ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/3
   6 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ ᠬᠤᠤ ᠮᠧᠩ ᠭᠤᠤᠯ ᠰᠡᠳᠦᠪ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ ᠼᠠᠢ ᠾᠥᠩ ᠢᠦᠶ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠠᠭᠠᠯᠵᠠᠯ ᠢ ᠪᠠᠲᠤᠯᠠᠬᠤ ᠭᠠᠵᠠᠷ ᠤᠨ ᠳᠠᠷᠤᠭ᠎ᠠ ᠪᠦᠦ ᠴᠦᠨ ᠿᠥᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
微信图片_20220815091446.jpg
    ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ    ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ  ᠬᠤᠤ ᠮᠧᠩ ᠡᠯ᠎ᠡ ᠵᠠᠭᠤᠴᠢᠯᠠᠭᠤᠷ ᠤᠨ ᠨᠠᠶᠢᠵᠠ ᠨᠠᠷ ᠡ᠂ ᠣᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ︕   ᠡᠩ ᠲᠡᠷᠢᠭᠦᠨ ᠳᠤ᠂ ᠨᠡᠶᠢᠭᠡᠮ ᠤᠨ ᠡᠯ᠎ᠡ ᠡᠲᠡᠭᠡᠳ ᠪᠠ ᠵᠠᠭᠤᠴᠢᠯᠠᠭᠤᠷ ᠤᠨ ᠨᠠᠶᠢᠵᠠ ᠨᠠᠷ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕   ᠳᠤᠤᠷ᠎ᠠ ᠪᠢ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠥᠬᠦᠶ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃   ᠨᠢᠭᠡ᠂ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ   ᠡᠮᠴᠢᠯᠡᠭᠡᠨ ᠤ ᠪᠠᠲᠤᠯᠠᠭ᠎ᠠ ᠶᠢᠨ ᠠᠵᠢᠯ ᠨᠢ ᠣᠯᠠᠨ ᠲᠦᠮᠡᠨ ᠤ ᠡᠪᠡᠳᠴᠢᠨ ᠦᠵᠡᠭᠦᠯᠬᠦ᠂ ᠠᠷᠠᠳ ᠤᠨ ᠠᠮᠢᠳᠤᠷᠠᠯ ᠳᠤ ᠪᠤᠶᠠᠨ ᠦᠢᠯᠡᠳᠬᠦ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2018 ᠣᠨ ᠤ ᠰᠡᠭᠦᠯᠴᠢ ᠪᠠᠷ ᠪᠠᠶᠢᠭᠤᠯᠤᠭᠳᠠᠭᠰᠠᠨ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ        ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠶ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠣ᠂ ᠣᠯᠠᠨ ᠲᠦᠮᠡᠨ ᠤ ᠭᠦᠷᠲᠡᠭᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃   ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠳᠤᠰᠠᠯᠠᠬᠤ ᠴᠢᠨᠠᠷ ᠬᠦᠷᠦᠯᠴᠡᠬᠦ ᠥᠬᠡᠶ ᠪᠠᠶᠢᠬᠤ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠴᠢᠳᠠᠮᠵᠢ ᠬᠦᠷᠦᠯᠴᠡᠬᠦ ᠥᠬᠡᠶ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠭᠦᠳᠡᠨ ᠡᠮᠨᠡᠯᠭᠡ ᠶᠢᠨ ᠵᠠᠷᠤᠳᠠᠯ ᠢ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ ᠤ ᠳᠥᠯᠥᠬᠦ ᠬᠡᠪᠴᠢᠶᠡᠨ ᠳᠤ ᠣᠷᠣᠭᠤᠯᠵᠤ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠥᠭᠡᠷᠡᠴᠢᠯᠡᠯᠲᠡ ᠬᠢᠵᠦ᠂ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠬᠢᠨ ᠢ ᠡᠨᠡ ᠵᠢᠯ ᠠᠴᠠ ᠡᠬᠢᠯᠡᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠨ ᠰᠣᠳᠤᠯᠬᠤ ᠶᠢ ᠭᠦᠨᠵᠡᠭᠡᠶ ᠥᠷᠨᠢᠭᠦᠯᠵᠦ᠂ ᠥᠷᠭᠡᠨ ᠢᠶᠠᠷ ᠰᠠᠨᠠᠯ ᠰᠣᠨᠣᠰᠴᠤ᠂ ᠳᠠᠬᠢᠨ ᠳᠠᠪᠲᠠᠨ ᠰᠤᠳᠤᠯᠤᠨ ᠨᠤᠲᠠᠯᠠᠭᠰᠠᠨ ᠰᠠᠭᠤᠷᠢᠨ ᠳᠡᠭᠡᠷ᠎ᠡ ᠤᠯᠤᠰ ᠠᠴᠠ ᠲᠣᠭᠲᠠᠭᠠᠭᠰᠠᠨ ᠪᠣᠷᠣ ᠲᠥᠯᠥᠪ ᠤᠨ ᠬᠡᠪᠴᠢᠶᠡᠨ ᠳᠤ ᠮᠠᠨ ᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ᠃ ᠴᠢᠬᠤᠯᠠ ᠠᠴᠢ ᠬᠤᠯᠪᠣᠭᠳᠠᠯ ᠨᠢ ᠭᠤᠣᠯᠳᠠᠭᠤ ᠳᠣᠣᠷᠠᠬᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠃   ᠨᠢᠭᠡ ᠳᠤ᠂ ᠬᠠᠷᠠᠭᠠᠯᠵᠠᠯ ᠢ ᠪᠠᠲᠤᠯᠠᠬᠤ ᠵᠠᠭᠪᠤᠷ ᠢ ᠰᠢᠯᠢᠳᠡᠭᠵᠢᠭᠦᠯᠦᠨ᠎ᠡ᠃ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠶᠢ ᠪᠠᠲᠤᠯᠠᠬᠤ ᠪᠠ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ᠂ ᠣᠨᠴᠠᠭᠠᠶ ᠡᠪᠡᠳᠴᠢᠨ ᠡᠮᠭᠡᠭ ᠢ ᠪᠠᠲᠤᠯᠠᠬᠤ ᠰᠠᠭᠤᠷᠢᠨ ᠳᠡᠭᠡᠷ᠎ᠡ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠦᠪᠯᠡᠭᠰᠡᠨ ᠲᠦᠷᠢᠮ ᠢ ᠪᠠᠶᠢᠭᠤᠯᠵᠤ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠳᠤ ᠣᠯᠠᠨ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠦᠪᠯᠡᠭᠰᠡᠨ ᠦᠨᠳᠦᠰᠦᠨ ᠳᠥᠯᠥᠬᠦ ᠬᠡᠪᠴᠢᠶᠡᠨ ᠳᠤ ᠣᠷᠣᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠢ ᠪᠠᠲᠤᠯᠠᠬᠤ ᠲᠦᠷᠢᠮ ᠤᠨ ᠬᠦᠷᠦᠯᠴᠡᠬᠦ ᠦᠭᠡᠢ ᠲᠠᠯ᠎ᠠ ᠶᠢ ᠨᠥᠬᠦᠪᠥᠷᠢᠯᠡᠪᠡ᠃ ᠬᠤᠶᠠᠷ ᠲᠤ᠂ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ ᠠᠷᠭ᠎ᠠ ᠶᠢ ᠥᠭᠡᠷᠡᠴᠢᠯᠡᠨ᠂ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠪᠠ ᠬᠤᠪᠢ ᠬᠥᠮᠦᠨ ᠤ ᠲᠠᠩᠰᠠᠨ ᠡᠷᠦᠬᠡ ᠶᠢᠨ ᠪᠦᠲᠦᠴᠡ ᠶᠢ ᠲᠣᠬᠢᠷᠠᠭᠤᠯᠵᠤ᠂ ᠨᠡᠮᠡᠭᠳᠡᠭᠦᠯᠦᠭᠰᠡᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠶᠢ ᠭᠤᠤᠯᠳᠠᠭᠤ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢ ᠴᠢᠩᠭᠠᠳᠬᠠᠬᠤ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠬᠠᠷᠠᠭᠠᠯᠵᠠᠯ ᠢ ᠪᠠᠲᠤᠯᠠᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠡᠷᠡᠭᠯᠡᠨ᠎ᠡ᠃ ᠬᠤᠪᠢ ᠬᠥᠮᠦᠨ ᠤ ᠳᠠᠩᠰᠠᠨ ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠬᠤᠪᠢ ᠬᠥᠮᠦᠨ ᠤ ᠳᠠᠩᠰᠠᠨ ᠡᠷᠦᠬᠡ ᠶᠢᠨ ᠭᠡᠷ ᠪᠦᠯᠢ ᠵᠣᠬᠢᠴᠠᠯᠳᠤᠨ ᠬᠡᠷᠡᠭᠯᠡᠬᠦ ᠰᠢᠨ᠎ᠡ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ᠂ ᠡᠮᠴᠢᠯᠡᠭᠡᠨ ᠤ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠬᠤ ᠶᠢ ᠠᠬᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ  ᠡᠮᠴᠢᠯᠡᠭᠡᠨ ᠤ ᠦᠢᠯᠡᠴᠢᠯᠡᠭᠡ ᠶᠢᠨ ᠳᠣᠭᠲᠠᠯᠴᠠᠭᠠᠨ ᠤ ᠪᠠᠶᠢᠭᠤᠯᠤᠯᠲᠠ ᠶᠢ ᠳᠡᠮᠵᠢᠵᠦ᠂ ᠣᠯᠠᠨ ᠲᠦᠮᠡᠨ ᠣᠶᠢᠷ᠎ᠠ ᠬᠠᠪᠢ ᠳᠤ ᠪᠠᠨ ᠡᠮᠴᠢᠯᠡᠭᠡᠨ ᠤ ᠦᠢᠯᠡᠴᠢᠯᠡᠭᠡ ᠬᠦᠷᠲᠡᠬᠦ ᠳᠤ ᠳᠥᠭᠦᠮ ᠦᠵᠡᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠳᠤ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠠᠬᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠭᠤᠷᠪᠠᠨ ᠡᠮᠴᠢᠯᠡᠭᠡ ᠬᠤᠯᠪᠤᠯᠳᠤᠨ ᠬᠥᠳᠡᠯᠦᠯᠴᠡᠬᠦ ᠶᠢ ᠠᠬᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠳᠣᠭᠲᠠᠵᠤ ᠦᠢᠯᠡᠴᠢᠯᠡᠬᠦ᠂ ᠡᠮᠨᠡᠯᠭᠡ ᠶᠢᠨ ᠬᠤᠷᠢᠶᠠᠨ ᠤ ᠵᠣᠷ ᠢ ᠭᠠᠳᠠᠨ᠎ᠠ ᠨᠠᠶᠢᠷᠠᠭᠤᠯᠬᠤ ᠵᠡᠷᠭᠡ ᠶᠢ ᠬᠠᠮᠵᠢᠯᠴᠠᠨ ᠲᠡᠭᠦᠯᠳᠡᠷᠵᠢᠭᠦᠯᠵᠦ᠂ ᠪᠠᠲᠤᠯᠠᠬᠤ ᠴᠢᠳᠠᠮᠵᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ᠃   ᠬᠤᠶᠠᠷ᠂ ︽ᠬᠡᠷᠡᠭᠵᠢᠭᠦᠯᠬᠦ ᠰᠠᠨᠠᠯ︾ ᠤᠨ ᠭᠤᠤᠯ ᠣᠨᠴᠠᠯᠢᠭ   ︵ᠨᠢᠭᠡ︶ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭᠠᠨ ᠤ ᠴᠢᠳᠠᠮᠵᠢ ᠶᠢ ᠴᠢᠩᠭᠠᠷᠠᠭᠤᠯᠤᠨ᠎ᠠ᠃ ᠨᠢᠭᠡ ᠳᠤ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠦᠪᠯᠡᠬᠦ ᠳᠦᠷᠢᠮ ᠢ ᠪᠠᠶᠢᠭᠤᠯᠤᠨ᠎ᠠ᠃ ᠡᠭᠦᠳᠡᠨ ᠡᠮᠨᠡᠯᠭᠡ ᠳᠤ ᠣᠯᠠᠨ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ ᠤ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠠᠵᠢᠯ ᠠᠴᠠ ᠪᠠᠨ ᠠᠮᠠᠷᠠᠭᠰᠠᠳ ᠲᠡᠶᠢᠰᠢ ᠵᠣᠬᠢᠰᠲᠠᠶ ᠬᠡᠯᠪᠠᠶᠢᠯᠭᠡᠨ᠎ᠡ᠃ ᠬᠤᠶᠠᠷ ᠲᠤ᠂ ᠣᠨᠴᠠᠭᠠᠢ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠭᠦᠳᠡᠨ ᠡᠮᠨᠡᠯᠭᠡ ᠳᠤ ᠥᠷᠨᠢᠭᠦᠯᠬᠦ ᠳᠤ ᠵᠣᠬᠢᠴᠠᠭᠰᠠᠨ᠂ ᠡᠮᠨᠡᠯᠭᠡ ᠳᠤ ᠰᠠᠭᠤᠭᠰᠠᠨ ᠠᠴᠠ ᠨᠠᠩ ᠬᠢᠮᠳᠠ ᠪᠥᠭᠡᠳ ᠲᠥᠬᠦᠮ ᠬᠡᠰᠡᠭ ᠪᠥᠯᠦᠭ ᠣᠨᠴᠠᠭᠠᠶ ᠡᠮᠴᠢᠯᠡᠭᠡᠨ ᠤ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ ᠤ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠤ ᠡᠮᠨᠡᠯᠭᠡ ᠳᠤ ᠰᠠᠭᠤᠬᠤ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ ᠬᠠᠮᠢᠶᠠᠷᠤᠨ᠎ᠠ᠃ ᠬᠡᠰᠡᠭ ᠪᠥᠯᠦᠭ ᠡᠮᠨᠡᠨ ᠵᠠᠰᠠᠬᠤ ᠦᠶᠡᠯᠡᠯ ᠤᠨ ᠬᠤᠭᠤᠴᠠᠭ᠎ᠠ ᠨᠢ ᠣᠷᠳᠣ᠂ ᠡᠷᠡᠭᠦᠯ ᠮᠡᠨᠳᠦ ᠳᠤ ᠬᠤᠤᠷ ᠬᠥᠨᠥᠭᠡᠯ ᠶᠡᠬᠡᠲᠡᠶ᠂ ᠵᠠᠷᠤᠳᠠᠯ ᠤᠨ ᠳᠠᠷᠤᠭᠠᠰᠤ ᠬᠦᠨᠳᠦ ᠡᠪᠡᠳᠴᠢᠨ ᠤ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ ᠤ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠭᠤᠷᠪᠠ ᠳᠤ᠂ ᠴᠡᠭ ᠳᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠪᠠᠲᠤᠯᠠᠬᠤ ᠵᠠᠮ ᠢ ᠨᠡᠪᠲᠡᠷᠡᠭᠦᠯᠦᠨ᠎ᠡ᠃ ᠳᠠᠭᠠᠳᠬᠠᠯ ᠳᠤ ᠣᠷᠣᠯᠴᠠᠭᠰᠠᠳ ᠤᠨ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠠᠳᠠᠨ᠎ᠠ ᠨᠠᠶᠢᠷᠠᠭᠤᠯᠬᠤ ᠵᠣᠷ ᠢ ᠠᠪᠴᠤ ᠴᠡᠭ ᠳᠣᠭᠲᠠᠭᠠᠭᠰᠠᠨ ᠡᠮ ᠤᠨ ᠳᠡᠯᠭᠡᠭᠦᠷ ᠲᠤ ᠳ᠋ᠦᠩᠨᠡᠨ ᠪᠤᠳᠤᠬᠤ ᠪᠠ ᠡᠮ ᠨᠠᠶᠢᠷᠠᠭᠤᠯᠬᠤ ᠶᠢ ᠳᠡᠮᠵᠢᠨ᠎ᠡ᠃ ᠬᠡᠯᠡᠯᠴᠡᠭᠡ ᠬᠢᠭᠰᠡᠨ ᠡᠮ ᠤᠨ ᠵᠦᠢᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠵᠢᠴᠢ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃   ︵ᠬᠤᠶᠠᠷ︶ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢ ᠥᠭᠡᠷᠡᠴᠢᠯᠡᠨ᠎ᠡ᠃ ᠨᠢᠭᠡ ᠳᠤ᠂ ᠪᠤᠳᠤᠵᠤ ᠣᠷᠣᠭᠤᠯᠬᠤ ᠠᠷᠭ᠎ᠠ ᠶᠢ ᠥᠭᠡᠷᠡᠴᠢᠯᠡᠨ᠎ᠡ᠃ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠬᠤᠪᠢ ᠬᠥᠮᠦᠨ ᠤ ᠳᠠᠭᠠᠳᠬᠠᠯ ᠳᠤ ᠣᠷᠣᠯᠴᠠᠵᠤ ᠰᠦᠢᠳᠭᠡᠯ ᠳᠤᠰᠢᠶᠠᠭᠰᠠᠨ ᠦᠨᠳᠦᠰᠦᠨ ᠲᠤᠭ᠎ᠠ ᠶᠢᠨ 2 % ᠢᠶᠠᠷ ᠲᠤᠰᠢᠶᠠᠭᠰᠠᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠢ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠤᠨ᠎ᠠ᠃ ᠠᠵᠢᠯ ᠠᠴᠠ ᠪᠠᠨ ᠠᠮᠠᠷᠠᠭᠰᠠᠳ ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠬᠤ ᠪᠣᠯᠭᠠᠨ ᠠᠯᠬᠤᠮ ᠠᠯᠬᠤᠮ ᠢᠶᠠᠷ ᠲᠣᠬᠢᠷᠠᠭᠤᠯᠤᠨ᠎ᠠ᠃ ᠬᠤᠶᠠᠷ ᠲᠤ᠂ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠬᠤᠪᠢ ᠬᠥᠮᠦᠨ ᠤ ᠳᠠᠩᠰᠠᠨ ᠡᠷᠦᠬᠡ ᠶᠢ ᠬᠤᠪᠢ ᠬᠥᠮᠦᠨ ᠬᠡᠷᠡᠭᠯᠡᠵᠦ ᠪᠠᠶᠢᠭᠰᠠᠨ ᠠᠴᠠ ᠬᠤᠯᠪᠣᠰᠤ᠂ ᠡᠴᠢᠭᠡ ᠡᠬᠡ᠂ ᠦᠷ᠎ᠡ ᠬᠡᠦᠬᠡᠳ ᠬᠡᠷᠡᠭᠯᠡᠵᠦ ᠪᠣᠯᠬᠤ ᠪᠣᠯᠭᠠᠨ ᠥᠷᠭᠡᠳᠬᠡᠪᠡ᠃ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠴᠡᠭ ᠳᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠵᠠᠷᠤᠳᠠᠯ ᠳᠤ ᠬᠡᠷᠡᠭᠯᠡᠵᠦ ᠪᠣᠯᠤᠨ᠎ᠠ᠂ ᠪᠠᠰᠠ ᠬᠤᠯᠪᠤᠰᠤ᠂ ᠡᠴᠢᠭᠡ ᠡᠬᠡ᠂ ᠦᠷ᠎ᠡ ᠬᠡᠦᠬᠡᠳ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠵᠡᠷᠭᠡ ᠬᠤᠪᠢ ᠬᠥᠮᠦᠨ ᠤ ᠲᠤᠰᠢᠶᠠᠬᠤ ᠵᠠᠷᠤᠳᠠᠯ ᠳᠤ ᠬᠡᠷᠡᠭᠯᠡᠵᠦ ᠪᠣᠯᠤᠨ᠎ᠠ᠃ ᠭᠤᠷᠪᠠ ᠳᠤ᠂ ᠬᠤᠪᠢ ᠬᠥᠮᠦᠨ ᠤ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠪᠣᠯ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠬᠤᠪᠢ ᠬᠥᠮᠦᠨ ᠤ ᠲᠠᠩᠰᠠᠨ ᠡᠷᠦᠬᠡ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ᠂ ᠪᠡᠶ᠎ᠡ ᠶᠢᠨ ᠲᠠᠮᠢᠷ ᠪᠡᠶ᠎ᠡ ᠪᠣᠯᠪᠠᠰᠤᠷᠠᠭᠤᠯᠤᠯᠲᠠ ᠪᠤᠶᠤ ᠪᠡᠶ᠎ᠡ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ ᠵᠡᠷᠭᠡ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠪᠠᠭᠲᠠᠬᠤ ᠥᠬᠡᠶ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ᠃   ︵ᠭᠤᠷᠪᠠ︶ ᠬᠠᠷᠢᠯᠴᠠᠨ ᠳᠤᠰᠠᠯᠠᠬᠤ ᠪᠠᠲᠤᠯᠠᠭᠠᠨ ᠤ ᠲᠣᠭᠲᠠᠴᠠ ᠶᠢ ᠬᠠᠮᠵᠢᠯᠴᠠᠨ ᠠᠬᠢᠭᠤᠯᠤᠨ᠎ᠠ᠃ ᠨᠢᠭᠡ ᠳᠤ᠂ ᠡᠭᠦᠳᠡᠨ ᠡᠮᠨᠡᠯᠭᠡ ᠶᠢᠨ ᠪᠠᠲᠤᠯᠠᠭ᠎ᠠ ᠯᠤᠭ᠎ᠠ ᠬᠠᠷᠢᠯᠴᠠᠨ ᠵᠣᠬᠢᠴᠠᠭᠰᠠᠨ ᠰᠦᠢᠳᠬᠡᠯ ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠥᠬᠦᠴᠡᠯ ᠳᠤ ᠨᠡᠶᠢᠴᠡᠭᠰᠡᠨ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠶᠢ ᠰᠦᠪᠡᠭᠴᠢᠯᠡᠨ᠎ᠡ᠃ ᠬᠤᠶᠠᠷ ᠲᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃ ᠡᠮᠴᠢᠯᠡᠭᠡᠨ ᠤ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦ ᠶᠢ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠡᠭᠦᠳᠡᠨ ᠡᠮᠨᠡᠯᠭᠡ ᠶᠢᠨ ᠪᠠᠲᠤᠯᠠᠭ᠎ᠠ ᠬᠠᠮᠢᠶᠠᠷᠤᠯᠲᠠ ᠦᠢᠯᠡᠴᠢᠯᠡᠭᠡᠨ ᠤ ᠠᠷᠭ᠎ᠠ ᠳᠤ ᠰᠢᠨ᠎ᠡ ᠶᠢ ᠡᠭᠦᠳᠴᠦ᠂ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠣᠨᠣᠰᠢᠯᠠᠨ ᠡᠮᠨᠡᠬᠦ ᠦᠢᠯᠡᠴᠢᠯᠡᠭᠡᠨ ᠤ ᠬᠠᠩᠭᠠᠯᠭ᠎ᠠ ᠶᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠡᠭᠦᠳᠡᠨ ᠡᠮᠨᠡᠯᠭᠡ ᠶᠢᠨ ᠵᠠᠷᠤᠳᠠᠯ ᠤᠨ ᠤᠨᠳᠤᠤ ᠭᠠᠵᠠᠷ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠠᠬᠢᠭᠤᠯᠤᠨ᠎ᠠ᠃   ᠳᠠᠷᠠᠭ᠎ᠠ ᠠᠯᠬᠤᠮ ᠳᠤ᠂ ᠪᠢᠳᠡ ᠰᠠᠯᠠᠭ᠎ᠠ ᠮᠥᠴᠢᠷ ᠤᠨ ᠬᠢᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠡᠯ᠎ᠡ ᠭᠠᠵᠠᠷ ᠤᠨ ᠬᠢᠨᠠᠯᠲᠠ ᠵᠢᠯᠣᠭᠤᠳᠣᠯᠭ᠎ᠠ ᠶᠢ ᠴᠢᠩᠭᠠᠳᠬᠠᠵᠤ᠂ 2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ 2023 ᠣᠨ ᠤ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠤᠨ ᠬᠢᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃   ᠣᠯᠠᠨ ᠳᠤ ᠪᠠᠶᠠᠷᠯᠠᠯ᠎ᠠ︕     ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠠᠬᠤ ᠪᠠᠲᠤᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ    ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭᠠᠨ ᠤ ᠲᠦᠷᠢᠮ ᠢ ᠪᠣᠳᠠᠲᠠᠶ ᠶᠠᠭᠠᠬᠢᠵᠤ ᠳᠣᠭᠲᠠᠭᠠᠭᠰᠠᠨ ᠪᠣᠶ︖ ᠳᠠᠭᠠᠳᠬᠠᠯ ᠳᠤ ᠣᠷᠣᠯᠴᠠᠭᠰᠠᠳ‌ᠡᠭᠦᠳᠡᠨ ᠡᠮᠨᠡᠯᠭᠡ ᠳᠤ ᠡᠪᠡᠳᠴᠢᠨ ᠦᠵᠡᠭᠦᠯᠦᠭᠰᠡᠨ ᠤ ᠳᠠᠷᠠᠭ᠎ᠠ ᠶᠠᠮᠠᠷ ᠡᠮᠴᠢᠯᠡᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠵᠦ ᠪᠣᠯᠬᠤ ᠪᠣᠶ︖   ᠼᠠᠢ ᠾᠥᠩ ᠢᠦᠶ ᠄ ᠡᠨᠡ ᠤᠳᠠᠭᠠᠨ ᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠪᠠᠲᠤᠯᠠᠭᠠᠨ ᠤ ᠥᠭᠡᠷᠡᠴᠢᠯᠡᠯᠲᠡ ᠪᠣᠯ ᠭᠤᠤᠯᠳᠠᠭᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠤᠤᠯ ᠤᠨ ᠬᠤᠪᠢ ᠬᠥᠮᠦᠨ ᠤ ᠬᠤᠷᠠᠮᠳᠤᠭᠤᠯᠬᠤ ᠮᠠᠶ᠋ᠢᠭ ᠪᠠᠶᠢᠭᠰᠠᠨ ᠠᠴᠠ ᠬᠠᠷᠢᠯᠴᠠᠨ ᠬᠠᠪᠰᠤᠷᠴᠤ ᠬᠠᠷᠢᠯᠴᠠᠨ ᠳᠤᠰᠠᠯᠠᠬᠤ ᠮᠠᠶ᠋ᠢᠭ ᠪᠣᠯᠭᠠᠬᠤ ᠶᠢ ᠠᠬᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠪᠠᠲᠤᠯᠠᠭᠠᠨ ᠤ ᠴᠢᠳᠠᠮᠵᠢ ᠶᠢ ᠴᠢᠩᠭᠠᠷᠠᠭᠤᠯᠵᠤ᠂ ᠣᠯᠠᠨ ᠲᠦᠮᠡᠨ ᠤ ᠡᠭᠦᠳᠡᠨ ᠡᠮᠨᠡᠯᠭᠡ ᠶᠢᠨ ᠡᠮᠴᠢᠯᠡᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠠᠪᠤᠳᠠᠯ ᠪᠣᠯᠤᠨ᠎ᠠ᠂ ᠡᠨᠡ ᠪᠣᠯ ᠨᠢᠭᠡ ᠵᠦᠢᠯ ᠤᠨ ᠲᠦᠷᠢᠮ ᠤᠨ ᠴᠢᠨᠠᠷᠲᠠᠶ ᠥᠭᠡᠷᠡᠴᠢᠯᠡᠯᠲᠡ᠂ ᠠᠯᠤᠰ ᠬᠡᠲᠦ ᠶᠢᠨ ᠲᠦᠷᠢᠮ ᠤᠨ ᠬᠥᠭᠵᠢᠯᠲᠡ ᠳᠤ ᠬᠤᠯᠪᠣᠭᠳᠠᠬᠤ ᠶᠤᠮ᠃ ᠣᠳᠣᠬᠠᠨ ᠳᠤ᠂ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ᠂ ᠵᠢᠭᠠᠬᠠᠨ ᠦᠯᠡᠳᠡᠪᠦᠷᠢ ᠲᠠᠢ ᠪᠠᠶᠢᠯᠭᠠᠬᠤ︾ ᠵᠠᠷᠴᠢᠮ ᠶᠣᠰᠣᠭᠠᠷ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠪᠠᠯᠠ ᠮᠥᠩᠭᠦ ᠴᠤᠭᠯᠠᠭᠤᠯᠬᠤ ᠪᠠ ᠬᠠᠷᠠᠭᠠᠯᠵᠠᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠢ ᠬᠥᠮᠦᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ ᠬᠠᠷᠢᠴᠠᠯ ᠶᠣᠰᠣᠭᠠᠷ ᠬᠠᠮᠲᠤ ᠪᠠᠷ ᠲᠤᠰᠢᠶᠠᠨ᠎ᠠ᠂ ᠬᠡᠷᠪᠡ ᠥᠭᠡᠷᠡᠴᠢᠯᠡᠯᠲᠡ ᠨᠢ ᠬᠥᠮᠦᠨ ᠬᠡᠷᠡᠭᠯᠡᠬᠦ ᠨᠢᠭᠡᠴᠢ ᠪᠠ ᠬᠤᠪᠢ ᠬᠥᠮᠦᠨ ᠤ ᠵᠠᠷᠤᠳᠠᠯ ᠲᠤᠰᠢᠶᠠᠬᠤ ᠬᠠᠷᠢᠴᠠᠯ ᠢ ᠨᠡᠮᠡᠭᠳᠡᠭᠦᠯᠪᠡᠯ ᠬᠥᠮᠦᠨ ᠬᠡᠷᠡᠭᠯᠡᠬᠦ ᠨᠢᠭᠡᠴᠢ ᠪᠠ ᠬᠤᠪᠢ ᠬᠥᠮᠦᠨ ᠤ ᠳᠠᠷᠤᠭᠠᠰᠤ ᠶᠢ ᠬᠦᠨᠳᠦᠷᠡᠭᠦᠯᠬᠦ ᠪᠣᠯᠤᠨ᠎ᠠ᠃ ᠡᠨᠡ ᠤᠳᠠᠭᠠᠨ ᠤ ᠥᠭᠡᠷᠡᠴᠢᠯᠡᠯᠲᠡ ᠳᠤ ᠰᠦᠢᠳᠭᠡᠯ ᠲᠤᠰᠢᠶᠠᠬᠤ ᠶᠢ ᠰᠢᠨ᠎ᠡ ᠪᠠᠷ ᠨᠡᠮᠡᠭᠳᠡᠭᠦᠯᠬᠦ ᠥᠬᠡᠶ᠂ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠪᠠ ᠬᠤᠪᠢ ᠬᠥᠮᠦᠨ ᠤ ᠲᠠᠩᠰᠠᠨ ᠡᠷᠦᠬᠡ ᠶᠢᠨ ᠪᠦᠲᠦᠴᠡ ᠶᠢ ᠲᠣᠬᠢᠷᠠᠭᠤᠯᠬᠤ ᠪᠠᠷ ᠳᠠᠮᠵᠢᠭᠤᠯᠤᠨ᠂ ᠣᠲᠣ ᠶᠢᠨ ᠪᠠᠶᠢᠭ᠎ᠠ ᠨᠥᠬᠦᠴᠡᠯ ᠳᠤᠤᠷ᠎ᠠ ᠲᠦᠷᠢᠮ ᠢ ᠬᠤᠪᠢᠷᠠᠭᠤᠯᠤᠨ᠂ ᠡᠭᠦᠳᠡᠨ ᠡᠮᠨᠡᠯᠭᠡ ᠶᠢᠨ ᠵᠠᠷᠤᠳᠠᠯ ᠤᠨ ᠪᠠᠲᠤᠯᠠᠭ᠎ᠠ ᠶᠢᠨ ᠲᠦᠷᠢᠮ ᠤᠨ ᠳᠤᠲᠠᠭᠤᠳᠠᠯ ᠢ ᠨᠥᠬᠦᠪᠥᠷᠢᠯᠡᠨ᠎ᠡ᠃  ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠪᠣᠯ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠳ ᠪᠠᠶᠢᠵᠤ᠂ ᠲᠣᠭᠠᠴᠠᠭ᠎ᠠ ᠬᠢᠬᠦ ᠬᠡᠪᠴᠢᠶ᠎ᠡ ᠨᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ ᠦᠢᠯᠡᠴᠢᠯᠡᠭᠡ ᠶᠢᠨ ᠲᠥᠰᠦᠯ ᠪᠣᠯᠤᠨ᠎ᠠ᠃ ᠠᠵᠢᠯ ᠠᠴᠠ ᠪᠠᠨ ᠠᠮᠠᠷᠠᠭᠰᠠᠳ ᠤᠨ ᠰᠠᠭᠤᠷᠢ ᠴᠢᠨᠠᠷᠲᠠᠶ ᠡᠪᠡᠳᠴᠢᠨ ᠡᠮᠭᠡᠭ ᠣᠯᠠᠨ᠂ ᠡᠪᠡᠳᠴᠢᠨ ᠦᠵᠡᠭᠦᠯᠬᠦ ᠳᠠᠪᠲᠠᠮᠵᠢ ᠥᠨᠳᠥᠷ ᠪᠠᠶᠢᠬᠤ ᠣᠨᠴᠠᠯᠢᠭ ᠲᠤ ᠴᠢᠭᠯᠡᠭᠦᠯᠦᠨ᠂ ᠲᠠᠩᠰᠠ ᠴᠠᠶᠢᠷᠠᠭᠤᠯᠬᠤ ᠲᠥᠷᠥ ᠶᠢᠨ ᠪᠣᠳᠣᠯᠭ᠎ᠠ ᠶᠢ ᠠᠵᠢᠯ ᠠᠴᠠ ᠪᠠᠨ ᠠᠮᠠᠷᠠᠭᠰᠠᠳ ᠲᠡᠶᠢᠰᠢ ᠵᠣᠬᠢᠰᠲᠠᠶ ᠬᠡᠯᠪᠠᠶᠢᠯᠭᠡᠵᠦ᠂ ᠡᠭᠦᠨ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠴᠢᠯᠡᠭᠡᠨ ᠤ ᠵᠠᠷᠤᠳᠠᠯ ᠤᠨ ᠵᠢᠯ ᠤᠨ ᠡᠬᠢᠯᠡᠵᠦ ᠥᠭᠬᠦ ᠪᠠᠷᠢᠮᠵᠢᠶ᠎ᠠ ᠶᠢ 1000 ᠲᠥᠭᠦᠷᠢᠭ ᠠᠴᠠ ᠳᠤᠤᠷ᠎ᠠ ᠪᠠᠶᠢᠯᠭᠠᠬᠤ ᠥᠬᠡᠶ᠂ ᠵᠢᠯ ᠤᠨ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠶᠢ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠳᠤ 4000 ᠲᠥᠭᠦᠷᠢᠭ ᠠᠴᠠ ᠳᠤᠤᠷ᠎ᠠ ᠪᠠᠶᠢᠯᠭᠠᠬᠤ ᠥᠬᠡᠶ᠂ ᠠᠵᠢᠯ ᠠᠴᠠ ᠪᠠᠨ ᠠᠮᠠᠷᠠᠭᠰᠠᠳ ᠲᠤ 5000 ᠲᠥᠭᠦᠷᠢᠭ ᠠᠴᠠ ᠳᠤᠤᠷ᠎ᠠ ᠪᠠᠶᠢᠯᠭᠠᠬᠤ ᠥᠬᠡᠶ᠃ ᠠᠳᠠᠯᠢ ᠪᠤᠰᠤ ᠲᠠᠰ ᠤᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠠᠴᠠᠭ᠎ᠠ ᠬᠢᠬᠦ ᠬᠠᠷᠢᠴᠠᠯ ᠤᠨ ᠵᠥᠷᠢᠶ᠎ᠡ ᠶᠢ ᠶᠡᠬᠡᠰᠬᠡᠵᠦ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢ 50 % ᠠᠴᠠ ᠳᠤᠤᠷ᠎ᠠ ᠪᠠᠶᠢᠯᠭᠠᠵᠤ ᠪᠣᠯᠬᠤ ᠥᠬᠡᠶ᠂ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ᠂ ᠠᠵᠢᠯ ᠠᠴᠠ ᠪᠠᠨ ᠠᠮᠠᠷᠠᠭᠰᠠᠳ ᠢ 5 ᠵᠠᠭᠤᠨ ᠤ ᠬᠤᠪᠢ ᠨᠡᠮᠡᠭᠳᠡᠭᠦᠯᠦᠨ᠎ᠡ᠃   ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ︽ᠬᠡᠷᠡᠭᠵᠢᠭᠦᠯᠬᠦ ᠰᠠᠨᠠᠯ︾ ᠳᠤ ᠬᠤᠪᠢ ᠬᠥᠮᠦᠨ ᠤ ᠲᠠᠩᠰᠠᠨ ᠡᠷᠦᠬᠡ ᠶᠢᠨ ᠥᠭᠡᠷᠡᠴᠢᠯᠡᠯᠲᠡ ᠶᠢᠨ ᠲᠤᠬᠠᠶ ᠶᠠᠷᠢᠪᠠ᠃ ᠲᠡᠭᠡᠪᠡᠯ᠂ ᠬᠤᠪᠢ ᠬᠥᠮᠦᠨ ᠤ ᠲᠠᠩᠰᠠᠨ ᠡᠷᠦᠬᠡ ᠳᠤ ᠶᠠᠮᠠᠷ ᠲᠣᠬᠢᠷᠠᠭᠤᠯᠤᠯᠲᠠ ᠬᠢᠭᠰᠡᠨ ᠪᠣᠶ︖ ᠭᠡᠷ ᠪᠦᠯᠢ ᠶᠢᠨ ᠬᠠᠷᠢᠯᠴᠠᠨ ᠳᠤᠰᠠᠯᠠᠬᠤ ᠶᠢ ᠶᠠᠭᠠᠬᠢᠵᠤ ᠪᠡᠶᠡᠯᠡᠭᠦᠯᠬᠦ ᠪᠤᠢ︖   ᠪᠦᠦ ᠴᠦᠨ ᠿᠥᠩ ᠄ ᠬᠤᠪᠢ ᠬᠥᠮᠦᠨ ᠤ ᠲᠠᠩᠰᠠᠨ ᠡᠷᠦᠬᠡ ᠶᠢᠨ ᠥᠭᠡᠷᠡᠴᠢᠯᠡᠯᠲᠡ ᠳᠤ ᠭᠤᠤᠯᠳᠠᠭᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ ᠪᠦᠲᠦᠴᠡ ᠶᠢ ᠲᠣᠬᠢᠷᠠᠭᠤᠯᠵᠤ᠂ ᠬᠤᠪᠢ ᠬᠥᠮᠦᠨ ᠤ ᠲᠠᠩᠰᠠᠨ ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ 2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠪᠠᠶᠢᠭᠤᠯᠭ᠎ᠠ ᠶᠢᠨ ᠳᠤᠰᠢᠶᠠᠬᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠢ ᠪᠦᠬᠦᠨ ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠳᠤ ᠪᠤᠳᠤᠵᠤ ᠣᠷᠣᠭᠤᠯᠤᠨ᠎ᠠ᠃ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ ᠡᠷᠦᠬᠡ ᠳᠤ᠂ ᠬᠤᠪᠢ ᠬᠥᠮᠦᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠦᠨᠳᠦᠰᠦᠨ ᠲᠤᠭ᠎ᠠ ᠶᠢᠨ 2 % ᠢᠶᠠᠷ ᠲᠤᠰᠢᠶᠠᠭᠰᠠᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠢ ᠪᠤᠳᠤᠵᠤ ᠣᠷᠣᠭᠤᠯᠤᠨ᠎ᠠ᠃ ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ  ᠳᠤ᠂ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠵᠤ᠂ 2021 ᠣᠨ ᠤ ᠪᠥᠬᠦ ᠣᠷᠣᠨ ᠤ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ 3 % ᠶᠢᠨ ᠬᠠᠷᠢᠴᠠᠯ ᠤᠨ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠵᠤ᠂ 2023 ᠣᠨ ᠠᠴᠠ ᠡᠬᠢᠯᠡᠨ 2 % ᠤᠨ ᠬᠠᠷᠢᠴᠠᠯ ᠤᠨ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠤᠨ᠎ᠠ᠃   ᠬᠤᠪᠢ ᠬᠥᠮᠦᠨ ᠤ ᠳᠠᠩᠰᠠᠨ ᠡᠷᠦᠬᠡ ᠶᠢᠨ ᠲᠣᠭᠠᠴᠠᠭ᠎ᠠ ᠬᠢᠬᠦ ᠬᠡᠪᠴᠢᠶ᠎ᠡ ᠶᠢ ᠤᠤᠯ ᠤᠨ ᠬᠤᠪᠢ ᠬᠥᠮᠦᠨ ᠯᠡ ᠬᠡᠷᠡᠭᠯᠡᠬᠦ ᠠᠴᠠ ᠭᠡᠷ ᠪᠦᠯᠢ ᠶᠢᠨ ᠬᠠᠷᠢᠯᠴᠠᠨ ᠳᠤᠰᠠᠯᠠᠵᠤ ᠬᠡᠷᠡᠭᠯᠡᠬᠦ ᠪᠣᠯᠭᠠᠨ ᠥᠷᠭᠡᠳᠬᠡᠨ᠎ᠡ᠃ ᠬᠤᠪᠢ ᠬᠥᠮᠦᠨ ᠤ ᠲᠠᠩᠰᠠᠨ ᠡᠷᠦᠬᠡ ᠶᠢ ᠳᠠᠭᠠᠳᠬᠠᠯ ᠳᠤ ᠣᠷᠣᠯᠴᠠᠭᠰᠠᠨ ᠲᠣᠰ ᠬᠥᠮᠦᠨ ᠵᠢᠴᠢ ᠲᠡᠭᠦᠨ ᠤ ᠬᠤᠯᠪᠣᠰᠤ᠂ ᠡᠴᠢᠭᠡ ᠡᠬᠡ᠂ ᠦᠷ᠎ᠡ ᠬᠡᠦᠬᠡᠳ ᠤᠨ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠦᠭᠰᠡᠨ ᠠᠴᠠ ᠪᠣᠯᠤᠭᠰᠠᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠴᠡᠭ ᠳᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠤᠭᠰᠠᠨ ᠠᠴᠠ ᠪᠣᠯᠤᠭᠰᠠᠨ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠳᠥᠯᠥᠬᠦ ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ ᠤ ᠳᠠᠩᠰᠠᠨ ᠡᠷᠦᠬᠡ ᠶᠢ ᠪᠠᠰᠠ ᠬᠤᠯᠪᠣᠰᠤ᠂ ᠡᠴᠢᠭᠡ ᠡᠬᠡ᠂ ᠦᠷ᠎ᠡ ᠬᠡᠦᠬᠡᠳ ᠤᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ᠂ ᠠᠵᠢᠯᠲᠠᠨ ᠠᠵᠢᠯᠴᠢᠨ ᠤ ᠦᠨᠡᠲᠡᠢ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠬᠤᠪᠢ ᠬᠥᠮᠦᠨ ᠤ ᠲᠤᠰᠢᠶᠠᠬᠤ ᠵᠠᠷᠤᠳᠠᠯ ᠳᠤ ᠬᠡᠷᠡᠭᠯᠡᠵᠦ ᠪᠣᠯᠤᠨ᠎ᠠ᠃   ᠳᠠᠭᠠᠳᠬᠠᠯ ᠳᠤ ᠣᠷᠣᠯᠴᠠᠭᠰᠠᠳ ᠤᠯᠤᠰ ᠤᠨ ᠡᠮᠴᠢᠯᠡᠭᠡ ᠶᠢᠨ ᠳᠠᠭᠠᠳᠬᠠᠯ ᠤᠨ APP ᠪᠤᠶᠤ ︽ᠥᠪᠥᠷ ᠮᠣᠩᠭᠤᠯ ᠤᠨ ᠡᠮᠴᠢᠯᠡᠭᠡ ᠶᠢᠨ ᠳᠠᠭᠠᠳᠬᠠᠯ︾ ᠤᠨ APP ᠳᠡᠭᠡᠷ᠎ᠡ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠬᠤ ᠲᠤᠬᠠᠶᠢᠯᠠᠭᠰᠠᠨ ᠠᠵᠢᠯ ᠢ ᠭᠤᠶᠤᠴᠢᠯᠠᠨ ᠭᠦᠢᠴᠡᠳᠭᠡᠵᠦ ᠪᠣᠯᠤᠨ᠎ᠠ᠃ ᠡᠮᠴᠢᠯᠡᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠᠷ ᠳᠠᠮᠵᠢᠭᠤᠯᠤᠨ ᠬᠡᠷ ᠪᠦᠯᠢ ᠶᠢᠨ ᠬᠠᠷᠢᠯᠴᠠᠨ ᠲᠤᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠤ ᠳᠠᠷᠠᠭ᠎ᠠ᠂ ᠣᠷᠣᠨ ᠤ ᠳᠣᠲᠣᠷᠠᠬᠢ ᠡᠯ᠎ᠡ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠤ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠠᠷᠢᠯᠴᠠᠨ ᠲᠤᠰᠠᠯᠠᠬᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷᠡᠭᠯᠡᠵᠦ᠂ ᠬᠤᠪᠢ ᠬᠥᠮᠦᠨ ᠤ ᠲᠠᠩᠰᠠᠨ ᠡᠷᠦᠬᠡ ᠶᠢᠨ ︽ᠬᠡᠷ ᠪᠦᠯᠢ ᠶᠢᠨ ᠪᠢᠴᠢᠯ ᠬᠠᠷᠢᠯᠴᠠᠨ ᠲᠤᠰᠠᠯᠠᠬᠤ︾ ᠶᠢ ᠪᠡᠶᠡᠯᠡᠭᠦᠯᠦᠨ᠎ᠡ᠃ ᠣᠳᠣ ᠪᠣᠯᠲᠠᠯ᠎ᠠ᠂ ᠪᠥᠬᠦ ᠣᠷᠣᠨ ᠳᠤ ᠨᠢᠭᠡᠨᠲᠡ 843 . 42 ᠲᠦᠮᠡᠨ ᠬᠥᠮᠦᠨ ᠤ ᠡᠮᠴᠢᠯᠡᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠵᠤ᠂ 29120 ᠡᠷᠦᠬᠡ ᠲᠥᠷᠥᠯ ᠰᠠᠳᠤᠨ ᠤ ᠲᠠᠩᠰᠠᠨ ᠡᠷᠦᠬᠡ ︵ᠬᠡᠷ ᠪᠦᠯᠢ ᠶᠢᠨ ᠬᠠᠷᠢᠯᠴᠠᠨ ᠳᠤᠰᠠᠯᠠᠬᠤ ᠲᠠᠩᠰᠠᠨ ᠡᠷᠦᠬᠡ︶ ᠶᠢ ᠭᠤᠶᠤᠴᠢᠯᠠᠪᠠ᠃   ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠡᠮᠦᠨ᠎ᠡ ᠮᠠᠨ ᠤ ᠣᠷᠣᠨ ᠤ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭᠠᠨ ᠤ ᠥᠭᠡᠷᠡᠴᠢᠯᠡᠯᠲᠡ ᠶᠢᠨ ᠠᠵᠢᠯ ᠢ ᠲᠠᠨᠢᠯᠴᠠᠭᠤᠯᠵᠤ᠂ ᠡᠮᠴᠢᠯᠡᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠪᠠ ᠦᠷᠭᠦᠯᠵᠢᠯᠡᠬᠦ ᠴᠢᠨᠠᠷ ᠢ ᠮᠠᠰᠢ ᠴᠢᠬᠤᠯᠠᠴᠢᠯᠠᠵᠤ᠂ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠤᠨ ᠬᠡᠷᠡᠭᠵᠢᠭᠦᠯᠵᠦ ᠪᠠᠶᠢᠨ᠎ᠠ ᠭᠡᠵᠦ ᠲᠠᠨᠢᠯᠴᠠᠭᠤᠯᠪᠠ᠃ ᠪᠣᠳᠠᠲᠠᠶ ᠪᠠᠷ ᠶᠠᠷᠢᠵᠤ ᠥᠭᠭᠦᠨ᠎ᠡ ᠦᠦ︖   ᠼᠠᠢ ᠾᠥᠩ ᠢᠦᠶ᠄ ᠭᠤᠤᠯᠳᠠᠭᠤ ᠳᠤᠤᠷᠠᠬᠢ ᠭᠤᠷᠪᠠᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠪᠠᠶᠢᠨ᠎ᠠ᠄ ᠨᠢᠭᠡ ᠳᠤ᠂ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠯᠤᠭ᠎ᠠ ᠵᠣᠬᠢᠴᠠᠭᠰᠠᠨ ᠰᠦᠢᠳᠭᠡᠯ ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠯᠤᠭ᠎ᠠ ᠬᠠᠷᠢᠯᠴᠠᠨ ᠵᠣᠬᠢᠴᠠᠭᠰᠠᠨ ᠨᠡᠶᠢᠯᠡᠮᠡᠯ ᠮᠠᠶ᠋ᠢᠭ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠡᠮᠴᠢᠯᠡᠭᠡ ᠶᠢᠨ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠵᠤ᠂ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠲᠡᠨ ᠢ ᠬᠥᠲᠥᠯᠥᠨ ᠵᠢᠯᠣᠭᠤᠳᠴᠤ ᠡᠮᠴᠢᠯᠡᠭᠡᠨ ᠳᠤ ᠲᠤᠰᠠ ᠪᠣᠯᠬᠤ ᠨᠢ ᠣᠨᠣᠴᠠᠲᠠᠢ᠂ ᠦᠨ᠎ᠡ ᠬᠠᠩᠰᠢ ᠨᠢ ᠵᠣᠬᠢᠰᠲᠠᠶ ᠡᠮ ᠤᠨ ᠵᠦᠢᠯ ᠢ ᠰᠠᠨᠠᠭᠠᠴᠢᠯᠠᠭ᠎ᠠ ᠠᠴᠠ ᠪᠠᠨ ᠬᠡᠷᠡᠭᠯᠡᠭᠦᠯᠦᠨ᠎ᠡ᠃ ᠬᠤᠶᠠᠷ ᠲᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠪᠤᠳᠤᠬᠤ ᠲᠦᠷᠢᠮ ᠪᠠ ᠳᠣᠲᠣᠭᠠᠳᠤ ᠡᠵᠡᠮᠳᠡᠯ ᠤᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠭᠦᠳᠡᠨ ᠡᠮᠨᠡᠯᠭᠡ ᠶᠢᠨ ᠵᠠᠷᠤᠳᠠᠯ ᠢ ᠣᠶᠤᠨᠴᠢ ᠪᠠᠷ ᠬᠢᠨᠠᠨ ᠡᠵᠡᠮᠳᠡᠬᠦ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠡᠭᠦᠳᠡᠨ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠬᠦᠷᠲᠡᠯ᠎ᠡ ᠤᠷᠲᠤᠳᠬᠠᠨ᠎ᠠ᠃ ᠬᠤᠪᠢ ᠬᠥᠮᠦᠨ ᠤ ᠳᠠᠩᠰᠠᠨ ᠡᠷᠦᠬᠡ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠪᠥᠷᠢᠨ ᠭᠦᠢᠴᠡᠳ ᠲᠡᠭᠦᠯᠳᠡᠷᠵᠢᠭᠦᠯᠵᠦ᠂ ᠬᠤᠪᠢ ᠬᠥᠮᠦᠨ ᠤ ᠳᠠᠩᠰᠠᠨ ᠡᠷᠦᠬᠡ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠳᠣᠭᠲᠠᠯᠴᠠᠭᠠᠨ ᠤ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠵᠣᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠱᠠᠲᠤᠨ ᠳᠤ ᠡᠪᠡᠳᠴᠢᠨ ᠡᠮᠨᠡᠭᠦᠯᠬᠦ᠂ ᠠᠩᠬ᠎ᠠ ᠡᠮᠨᠡᠭᠦᠯᠬᠦ ᠶᠢ ᠬᠥᠲᠥᠯᠥᠨ ᠵᠢᠯᠣᠭᠤᠳᠤᠨ᠎ᠠ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠵᠢᠴᠢ ᠰᠢᠯᠵᠢᠭᠦᠯᠦᠨ ᠡᠮᠨᠡᠬᠦ ᠵᠡᠷᠭᠡ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠭᠤᠷᠪᠠ ᠳᠤ᠂ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠤᠯᠤᠰ ᠤᠨ ᠡᠮᠴᠢᠯᠡᠭᠡ ᠶᠢᠨ ᠳᠠᠭᠠᠳᠬᠠᠯ ᠤᠨ APP ᠠᠴᠠ ᠭᠠᠳᠠᠨ᠎ᠠ᠂ ᠪᠢᠳᠡ ᠪᠠᠰᠠ ︽ᠥᠪᠥᠷ ᠮᠣᠩᠭᠤᠯ ᠤᠨ ᠡᠮᠴᠢᠯᠡᠭᠡ ᠶᠢᠨ ᠳᠠᠭᠠᠳᠬᠠᠯ︾ ᠤᠨ APP ᠶᠢ ᠭᠠᠷᠭᠠᠵᠤ᠂ ᠡᠮᠴᠢᠯᠡᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠷᠭ᠎ᠠ ᠵᠠᠮ ᠢ ᠨᠡᠪᠲᠡᠷᠡᠭᠦᠯᠵᠦ᠂ ︽ᠲᠥᠷᠥᠯ ᠰᠠᠳᠤᠨ ᠤ ᠬᠠᠶᠢᠷ᠎ᠠ ᠰᠡᠳᠬᠢᠯᠭᠡ ᠲᠠᠩᠰᠠᠨ ᠡᠷᠦᠬᠡ︾ ᠶᠢᠨ ᠴᠢᠳᠠᠮᠵᠢ ᠶᠢᠨ ᠬᠡᠰᠡᠭ ᠢ ᠬᠠᠩᠭᠠᠵᠤ᠂ ᠳ᠋ᠤᠭᠠᠷᠯᠠᠬᠤ᠂ ᠲᠣᠭᠠᠴᠠᠭ᠎ᠠ ᠬᠢᠬᠦ᠂ ᠪᠠᠶᠢᠴᠠᠭᠠᠨ ᠯᠠᠪᠯᠠᠬᠤ᠂ ᠪᠦᠷᠢᠳᠬᠡᠨ ᠳᠠᠩᠰᠠᠯᠠᠬᠤ ᠵᠡᠷᠭᠡ ᠨᠡᠯᠢᠶᠡᠳ ᠪᠦᠷᠢᠨ ᠲᠡᠭᠦᠯᠳᠡᠷ ᠪᠥᠬᠦ ᠶᠠᠪᠤᠴᠠ ᠶᠢᠨ ᠴᠢᠳᠠᠮᠵᠢ ᠶᠢ ᠪᠦᠷᠢᠯᠳᠦᠭᠦᠯᠪᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠡᠮᠨᠡᠯᠭᠡ ᠳᠤ ᠰᠠᠭᠤᠬᠤ ᠵᠠᠷᠤᠳᠠᠯ ᠪᠣᠯᠤᠨ ᠡᠩ ᠤᠨ ᠡᠭᠦᠳᠡᠨ ᠡᠮᠨᠡᠯᠭᠡ ᠶᠢᠨ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠤᠷᠲᠤ ᠬᠠᠪᠤᠳᠠᠷ ᠤᠨ ᠡᠭᠦᠳᠡᠨ ᠡᠮᠨᠡᠯᠭᠡ ᠶᠢᠨ ᠡᠮᠴᠢᠯᠡᠭᠡ᠂ ᠰᠢᠭᠡᠰᠦᠨ ᠬᠤᠤᠷᠳᠠᠯ ᠤᠨ ᠡᠪᠡᠳᠴᠢᠨ ᠢ ᠨᠡᠪᠴᠢᠭᠦᠯᠦᠨ ᠢᠯᠭᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠤᠨᠳᠤᠤᠰᠢᠯ ᠢ ᠡᠰᠡᠷᠭᠦᠴᠡᠬᠦ ᠡᠮᠴᠢᠯᠡᠭᠡ ᠵᠡᠷᠭᠡ 5 ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠲᠥᠷᠥᠯ ᠤᠨ ᠵᠠᠷᠤᠳᠠᠯ ᠪᠣᠯᠤᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠦᠪᠯᠡᠭᠰᠡᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠥᠳᠲᠡᠷ ᠲᠦᠷᠭᠡᠨ ᠠᠬᠢᠭᠤᠯᠤᠨ᠎ᠠ᠃ ᠤᠨᠳᠤᠤ ᠭᠠᠵᠠᠷ ᠲᠤ ᠡᠮᠨᠡᠭᠦᠯᠦᠭᠰᠡᠨ ᠢ ᠳᠠᠩᠰᠠᠯᠠᠬᠤ ᠶᠠᠪᠤᠴᠠ ᠶᠢ ᠦᠷᠭᠦᠯᠵᠢᠯᠡᠨ ᠳᠥᠭᠦᠮᠴᠢᠯᠡᠵᠦ ᠰᠢᠯᠢᠳᠡᠭᠵᠢᠭᠦᠯᠦᠨ᠂ ᠡᠪᠡᠳᠴᠢᠨ ᠤ ᠲᠠᠩᠰᠠ ᠶᠢᠨ ᠣᠨᠣᠰᠢᠯᠠᠯᠲᠠ᠂ ᠣᠷᠣᠰᠢᠨ ᠰᠠᠭᠤᠭᠰᠠᠨ ᠭᠡᠷᠡᠴᠢ ᠵᠡᠷᠭᠡ ᠳᠠᠩᠰᠠᠯᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠵᠥᠪᠬᠡᠨ ᠪᠡᠶ᠎ᠡ ᠶᠢᠨ ᠭᠡᠷᠡᠴᠢ ᠪᠠᠨ ᠠᠪᠴᠤ ᠰᠦᠯᠵᠢᠶᠡᠨ ᠳᠡᠭᠡᠷ᠎ᠡ ᠥᠪᠡᠰᠦᠪᠡᠨ ᠳᠠᠩᠰᠠᠯᠠᠬᠤ ᠶᠢ ᠪᠡᠶᠡᠯᠡᠭᠦᠯᠵᠦ᠂ ᠳᠠᠷᠤᠶ ᠳᠤ ᠨᠢ ᠭᠤᠶᠤᠴᠢᠯᠠᠵᠤ᠂ ᠳᠠᠷᠤᠶ ᠳᠤ ᠨᠢ ᠬᠦᠴᠦᠨ ᠲᠠᠢ ᠪᠣᠯᠤᠨ᠎ᠠ᠃ ᠡᠨᠡ ᠵᠢᠯ ᠠᠴᠠ ᠨᠠᠭᠠᠰᠢ᠂ ᠪᠥᠬᠦ ᠣᠷᠣᠨ ᠳᠤ ᠠᠦ᠋ᠲ᠋ᠣ᠋ ᠪᠠᠷ 87507 ᠬᠥᠮᠦᠨ ᠤᠳᠠᠭ᠎ᠠ ᠳᠠᠩᠰᠠᠯᠠᠭᠤᠯᠵᠤ᠂ ᠮᠤᠵᠢ ᠠᠯᠤᠰᠯᠠᠨ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠭᠰᠠᠨ ᠨᠢ 391222 ᠬᠥᠮᠦᠨ ᠤᠳᠠᠭ᠎ᠠ ᠳᠤ ᠬᠦᠷᠴᠡᠶ᠃ ᠪᠠᠶᠠᠷᠯᠠᠯ᠎ᠠ︕  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号