵᠣᠨ ᠶᠠᠷᠢᠯᠴᠠᠬᠤ᠂ ᠰᠠᠨᠠᠭᠤᠯᠵᠤ ᠰᠡᠷᠡᠮᠵᠢᠯᠡᠭᠦᠯᠬᠦ᠂ ᠥᠪᠡᠷ ᠤᠨ ᠥᠷᠲᠡᠭ ᠤᠨ ᠪᠠᠶᠢᠴᠠᠭᠠᠯᠲᠠ ᠬᠢᠬᠦ᠂ ᠮᠡᠳᠡᠭᠡ ᠵᠠᠩᠭᠢ ᠶᠢ ᠨᠡᠶᠢᠲᠡᠯᠡᠬᠦ᠂ ᠢᠯᠡᠴᠢᠯᠡᠬᠦ ᠵᠡᠷᠭᠡ ᠬᠢᠨᠠᠨ ᠬᠠᠮᠢᠶᠠᠷᠬᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ︔ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠠᠷᠢᠶᠠᠯᠠᠭᠳᠠᠪᠠᠯ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠳᠣᠭᠢᠷᠠᠭᠤᠯᠬᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠳᠥᠰᠦᠯ ᠢ ᠰᠢᠨ᠎ᠡ ᠪᠠᠷ ᠨᠡᠮᠡᠭᠳᠡᠭᠦᠯᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠲᠠᠯ᠎ᠠ ᠪᠠᠷ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃   ︵ᠠᠷᠪᠠᠨ ᠬᠤᠶᠠᠷ︶ ᠠᠮᠠᠨ ᠬᠥᠨᠳᠡᠶ ᠳᠤ ᠲᠠᠷᠢᠬᠤ ᠦᠨ᠎ᠡ ᠬᠠᠩᠰᠢ ᠶᠢᠨ ᠲᠤᠰᠬᠠᠶ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠲᠤᠰᠬᠠᠶ  ᠵᠠᠰᠠᠯᠲᠠ ᠶᠢ ᠡᠬᠢᠯᠡᠭᠦᠯᠬᠦ ᠱᠠᠲᠤ ︵2022 ᠣᠨ ᠤ 8 ᠳ᠋ᠤᠭᠠᠷ ᠰᠠᠷ᠎ᠠ ︶ ᠳᠤ᠂ ︽ᠬᠥᠨᠳᠡᠯᠡᠨ ᠢᠶᠠᠷ ᠬᠥᠪᠡᠭᠡ ᠵᠠᠬ᠎ᠠ ᠳᠤ ᠨᠢ ᠬᠦᠷᠬᠦ᠂ ᠭᠤᠯᠳᠤ ᠪᠠᠷ ᠲᠤᠭᠤᠰᠢᠲᠠᠶ ᠪᠠᠶᠢᠯᠭᠠᠬᠤ᠂ ᠪᠦᠬᠦᠨ ᠢ ᠬᠠᠮᠤᠷᠬᠤ︾ ᠵᠠᠷᠴᠢᠮ ᠶᠣᠰᠣᠭᠠᠷ ᠠᠮᠠᠨ ᠬᠥᠨᠳᠡᠶ ᠳᠤ ᠲᠠᠷᠢᠬᠤ ᠵᠠᠷᠤᠳᠠᠯ ᠬᠤᠷᠢᠶᠠᠬᠤ ᠪᠠ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠪᠠᠶᠢᠴᠠᠭᠠᠨ ᠳᠠᠩᠰᠠᠯᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠲᠥᠰᠦᠯ ᠪᠠ ᠦᠨ᠎ᠡ ᠬᠠᠩᠰᠢ ᠶᠢ ᠵᠢᠷᠤᠮᠵᠢᠭᠤᠯᠤᠨ᠂ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃ ᠪᠠᠶᠢᠴᠠᠭᠠᠵᠤ ᠳᠠᠩᠰᠠᠯᠠᠭᠤᠯᠬᠤ ᠬᠤᠭᠤᠴᠠᠭᠠᠨ ᠳᠤ ᠣᠯᠵᠤ ᠮᠡᠳᠡᠭᠰᠡᠨ ᠲᠣᠭᠲᠠᠭᠠᠯ ᠠᠴᠠ ᠵᠥᠷᠢᠴᠡᠨ ᠵᠠᠷᠤᠳᠠᠯ ᠬᠤᠷᠢᠶᠠᠭᠰᠠᠨ ᠰᠦᠪᠡᠭᠴᠢ ᠶᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠵᠦ ᠵᠠᠯᠠᠷᠠᠭᠤᠯᠬᠤ ᠬᠡᠷᠡᠭᠲᠡᠶ᠃ ᠳᠤᠰᠬᠠᠢ ᠵᠠᠰᠠᠯᠲᠠ ᠶᠢ ᠬᠡᠷᠡᠭᠵᠢᠭᠦᠯᠬᠦ ᠱᠠᠲᠤ ︵2022 ᠣᠨ ᠤ** ᠰᠠᠷ᠎ᠠ︶ ᠳᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠢᠨᠠᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠡᠷᠡᠭᠵᠢᠭᠦᠯᠦᠭᠰᠡᠨ ᠪᠠᠶᠢᠳᠠᠯ ᠪᠠ ᠲᠠᠷᠢᠬᠤ ᠰᠢᠳᠦ ᠵᠡᠷᠭᠡ ᠬᠤᠷᠣᠭᠳᠠᠯ ᠮᠠᠲ᠋ᠧᠷᠢᠶᠠᠯ ᠢ ᠪᠣᠳᠠᠲᠠᠶ ᠬᠤᠳᠠᠯᠳᠤᠨ ᠠᠪᠤᠭᠰᠠᠨ ᠪᠠᠶᠢᠳᠠᠯ ᠵᠢᠴᠢ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ᠂ ᠲᠠᠷᠢᠬᠤ ᠰᠢᠳᠦᠨ ᠤ ᠮᠡᠰᠡ ᠵᠠᠰᠠᠯ ᠤᠨ ᠦᠨ᠎ᠡ ᠬᠠᠩᠰᠢ᠂ ᠡᠪᠡᠳᠴᠢᠲᠡᠨ ᠤ ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠵᠡᠷᠭᠡ ᠭᠤᠣᠯᠳᠠᠯᠭ᠎ᠠ ᠲᠠᠢ ᠭᠦᠢᠴᠡᠳᠭᠡᠯ ᠲᠤᠭ᠎ᠠ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠡᠯ᠎ᠡ ᠵᠦᠢᠯ ᠤᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠨᠡᠨ ᠬᠦ ᠪᠠᠲᠤᠯᠠᠵᠤ᠂ ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠮᠤᠵᠢ ᠪᠠᠷ ᠨᠢᠭᠡᠴᠢ ᠪᠣᠯᠭᠠᠨ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ 2023 ᠣᠨ ᠤ * * ᠰᠠᠷ᠎ᠠ ᠠᠴᠠ ᠡᠬᠢᠯᠡᠨ᠂ ᠠᠮᠠᠨ ᠬᠥᠨᠳᠡᠢ ᠳᠤ ᠲᠠᠷᠢᠬᠤ ᠦᠨ᠎ᠡ ᠬᠠᠩᠰᠢ ᠶᠢᠨ ᠵᠠᠰᠠᠯᠲᠠ ᠶᠢᠨ ︽ᠪᠤᠴᠠᠨ ᠬᠠᠷᠠᠬᠤ︾ ᠠᠵᠢᠯ ᠢ ᠥᠷᠨᠢᠭᠦᠯᠵᠦ᠂ ᠡᠯ᠎ᠡ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠣᠷᠣᠨ ᠪᠦᠰᠡ ᠶᠢᠨ ᠳᠣᠲᠤᠷ᠎ᠠ ᠦᠨ᠎ᠡ ᠬᠠᠩᠰᠢ ᠶᠢᠨ ᠨᠡᠷᠡᠰ ᠤᠨ ᠵᠢᠭᠰᠠᠭᠠᠯᠲᠠ ᠡᠮᠦᠨᠡᠭᠦᠷ ᠣᠷᠣᠵᠤ᠂ ᠣᠯᠠᠨ ᠲᠦᠮᠡᠨ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠰᠡᠨ ᠨᠢ ᠨᠡᠯᠢᠶᠡᠳ ᠠᠷᠪᠢᠨ᠂ ᠲᠠᠷᠢᠬᠤ ᠰᠢᠳᠦ ᠶᠢ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠶᠢ ᠲᠡᠪᠴᠢᠭᠰᠡᠨ ᠪᠤᠶᠤ ᠲᠤᠭ᠎ᠠ ᠬᠡᠮᠵᠢᠶ᠎ᠡ ᠪᠠᠨ ᠨᠢᠭᠤᠨ ᠳᠠᠯᠳᠠᠯᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠠᠶᠢᠴᠠᠭᠠᠬᠤ ᠭᠤᠣᠯᠳᠠᠯᠭ᠎ᠠ ᠪᠣᠯᠭᠠᠵᠤ᠂ ᠪᠠᠶᠢᠴᠠᠭᠠᠬᠤ ᠶᠠᠪᠤᠴᠠ ᠳᠤ ᠡᠮᠴᠢᠯᠡᠭᠡᠨ ᠤ ᠪᠠᠶᠢᠭᠤᠯᠤᠮᠵᠢ ᠶᠢᠨ ᠳᠠᠪᠬᠤᠷᠳᠠᠭᠤᠯᠤᠨ ᠵᠠᠷᠤᠳᠠᠯ ᠬᠤᠷᠢᠶᠠᠭᠰᠠᠨ᠂ ᠦᠨ᠎ᠡ ᠬᠠᠩᠰᠢ ᠢ ᠮᠡᠬᠡᠯᠡᠭᠰᠡᠨ᠂ ᠬᠤᠳᠠᠯ ᠬᠠᠭᠤᠷᠮᠠᠭ ᠢᠶᠠᠷ ᠤᠬᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠵᠢᠴᠢ ᠠᠮᠠᠨ ᠬᠥᠨᠳᠡᠢ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢ ᠬᠠᠩᠭᠠᠬᠤ ᠶᠠᠪᠤᠴᠠ ᠳᠤ ᠵᠦᠢ ᠵᠣᠬᠢᠰ ᠦᠭᠡᠢ ᠪᠥᠭᠡᠳ ᠵᠢᠷᠤᠮᠵᠢᠯ ᠦᠭᠡᠢ ᠪᠠᠶᠢᠴᠠᠭᠠᠵᠤ ᠣᠨᠣᠰᠢᠯᠠᠨ ᠡᠮᠨᠡᠵᠦ ᠪᠠᠶᠢᠭ᠎ᠠ ᠠᠵᠢᠯᠯᠠᠭ᠎ᠠ ᠶᠢ ᠣᠯᠵᠤ ᠮᠡᠳᠡᠪᠡᠯ᠂ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃   ᠡᠯ᠎ᠡ ᠭᠠᠵᠠᠷ ᠤᠨ ᠬᠢᠨ ᠠᠮᠠᠨ ᠬᠥᠨᠳᠡᠶ ᠳᠤ ᠲᠠᠷᠢᠬᠤ ᠵᠡᠷᠭᠡ ᠤᠨᠠᠭᠰᠠᠨ ᠰᠢᠳᠦ ᠶᠢ ᠨᠥᠬᠦᠬᠦ ᠲᠥᠷᠥᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠪᠠ ᠬᠤᠷᠣᠭᠳᠠᠯ ᠮᠠᠲ᠋ᠧᠷᠢᠶᠠᠯ ᠢ ᠳᠤᠰᠬᠠᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠠᠵᠢᠯ ᠲᠥᠷᠥᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠨ᠂ ᠲᠤᠰᠬᠠᠶ ᠬᠦᠴᠦᠨ ᠢ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠠᠬᠢᠭᠤᠯᠤᠨ᠂ ᠠᠯᠪᠠᠨ ᠠᠴᠠ ᠪᠠᠶᠢᠭᠤᠯᠤᠭᠰᠠᠨ ᠪᠠ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠶ᠃ ᠠᠷᠠᠳ ᠲᠦᠮᠡᠨ ᠢᠶᠠᠷ ᠭᠤᠣᠯᠯᠠᠭᠤᠯᠬᠤ ᠲᠦᠷᠦ ᠪᠠᠷᠢᠬᠤ ᠣᠨᠣᠯᠵᠢᠬᠤᠨ ᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠬᠤ ᠰᠢᠳᠤᠨ ᠤ ᠡᠮᠴᠢᠯᠡᠭᠡᠨ ᠤ ᠦᠢᠯᠡᠴᠢᠯᠡᠭᠡ ᠪᠣᠯᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠬᠠᠮᠵᠢᠯᠴᠠᠭ᠎ᠠ ᠶᠢ ᠴᠢᠩᠭᠠᠳᠬᠠᠵᠤ᠂ ᠲᠠᠷᠢᠬᠤ ᠰᠢᠳᠤᠨ ᠤ ᠡᠮᠴᠢᠯᠡᠭᠡᠨ ᠤ ᠦᠢᠯᠡᠴᠢᠯᠡᠭᠡ ᠪᠣᠯᠤᠨ ᠬᠤᠷᠣᠭᠳᠠᠯ ᠮᠠᠲ᠋ᠧᠷᠢᠶᠠᠯ ᠤᠨ ᠬᠡᠶᠢᠰᠪᠦᠷᠢ ᠥᠨᠳᠥᠷ ᠦᠨ᠎ᠡ ᠶᠢ ᠦᠨᠡᠨ ᠬᠦ ᠪᠠᠭᠤᠷᠠᠭᠤᠯᠵᠤ᠂ ᠠᠷᠠᠳ ᠤᠯᠠᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号