2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2022/8/8
      ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2022﹈ 21 ᠳ᠋ᠦ᠋ᠭᠡᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠡᠯ᠎ᠡ ᠠᠶᠢᠮᠠᠭ ᠬᠤᠲᠠ᠂ ᠲᠤᠰᠠᠭᠠᠷ ᠲᠥᠯᠥᠪᠯᠡᠭᠡᠲᠦ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ᠄    ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾᠂ ︽2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠡᠳᠦᠭᠡ ᠮᠠᠨ ᠤ ᠣᠷᠣᠨ ᠤ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠥᠬᠦᠶ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠳᠤᠤᠷᠠᠬᠢ ᠮᠡᠲᠦ ᠮᠡᠳᠡᠭᠳᠡᠪᠡ᠄    ᠨᠢᠭᠡ᠂ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠦᠨ᠎ᠡ    ᠠᠵᠤ ᠠᠬᠤᠶ ᠨᠡᠶᠢᠭᠡᠮ ᠤᠨ ᠬᠥᠭᠵᠢᠯᠲᠡ ᠪᠠ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠳᠡᠭᠡᠭᠰᠢᠯᠡᠭᠦᠯᠬᠦ ᠱᠠᠭᠠᠷᠳᠠᠯᠭ᠎ᠠ ᠳᠤ ᠵᠣᠬᠢᠴᠠᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠦᠭᠡ᠂ 2022 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ︵ᠳᠣᠷᠣᠭᠰᠢ ︽ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ︾ ᠭᠡᠵᠦ ᠲᠣᠪᠴᠢᠯᠠᠨ᠎ᠠ︶ ᠤᠨ ᠪᠠᠯᠠ ᠮᠥᠩᠭᠦ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠨᠢ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠳ ᠤᠨ ᠵᠠᠷᠤᠳᠠᠯ ᠲᠤᠰᠢᠶᠠᠬᠤ ᠶᠢ ᠳᠤᠰᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠳ᠋ ᠤᠨ ᠵᠠᠰᠠᠭ ᠤᠨ ᠬᠥᠮᠦᠨ ᠳᠤᠮᠳᠠᠴᠢ ᠳᠤᠰᠠᠯᠠᠮᠵᠢ ᠶᠢᠨ ᠪᠠᠷᠢᠮᠵᠢᠶ᠎ᠠ ᠶᠢ ᠳᠠᠬᠢᠨ 30 ᠲᠥᠭᠦᠷᠢᠭ ᠨᠡᠮᠡᠭᠳᠡᠭᠦᠯᠵᠦ᠂ ᠬᠥᠮᠦᠨ ᠪᠦᠷᠢ ᠶᠢᠨ ᠲᠤᠰᠠᠯᠠᠮᠵᠢ ᠶᠢ ᠵᠢᠯ ᠤᠨ 610 ᠲᠥᠭᠦᠷᠢᠭ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ 2018 ᠣᠨ ᠤ ︽ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠪᠠ ︽ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠬᠠᠮᠲᠤ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠯ᠎ᠡ ᠱᠠᠲᠤᠨ ᠤ ᠡᠳ᠋ ᠤᠨ ᠵᠠᠰᠠᠭ ᠤᠨ ᠳᠤᠰᠠᠯᠠᠮᠵᠢ ᠶᠢᠨ ᠪᠡᠯᠡ ᠮᠥᠩᠭᠦ ᠶᠢᠨ ᠳᠣᠲᠣᠷ᠎ᠠ 80 % ᠶᠢ ᠲᠥᠪ ᠤᠨ ᠡᠳ᠋ ᠤᠨ ᠵᠠᠰᠠᠭ ᠠᠴᠠ ᠳᠤᠰᠠᠯᠠᠵᠤ᠂ ᠪᠤᠰᠤᠳ 20 % ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠢᠭᠡᠳᠦᠭᠡᠷ ᠲᠥᠷᠥᠯ ᠤᠨ ᠭᠠᠵᠠᠷ ᠣᠷᠣᠨ ᠳᠤ 30 % ᠂ ᠬᠤᠶᠠᠳᠤᠭᠠᠷ ᠲᠥᠷᠥᠯ ᠤᠨ ᠭᠠᠵᠠᠷ ᠣᠷᠣᠨ ᠳᠤ 50 % ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ 70 %  ᠪᠠᠷ ᠲᠥᠷᠥᠯ ᠬᠤᠪᠢᠶᠠᠵᠤ ᠲᠠᠰ ᠬᠤᠪᠢᠶᠠᠨ ᠳᠤᠰᠠᠯᠠᠨ᠎ᠠ᠂ ᠦᠯᠡᠳᠡᠭᠰᠡᠨ ᠬᠡᠰᠡᠭ ᠢ ᠠᠶᠢᠮᠠᠭ ᠬᠤᠲᠠ ᠪᠣᠯᠤᠨ ᠬᠤᠰᠢᠭᠤ ᠰᠢᠶᠠᠨ ᠤ ᠡᠳ᠋ ᠤᠨ ᠵᠠᠰᠠᠭ ᠠᠴᠠ ᠬᠤᠪᠢᠳᠠᠨ ᠡᠭᠦᠷᠭᠡᠯᠡᠨ᠎ᠡ᠃ ᠡᠯ᠎ᠡ ᠱᠠᠲᠤᠨ ᠤ ᠡᠳ᠋ ᠤᠨ ᠵᠠᠰᠠᠭ ᠨᠢ ᠱᠠᠭᠠᠷᠳᠠᠯᠭ᠎ᠠ ᠶᠣᠰᠣᠭᠠᠷ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢ ᠭᠦᠢᠴᠡᠳ ᠲᠤᠭ᠎ᠠ ᠪᠠᠷ ᠲᠣᠬᠢᠷᠠᠭᠤᠯᠵᠤ᠂ ᠴᠠᠭ ᠲᠤᠬᠠᠶ ᠳᠤ ᠨᠢ ᠰᠠᠯᠭᠠᠨ ᠥᠭᠴᠦ ᠪᠣᠳᠠᠲᠠᠶᠢᠵᠢᠭᠤᠯᠤᠨ᠎ᠠ᠃     2022 ᠣᠨ ᠳᠤ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢ ᠬᠥᠮᠦᠨ ᠪᠦᠷᠢ ᠵᠢᠯ ᠤᠨ 360 ᠲᠥᠭᠦᠷᠢᠭ ᠠᠴᠠ ᠳᠤᠤᠷ᠎ᠠ ᠪᠠᠶᠢᠯᠭᠠᠬᠤ ᠦᠭᠡᠢ ᠶᠢ ᠪᠠᠶᠡᠯᠡᠭᠦᠯᠪᠡ᠃ 2022 ᠣᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠢ ᠨᠢᠭᠡᠨᠲᠡ ᠬᠤᠷᠢᠶᠠᠵᠤ᠂ ᠬᠥᠮᠦᠨ ᠳᠤᠮᠳᠠᠴᠢ ᠶᠢᠨ ᠲᠤᠰᠢᠶᠠᠬᠤ ᠰᠦᠢᠳᠭᠡᠯ ᠨᠢ 360 ᠲᠥᠭᠦᠷᠢᠭ ᠲᠤ ᠭᠦᠷᠦᠭᠰᠡᠨ ᠥᠬᠡᠶ ᠪᠣᠯ ᠨᠥᠬᠦᠵᠦ ᠲᠤᠰᠢᠶᠠᠬᠤ ᠪᠠᠷᠢᠮᠵᠢᠶ᠎ᠠ ᠶᠢ ᠲᠥᠰᠦᠭᠡᠯᠡᠨ ᠪᠤᠳᠤᠵᠤ ᠳᠣᠭᠲᠠᠭᠠᠭᠠᠳ᠂ 2023 ᠣᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠢ ᠬᠤᠷᠢᠶᠠᠬᠤ ᠦᠶ᠎ᠡ ᠳᠤ ᠨᠥᠬᠦᠵᠦ ᠲᠤᠰᠢᠶᠠᠬᠤ ᠠᠵᠢᠯ ᠢ ᠬᠠᠮᠲᠤ ᠳᠤ ᠨᠢ ᠰᠠᠶᠢᠲᠤᠷ ᠬᠢᠨ᠎ᠡ᠃ 2023 ᠣᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠲᠤᠰᠢᠶᠠᠬᠤ ᠰᠦᠢᠳᠭᠡᠯ ᠤᠨ ᠪᠠᠷᠢᠮᠵᠢᠶ᠎ᠠ ᠶᠢ ᠤᠷᠢᠳᠴᠢᠯᠠᠨ ᠲᠥᠰᠦᠭᠡᠯᠡᠨ ᠪᠤᠳᠤᠵᠤ᠂ ᠵᠠᠷᠴᠢᠮ ᠳᠡᠭᠡᠷ᠎ᠡ ᠪᠠᠨ ᠬᠥᠮᠦᠨ ᠪᠦᠷᠢ ᠵᠢᠯ ᠤᠨ 380 ᠲᠥᠭᠦᠷᠢᠭ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ ᠤᠯᠤᠰ ᠤᠨ ᠱᠠᠭᠠᠷᠳᠠᠯᠭ᠎ᠠ ᠶᠣᠰᠣᠭᠠᠷ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠪᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠲᠠᠢ ᠬᠤᠯᠪᠣᠭᠳᠠᠭᠤᠯᠤᠭᠰᠠᠨ ᠬᠥᠳᠡᠯᠦᠩᠭᠦᠶ ᠪᠠᠯᠠ ᠴᠤᠭᠯᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠠᠯᠠ ᠴᠤᠭᠯᠠᠭᠤᠯᠬᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃     ᠡᠯ᠎ᠡ ᠭᠠᠵᠠᠷ ᠤᠨ ᠬᠢᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠲᠡᠩᠴᠡᠭᠦᠷᠢ᠂ ᠬᠠᠷᠠᠭᠠᠯᠵᠠᠯ ᠤᠨ ᠪᠠᠲᠤᠯᠠᠭ᠎ᠠ ᠶᠢᠨ ᠬᠡᠷᠡᠭᠴᠡᠭᠡ ᠪᠣᠯᠤᠨ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ ᠪᠣᠯᠤᠨ ᠲᠦᠷᠦᠭᠦᠦ ᠭᠤᠷᠪᠠᠨ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠣᠳᠣ ᠶᠢᠨ ᠪᠠᠶᠢᠭ᠎ᠠ ᠪᠡᠯᠡ ᠮᠥᠩᠭᠦ ᠴᠤᠭᠯᠠᠭᠤᠯᠬᠤ ᠬᠢᠷᠢ ᠲᠦᠪᠰᠢᠨ ᠢ ᠪᠠᠭᠤᠷᠠᠭᠤᠯᠬᠤ ᠦᠭᠡᠶ ᠪᠠᠶᠢᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠣᠳᠠᠲᠠᠶ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠶ ᠳᠣᠭᠲᠠᠭᠠᠨ᠎ᠠ᠃ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠷ ᠠᠵᠢᠯᠯᠠᠭᠰᠠᠳ ᠵᠡᠷᠭᠡ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠠᠷᠢᠶᠠᠯᠠᠯ ᠤᠨ ᠬᠢᠵᠠᠭᠠᠷᠯᠠᠯ ᠢ ᠴᠢᠯᠥᠭᠡᠲᠡᠶ ᠪᠣᠯᠭᠠᠨ᠎ᠠ᠃ ︽ᠰᠠᠭᠤᠬᠤ ᠦᠨᠡᠮᠯᠡᠯ ᠤᠨ ᠲᠦᠷ ᠬᠡᠷᠡᠭᠵᠢᠭᠦᠯᠬᠦ ᠲᠦᠷᠢᠮ︾ ᠢᠶᠠᠷ ᠰᠠᠭᠤᠬᠤ ᠦᠨᠡᠮᠯᠡᠯ ᠠᠪᠴᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠡᠨ ᠬᠦ ᠨᠠᠶᠢᠳᠠᠪᠤᠷᠢᠵᠢᠭᠤᠯᠵᠤ᠂ ᠰᠠᠭᠤᠬᠤ ᠦᠨᠡᠮᠯᠡᠯ ᠢᠶᠠᠷ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠪᠣᠯ ᠡᠯ᠎ᠡ ᠱᠠᠲᠤᠨ ᠤ ᠡᠳ᠋ ᠤᠨ ᠵᠠᠰᠠᠭ ᠠᠴᠠ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠠᠢ ᠠᠳᠠᠯᠢ ᠪᠠᠷᠢᠮᠵᠢᠶ᠎ᠠ ᠪᠠᠷ ᠳᠤᠰᠠᠯᠠᠮᠵᠢ ᠣᠯᠭᠤᠨ᠎ᠠ᠃     ᠬᠤᠶᠠᠷ᠂ ᠬᠠᠷᠠᠭᠠᠯᠵᠠᠯ ᠤᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ    ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ᠂ ᠵᠢᠭᠠᠬᠠᠨ ᠦᠯᠡᠳᠡᠪᠦᠷᠢ ᠲᠠᠢ ᠪᠠᠶᠢᠯᠭᠠᠬᠤ︾ ᠵᠠᠷᠴᠢᠮ ᠢ ᠪᠠᠷᠢᠮᠲᠠᠯᠠᠵᠤ᠂ ᠴᠢᠳᠠᠯ ᠤᠨ ᠬᠢᠷᠢ ᠪᠠᠷ ᠴᠢᠷᠮᠠᠶᠢᠵᠤ᠂ ᠴᠢᠳᠠᠯ ᠤᠨ ᠬᠢᠷᠢ ᠪᠠᠷ ᠬᠢᠵᠦ᠂ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠮᠵᠢ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭᠠᠨ ᠤ ᠬᠦᠴᠦᠨ ᠴᠢᠳᠠᠯ ᠢ ᠨᠢᠭᠡᠳᠦᠯᠲᠡᠶ ᠲᠥᠯᠥᠪᠯᠡᠨ ᠪᠠᠳᠠᠷᠠᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠠᠲᠤᠯᠠᠭᠠᠨ ᠤ ᠬᠢᠷᠢ ᠲᠦᠪᠰᠢᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠨ᠎ᠠ᠃ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠪᠠᠲᠤᠯᠠᠭᠠᠨ ᠤ ᠬᠢᠷᠢ ᠲᠦᠪᠰᠢᠨ ᠢ ᠲᠣᠭᠲᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠰᠠᠭᠤᠷᠢ ᠮᠥᠩᠭᠦᠨ ᠤ ᠲᠣᠭᠠᠴᠠᠭ᠎ᠠ ᠬᠢᠬᠦ ᠬᠠᠷᠢᠴᠠᠯ ᠢ 70 % ᠣᠷᠴᠢᠮ ᠳᠤ ᠲᠣᠭᠲᠠᠪᠤᠷᠢᠵᠢᠭᠤᠯᠵᠤ᠂ ᠡᠭᠦᠳᠡᠨ ᠡᠮᠨᠡᠯᠭᠡ ᠶᠢᠨ ᠪᠠᠲᠤᠯᠠᠭᠠᠨ ᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠤᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ᠂ ᠣᠨᠴᠠᠭᠠᠢ ᠡᠪᠡᠳᠴᠢᠨ ︵ᠳᠣᠷᠣᠭᠰᠢ ︽ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ︾ ᠭᠡᠵᠦ ᠲᠣᠪᠴᠢᠯᠠᠨ᠎ᠠ︶ ᠤ ᠪᠠᠲᠤᠯᠠᠭ᠎ᠠ ᠶᠢ ᠲᠡᠭᠦᠯᠳᠡᠷᠵᠢᠭᠦᠯᠵᠦ᠂ ᠱᠠᠭᠠᠷᠳᠠᠯᠭ᠎ᠠ ᠳᠤ ᠨᠡᠶᠢᠴᠡᠬᠦ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠠᠬᠢ ︽ᠬᠤᠶᠠᠷ ᠡᠪᠡᠳᠴᠢᠨ︾ ᠳᠤ ᠬᠡᠷᠡᠭᠯᠡᠬᠦ ᠡᠮ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠤᠨ ᠪᠠᠲᠤᠯᠠᠭᠠᠨ ᠤ ᠬᠡᠪᠴᠢᠶᠡᠨ ᠳᠤ ᠣᠷᠣᠭᠤᠯᠤᠨ᠎ᠠ᠃ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡ ᠪᠠᠷ ᠠᠪᠤᠷᠠᠨ ᠲᠤᠰᠠᠯᠠᠬᠤ ᠡᠭᠦᠳᠡᠨ ᠡᠮᠨᠡᠯᠭᠡ ᠶᠢᠨ ᠪᠠᠲᠤᠯᠠᠭᠠᠨ ᠤ ᠴᠢᠳᠠᠮᠵᠢ ᠶᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠭᠦᠳᠡᠨ ᠡᠮᠨᠡᠯᠭᠡ ᠶᠢᠨ ᠥᠨᠳᠦᠷ ᠦᠨᠡᠲᠡᠢ ᠡᠮᠴᠢᠯᠡᠭᠡᠨ ᠤ ᠵᠠᠷᠤᠳᠠᠯ ᠢ ᠬᠦᠨᠳᠦ ᠡᠪᠡᠳᠴᠢᠨ ᠤ ᠳᠠᠭᠠᠳᠬᠠᠯ ᠤᠨ ᠲᠣᠭᠲᠠᠭᠠᠯ ᠳᠤ ᠨᠡᠶᠢᠴᠡᠭᠰᠡᠨ ᠡᠮᠴᠢᠯᠡᠭᠡᠨ ᠤ ᠵᠠᠷᠤᠳᠠᠯ ᠳᠤ ᠣᠷᠣᠭᠤᠯᠤᠨ ᠪᠤᠳᠤᠬᠤ ᠠᠷᠭ᠎ᠠ ᠵᠠᠮ ᠢ ᠰᠦᠪᠡᠭᠴᠢᠯᠡᠵᠦ᠂ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ ᠪᠠᠯᠠ ᠮᠥᠩᠭᠦ ᠶᠢᠨ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ᠂ ᠵᠢᠯ ᠤᠨ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢ ᠬᠠᠮᠲᠤ ᠪᠠᠷ ᠬᠡᠷᠡᠭᠯᠡᠨ᠎ᠡ᠃ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠪᠠᠲᠤᠯᠠᠭᠠᠨ ᠤ ᠬᠢᠷᠢ ᠲᠦᠪᠰᠢᠨ ᠢ ᠵᠦᠢ ᠵᠣᠬᠢᠰᠲᠠᠢ ᠳᠡᠭᠡᠭᠰᠢᠯᠡᠭᠦᠯᠵᠦ᠂ ᠭᠤᠷᠪᠠᠨ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠦᠨᠡᠨ ᠬᠦ ᠲᠡᠮᠵᠢᠵᠦ᠂ ᠭᠤᠷᠪᠠᠨ ᠬᠡᠦᠬᠡᠳ ᠠᠪᠬᠤ ᠵᠠᠷᠤᠳᠠᠯ ᠢ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠲᠦᠯᠦᠬᠦ ᠬᠡᠪᠴᠢᠶᠡᠨ ᠳᠤ ᠣᠷᠣᠭᠤᠯᠵᠤ᠂ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠵᠦ᠂ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠢ ᠬᠥᠭᠵᠢᠬᠦ ᠶᠢ ᠠᠬᠢᠭᠤᠯᠤᠨ᠎ᠠ᠃     ᠭᠤᠷᠪᠠ᠂ ᠠᠷᠠᠳ ᠤᠨ ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠬᠤ ᠶᠢ ᠦᠨᠡᠨ ᠬᠦ ᠪᠠᠲᠤᠯᠠᠨ᠎ᠠ     ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠡᠮᠴᠢᠯᠡᠭᠡ ᠪᠠᠷ ᠠᠪᠤᠷᠠᠨ ᠳᠤᠰᠠᠯᠠᠬᠤ ᠦᠨᠳᠦᠰᠦᠨ ᠵᠦᠢᠯ ᠢ ᠪᠠᠲᠤᠯᠠᠬᠤ ᠴᠢᠳᠠᠮᠵᠢ ᠶᠢ ᠪᠠᠬᠢᠵᠢᠭᠦᠯᠵᠦ᠂ ᠡᠪᠡᠳᠴᠢᠨ ᠠᠴᠠ ᠪᠣᠯᠵᠣ ᠬᠡᠪᠴᠢᠶ᠎ᠡ ᠲᠠᠢ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠮᠴᠢᠯᠡᠭᠡ ᠪᠠᠷ ᠠᠪᠤᠷᠠᠨ ᠲᠤᠰᠠᠯᠠᠬᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠰᠦᠢᠳᠭᠡᠯ ᠲᠤᠰᠢᠶᠠᠬᠤ ᠳᠤ ᠲᠥᠷᠥᠯ ᠬᠤᠪᠢᠶᠠᠨ ᠲᠤᠰᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠨᠴᠠ ᠬᠦᠴᠢᠷᠳᠡᠯᠲᠡᠶ ᠬᠥᠮᠦᠰ ᠢ ᠪᠥᠬᠦ ᠲᠤᠭ᠎ᠠ ᠪᠠᠷ ᠲᠤᠰᠠᠯᠠᠵᠤ᠂ 2022 ᠣᠨ ᠤ ᠳᠣᠣᠷ᠎ᠠ ᠪᠠᠲᠤᠯᠠᠭᠠᠲᠤ ᠡᠲᠡᠭᠡᠳ᠂ ᠳᠠᠬᠢᠨ ᠶᠠᠳᠠᠭᠤᠷᠠᠭᠰᠠᠨ ᠪᠤᠶᠤ ᠶᠠᠳᠠᠭᠤᠷᠠᠭᠰᠠᠨ ᠬᠥᠮᠦᠨ ᠠᠮᠠ ᠶᠢ ᠨᠣᠷᠮ᠎ᠠ ᠲᠣᠭᠲᠠᠭᠠᠨ ᠳᠡᠳᠬᠦᠨ ᠲᠤᠰᠠᠯᠠᠵᠤ᠂ ᠨᠣᠷᠮ᠎ᠠ ᠲᠣᠭᠲᠠᠭᠠᠨ ᠳᠡᠳᠬᠦᠨ ᠲᠤᠰᠠᠯᠠᠬᠤ ᠪᠠᠷᠢᠮᠵᠢᠶ᠎ᠠ ᠶᠢ ᠡᠯ᠎ᠡ ᠭᠠᠵᠠᠷ ᠣᠷᠣᠨ ᠤ ᠲᠤᠬᠠᠶ ᠶᠢᠨ ᠭᠠᠵᠠᠷ ᠤᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠣᠨᠴᠠ ᠬᠦᠨᠳᠦ ᠶᠡᠭᠡ ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ 2023 ᠣᠨ ᠤ ᠡᠯ᠎ᠡ ᠭᠠᠵᠠᠷ ᠤᠨ ᠳᠣᠣᠷ᠎ᠠ ᠪᠠᠲᠤᠯᠠᠭᠠᠲᠤ ᠡᠲᠡᠭᠡᠳ᠂ ᠳᠠᠬᠢᠨ ᠶᠠᠳᠠᠭᠤᠷᠠᠭᠰᠠᠨ ᠪᠤᠶᠤ ᠶᠠᠳᠠᠭᠤᠷᠠᠭᠰᠠᠨ ᠬᠥᠮᠦᠨ ᠠᠮᠠ ᠶᠢ ᠨᠣᠷᠮ᠎ᠠ ᠲᠣᠭᠲᠠᠭᠠᠨ ᠳᠡᠳᠬᠦᠨ ᠲᠤᠰᠠᠯᠠᠬᠤ ᠪᠠᠷᠢᠮᠵᠢᠶ᠎ᠠ ᠶᠢ ᠬᠡᠰᠡᠭ ᠬᠤᠭᠤᠴᠠᠭᠠᠨ ᠤ ᠰᠠᠭᠤᠭᠠᠯᠢ ᠠᠷᠠᠳ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢᠨ 45 % ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠬᠤ ᠬᠥᠳᠡᠯᠦᠩᠭᠦᠶ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠥᠨᠳᠦᠷ ᠦᠨᠡᠲᠡᠢ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠪᠠ ᠬᠢᠨᠠᠨ ᠰᠢᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠨ ᠡᠳ᠋ᠯᠡᠨ᠎ᠡ᠃ ᠭᠤᠶᠤᠴᠢᠯᠠᠯ ᠢᠶᠠᠷ ᠠᠪᠤᠷᠠᠨ ᠲᠤᠰᠠᠯᠠᠬᠤ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠬᠦᠴᠢᠷᠳᠡᠯᠲᠡᠶ ᠣᠯᠠᠨ ᠲᠦᠮᠡᠨ ᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠠᠪᠤᠷᠠᠨ ᠲᠤᠰᠠᠯᠠᠵᠤ᠂ ᠡᠮᠴᠢᠯᠡᠭᠡ ᠪᠠᠷ ᠠᠪᠤᠷᠠᠨ ᠲᠤᠰᠠᠯᠠᠬᠤ ᠶᠢᠨ ᠴᠠᠭ ᠬᠤᠭᠤᠴᠠᠭᠠᠲᠤ ᠴᠢᠨᠠᠷ ᠢ ᠴᠢᠩᠭᠠᠷᠠᠭᠤᠯᠤᠨ᠎ᠠ᠃ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠲᠦᠷ ᠴᠠᠭ ᠠᠪᠤᠷᠠᠨ ᠲᠤᠰᠠᠯᠠᠬᠤ᠂ ᠪᠤᠶᠠᠨ ᠦᠢᠯᠡᠳᠴᠦ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠤᠨ᠂ ᠪᠦᠲᠦᠮᠵᠢᠲᠡᠶ ᠵᠣᠯᠭᠠᠭᠤᠯᠵᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠶᠢ ᠬᠦᠴᠦ ᠪᠠᠨ ᠬᠠᠮᠲᠤᠳᠬᠠᠨ ᠰᠡᠷᠭᠡᠶᠢᠯᠡᠨ᠎ᠡ᠃     ᠳᠥᠷᠪᠡ᠂ ᠳᠦᠷᠢᠮ ᠲᠣᠭᠲᠠᠭᠠᠯ ᠢ ᠵᠢᠷᠤᠮᠵᠢᠭᠤᠯᠵᠤ ᠨᠢᠭᠡᠳᠭᠡᠬᠦ ᠶᠢ ᠠᠬᠢᠭᠤᠯᠤᠨ᠎ᠠ     ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠳᠦᠷᠢᠮ ᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠮᠡᠳᠡᠯ ᠢ ᠵᠢᠷᠤᠮᠵᠢᠭᠤᠯᠤᠨ᠂ ᠳᠦᠷᠢᠮ ᠲᠣᠭᠲᠠᠭᠠᠯ ᠢ ᠵᠢᠷᠤᠮᠵᠢᠭᠤᠯᠵᠤ ᠨᠢᠭᠡᠳᠭᠡᠬᠦ ᠶᠢ ᠠᠬᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠳᠦᠷᠢᠮ ᠤᠨ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠯᠲᠤ ᠴᠢᠨᠠᠷ ᠢ ᠴᠢᠩᠭᠠᠳᠬᠠᠨ᠎ᠠ᠃ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021—2023 ᠣᠨ ︶ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ 2022 ᠣᠨ ᠤ ᠵᠢᠯ ᠤᠨ ᠡᠴᠦᠰ ᠠᠴᠠ ᠡᠮᠦᠨ᠎ᠡ ᠡᠯ᠎ᠡ ᠵᠦᠢᠯ ᠤᠨ ᠡᠮᠴᠢᠯᠡᠭᠡ ᠶᠢᠨ ᠳᠠᠭᠠᠳᠬᠠᠯ ᠤᠨ ᠲᠦᠷᠢᠮ ᠤᠨ ᠨᠡᠷᠡᠶᠢᠳᠦᠯ᠂ ᠲᠦᠷᠢᠮ ᠤᠨ ᠪᠠᠶᠢᠷᠢᠯᠠᠭᠤᠯᠤᠯᠲᠠ ᠶᠢ ᠨᠠᠷᠢᠨ ᠬᠠᠭᠤᠳᠠᠰᠤ ᠲᠠᠢ ᠨᠢᠭᠡᠳᠬᠡᠬᠦ ᠱᠠᠭᠠᠷᠳᠠᠯᠭ᠎ᠠ ᠪᠠᠷ ᠪᠦᠬᠦ ᠲᠠᠯ᠎ᠠ ᠪᠠᠷ ᠨᠥᠬᠦᠪᠦᠷᠢᠯᠡᠵᠦ᠂ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠤᠨ ᠲᠣᠬᠢᠷᠠᠭᠤᠯᠤᠯᠲᠠ ᠶᠢ ᠨᠢᠭᠡᠳᠬᠡᠵᠦ᠂ ᠪᠥᠬᠦ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠤ ᠲᠦᠷᠢᠮ ᠤᠨ ᠪᠣᠷᠣ ᠲᠥᠰᠥᠪ ᠢ ᠨᠢᠭᠡᠳᠬᠡᠬᠦ ᠶᠢ ᠪᠡᠶᠡᠯᠡᠭᠦᠯᠦᠨ᠎ᠡ᠃ ︽ᠬᠡᠨ ᠨᠡᠶᠢᠲᠡᠯᠡᠭᠰᠡᠨ ᠪᠣᠯ ᠬᠡᠨ ᠬᠠᠷᠢᠭᠤᠴᠠᠨ ᠰᠢᠢᠳᠪᠦᠷᠢᠯᠡᠬᠦ︾ ᠵᠠᠷᠴᠢᠮ ᠶᠣᠰᠣᠭᠠᠷ ᠡᠯ᠎ᠡ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠨᠠᠷᠢᠨ ᠬᠠᠭᠤᠳᠠᠰᠤ ᠠᠴᠠ ᠭᠠᠳᠠᠨᠠᠬᠢ ᠲᠥᠷᠥ ᠶᠢᠨ ᠪᠣᠳᠣᠯᠭ᠎ᠠ ᠶᠢ ᠰᠢᠢᠳᠪᠦᠷᠢᠯᠡᠨ ᠵᠢᠷᠤᠮᠵᠢᠭᠤᠯᠬᠤ ᠶᠢ ᠦᠷᠭᠦᠯᠵᠢᠯᠡᠨ ᠪᠡᠶᠡᠯᠡᠭᠦᠯᠦᠨ᠎ᠡ᠃ ᠯᠠᠪᠳᠠᠭᠤᠨ ᠪᠠᠲᠤᠲᠠᠢ ᠬᠢᠵᠦ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠠᠷᠢᠯᠭᠠᠬᠤ ᠶᠢ ᠪᠠᠷᠢᠮᠲᠠᠯᠠᠵᠤ᠂ ᠡᠮᠴᠢᠯᠡᠭᠡ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠪᠡᠯᠡ ᠮᠥᠩᠭᠦ ᠶᠢ ᠨᠡᠶᠢᠯᠡᠭᠦᠯᠦᠨ ᠰᠢᠯᠵᠢᠭᠦᠯᠬᠦ ᠪᠠ ᠬᠠᠷᠠᠭᠠᠯᠵᠠᠯ ᠢ ᠵᠣᠯᠭᠠᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠣᠷᠣᠨ ᠨᠤᠲᠤᠭ ᠤᠨ ᠣᠳᠣ ᠶᠢᠨ ᠪᠠᠶᠢᠭ᠎ᠠ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠵᠤᠷᠰᠢᠯ ᠠᠴᠠ ᠬᠡᠲᠦᠷᠡᠭᠰᠡᠨ ᠳᠦᠷᠢᠮ ᠤᠨ ᠲᠣᠬᠢᠷᠠᠭᠤᠯᠤᠯᠲᠠ ᠶᠢ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠳᠤ ᠨᠡᠶᠢᠯᠡᠭᠦᠯᠦᠨ ᠣᠷᠣᠭᠤᠯᠵᠤ᠂ ᠴᠢᠳᠠᠮᠵᠢ ᠶᠢᠨ ᠠᠭᠤᠰᠤᠯᠴᠠᠭ᠎ᠠ ᠶᠢ ᠠᠬᠢᠭᠤᠯᠤᠨ᠎ᠠ᠃ ᠤᠯᠤᠰ ᠤᠨ ᠡᠮ ᠤᠨ ᠵᠦᠢᠯ ᠤᠨ ᠭᠠᠷᠴᠠᠭ ᠢ ᠴᠢᠩᠭ᠎ᠠ ᠬᠡᠷᠡᠭᠵᠢᠭᠦᠯᠵᠦ᠂ ᠪᠥᠬᠦ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠬᠡᠷᠡᠭᠯᠡᠬᠦ ᠡᠮ ᠤᠨ ᠬᠡᠪᠴᠢᠶ᠎ᠡ ᠶᠢ ᠦᠨᠳᠦᠰᠦᠨ ᠳᠤ ᠪᠠᠨ ᠨᠢᠭᠡᠳᠦᠯᠲᠡᠶ ᠪᠣᠯᠭᠠᠬᠤ ᠶᠢ ᠠᠬᠢᠭᠤᠯᠤᠨ᠎ᠠ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠵᠢᠷᠤᠮᠵᠢᠭᠤᠯᠬᠤ᠂ ᠰᠠᠭᠤᠷᠢ ᠮᠥᠩᠭᠦ ᠶᠢ ᠲᠣᠬᠢᠷᠠᠭᠤᠯᠬᠤ ᠪᠠ ᠲᠡᠩᠴᠡᠭᠦᠷᠢᠰᠢᠭᠦᠯᠬᠦ᠂ ᠱᠠᠲᠤ ᠬᠤᠪᠢᠶᠠᠨ ᠬᠠᠮᠢᠶᠠᠷᠬᠤ ᠶᠢ ᠲᠡᠭᠦᠯᠳᠡᠷᠵᠢᠭᠦᠯᠬᠦ᠂ ᠲᠥᠰᠦᠪ ᠢ ᠰᠢᠯᠭᠠᠨ ᠬᠢᠨᠠᠬᠤ ᠶᠢ ᠴᠢᠩᠭᠠᠷᠠᠭᠤᠯᠬᠤ᠂ ᠬᠠᠮᠢᠶᠠᠷᠤᠯᠲᠠ ᠪᠠ ᠦᠢᠯᠡᠴᠢᠯᠡᠭᠡ ᠶᠢ ᠳᠡᠭᠡᠭᠰᠢᠯᠡᠭᠦᠯᠬᠦ ᠴᠢᠭᠯᠡᠯ ᠶᠣᠰᠣᠭᠠᠷ ᠦᠨᠳᠦᠰᠦᠨ ᠡᠮᠴᠢᠯᠡᠭᠡ ᠶᠢᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠢ ᠲᠥᠷᠥᠯ ᠬᠤᠪᠢᠶᠠᠨ ᠲᠤᠭᠤᠰᠢᠯᠠᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠵᠢᠭᠠᠪᠤᠷᠢ ᠠᠪᠤᠭᠰᠠᠨ ᠤ ᠲᠠᠷᠠᠭ᠎ᠠ ᠬᠡᠷᠡᠭᠵᠢᠭᠦᠯᠦᠨ᠎ᠡ᠃ ᠡᠯ᠎ᠡ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠮᠢᠶ᠎ᠠ ᠪᠥᠬᠦᠶ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠎ᠠ᠃    ᠲᠠᠪᠤ᠂ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠠᠮᠢᠶᠠᠷᠤᠯᠲᠠ ᠶᠢ ᠰᠠᠶᠢᠲᠤᠷ ᠬᠢᠨ᠎ᠡ    ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠤᠨ ᠭᠠᠷᠴᠠᠭ ᠤᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠦᠨᠳᠦᠰᠦᠲᠡᠨ ᠤ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠭᠤᠯᠤᠭᠰᠠᠨ ᠡᠮ᠂ ᠬᠢᠲᠠᠳ ᠴᠢᠨᠠᠬᠤ ᠡᠮ ᠪᠠ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭᠲᠦ ᠡᠮ ᠢ ᠴᠠᠭ ᠲᠤᠬᠠᠶ ᠳᠤ ᠨᠢ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠢ ᠨᠠᠶᠢᠳᠠᠪᠤᠷᠢᠵᠢᠭᠤᠯᠵᠤ ᠬᠢᠨᠠᠨ ᠰᠢᠯᠭᠠᠬᠤ ᠶᠢ ᠰᠠᠶᠢᠲᠤᠷ ᠬᠢᠵᠦ᠂ ᠬᠡᠯᠡᠯᠴᠡᠭᠡ ᠬᠢᠭᠰᠡᠨ ᠡᠮ ᠤᠨ ᠵᠦᠢᠯ ᠤᠨ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢ ᠪᠣᠳᠠᠲᠠᠶ ᠪᠥᠭᠡᠳ ᠨᠠᠷᠢᠯᠢᠭ ᠬᠢᠵᠦ᠂ ︽ᠬᠤᠤᠰ ᠨᠡᠪᠲᠡᠷᠡᠬᠦ ᠵᠠᠮ︾ ᠤᠨ ᠡᠮ ᠤᠨ ᠵᠦᠢᠯ ᠵᠢᠴᠢ ᠴᠡᠭ ᠳᠣᠭᠲᠠᠭᠠᠭᠰᠠᠨ ᠡᠮ ᠤᠨ ᠳᠡᠯᠭᠡᠭᠦᠷ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠨ᠎ᠡ᠃ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠬᠦ ᠶᠢᠨ ᠬᠠᠮᠲᠤ ᠬᠢᠨᠠᠨ ᠰᠢᠯᠭᠠᠬᠤ ᠶᠢ ᠴᠢᠩᠭᠠᠳᠬᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ ᠦᠢᠯᠡᠴᠢᠯᠡᠭᠡ ᠶᠢᠨ ᠲᠥᠰᠦᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽DRG / DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ DRG / DIP ᠲᠣᠭᠠᠴᠠᠭ᠎ᠠ ᠬᠢᠬᠦ ᠠᠷᠭ᠎ᠠ ᠮᠠᠶ᠋ᠢᠭ ᠢ ᠪᠥᠬᠦ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠦᠷᠬᠦᠭᠦᠯᠦᠨ᠎ᠡ᠃ ᠡᠭᠦᠳᠡᠨ ᠡᠮᠨᠡᠯᠭᠡ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠵᠢᠴᠢ ᠨᠢᠭᠲᠠᠷᠠᠭᠰᠠᠨ ᠬᠡᠯᠪᠡᠷᠢᠲᠦ ᠰᠢᠶᠠᠨ ᠤ ᠬᠡᠪᠴᠢᠶᠡᠨ ᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠪᠣᠯᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠴᠡᠭ ᠳᠣᠭᠲᠠᠭᠠᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠪᠠ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃     ᠵᠢᠷᠭᠤᠭ᠎ᠠ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠨ᠎ᠠ     ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠦᠷᠭᠦᠯᠵᠢᠯᠡᠨ ᠠᠬᠢᠭᠤᠯᠵᠤ᠂ ᠤᠯᠤᠰ ᠠᠴᠠ ᠵᠣᠬᠢᠶᠠᠨ ᠪᠠᠶᠢᠭᠤᠯᠤᠭᠰᠠᠨ ᠲᠥᠪᠯᠡᠷᠡᠭᠦᠯᠦᠨ ᠬᠤᠳᠠᠯᠳᠤᠨ ᠠᠪᠬᠤ ᠦᠢᠯᠡᠳᠭᠦᠨ ᠢ ᠬᠤᠳᠠᠯᠳᠤᠨ ᠠᠪᠬᠤ ᠪᠠ ᠬᠡᠷᠡᠭᠯᠡᠬᠦ ᠶᠢ ᠨᠠᠶᠢᠳᠠᠪᠤᠷᠢᠵᠢᠭᠤᠯᠵᠤ᠂ ᠬᠢᠲᠠᠳ ᠪᠡᠯᠡᠨ ᠡᠮ᠂ ᠬᠢᠲᠠᠳ ᠡᠮ ᠤᠨ ᠮᠠᠲ᠋ᠧᠷᠢᠶᠠᠯ᠂ ᠠᠮᠠᠨ ᠬᠥᠨᠳᠡᠶ ᠶᠢᠨ ᠲᠠᠷᠢᠮᠠᠯ ᠪᠡᠶ᠎ᠡ᠂ ᠴᠠᠬᠢᠯᠭᠠᠨ ᠹᠢᠽᠢᠣᠯᠣᠭᠢ᠂ ᠠᠮᠠᠯᠠᠭᠤᠯᠬᠤ ᠬᠡᠷᠡᠭᠰᠡᠯ ᠵᠡᠷᠭᠡ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠮᠤᠵᠢ ᠶᠢᠨ ᠬᠤᠭᠤᠷᠤᠨᠳᠤᠬᠢ ᠬᠤᠯᠪᠤᠭ᠎ᠠ ᠠᠴᠠ ᠬᠤᠳᠠᠯᠳᠤᠨ ᠠᠪᠬᠤ ᠶᠢ ᠥᠷᠨᠢᠭᠦᠯᠦᠨ᠎ᠡ᠃ 2022 ᠣᠨ ᠤ ᠡᠴᠦᠰ ᠲᠤ ᠡᠮ ᠤᠨ ᠵᠦᠢᠯ ᠤᠨ ᠲᠥᠷᠥᠯ ᠵᠦᠢᠯ ᠢ 400 ᠠᠴᠠ ᠳᠡᠭᠡᠭᠰᠢ ᠴᠤᠭᠯᠠᠭᠤᠯᠵᠤ᠂ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠵᠦᠢᠯ ᠢ 7 ᠵᠦᠢᠯ ᠠᠴᠠ ᠳᠡᠭᠡᠭᠰᠢ ᠪᠣᠯᠭᠠᠨ᠎ᠠ᠃ ᠬᠡᠮᠵᠢᠶ᠎ᠡ ᠲᠠᠢ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠳᠦᠭᠦᠷᠦᠭᠰᠡᠨ ᠢ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ᠂ ᠰᠢᠭᠤᠳ ᠳ᠋ᠦᠩᠨᠡᠨ ᠪᠤᠳᠤᠬᠤ᠂ ᠲᠣᠭᠠᠴᠠᠭ᠎ᠠ ᠬᠢᠬᠦ ᠪᠠᠷᠢᠮᠵᠢᠶ᠎ᠠ ᠵᠡᠷᠭᠡ ᠶᠢ ᠬᠠᠮᠵᠢᠭᠤᠯᠵᠤ᠂ ᠦᠯᠡᠳᠡᠭᠡᠯ ᠮᠥᠩᠭᠦ ᠶᠢ ᠦᠯᠡᠳᠡᠭᠡᠨ ᠬᠡᠷᠡᠭᠯᠡᠬᠦ ᠵᠡᠷᠭᠡ ᠲᠥᠬᠦᠷ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠤᠰᠬᠠᠶ ᠵᠦᠢᠯ ᠤᠨ ᠵᠠᠰᠠᠯᠲᠠ ᠶᠢ ᠥᠷᠨᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠳᠠᠯᠳᠤᠨ ᠠᠪᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ 2022 ᠣᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠦᠨᠡᠯᠡᠨ ᠵᠢᠱᠢᠬᠦ ᠵᠢᠴᠢ ᠬᠥᠳᠡᠯᠦᠩᠭᠦᠶ ᠪᠠᠷ ᠲᠣᠬᠢᠷᠠᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠰᠢᠪᠠᠳᠠᠭᠤᠯᠤᠨ᠎ᠠ᠃ ᠡᠮ ᠡᠮᠨᠡᠯᠭᠡ ᠶᠢᠨ ᠦᠨ᠎ᠡ ᠬᠠᠩᠰᠢ ᠶᠢ ᠬᠢᠨᠠᠨ ᠰᠢᠯᠭᠠᠬᠤ ᠢᠨᠵᠧᠨᠧᠷᠢᠩ ᠢ ᠡᠬᠢᠯᠡᠭᠦᠯᠵᠦ᠂ ᠡᠮ ᠡᠮᠨᠡᠯᠭᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠨᠠᠶᠢᠷᠠᠭᠤᠯᠤᠨ ᠵᠣᠬᠢᠶᠠᠵᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠢᠲᠡᠭᠡᠮᠵᠢ ᠶᠢ ᠦᠨᠡᠯᠡᠬᠦ ᠲᠦᠷᠢᠮ ᠤᠨ ᠬᠡᠷᠡᠭᠵᠢᠭᠦᠯᠦᠯᠲᠡ ᠶᠢ ᠦᠷᠭᠦᠯᠵᠢᠯᠡᠨ ᠠᠬᠢᠭᠤᠯᠤᠨ᠎ᠠ᠃     ᠳᠣᠯᠤᠭ᠎ᠠ᠂ ᠰᠠᠭᠤᠷᠢ ᠮᠥᠩᠭᠦ ᠶᠢ ᠬᠢᠨᠠᠵᠤ ᠬᠠᠮᠢᠶᠠᠷᠬᠤ ᠪᠠ ᠠᠵᠢᠯᠯᠠᠭ᠎ᠠ ᠳᠤ ᠵᠠᠳᠠᠯᠤᠯᠲᠠ ᠬᠢᠬᠦ ᠶᠢ ᠴᠢᠩᠭᠠᠳᠬᠠᠨ᠎ᠠ     ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠳᠣᠭᠲᠠᠯᠴᠠᠭ᠎ᠠ ᠪᠠ ᠬᠠᠤᠯᠢ ᠬᠡᠷᠡᠭᠵᠢᠭᠦᠯᠬᠦ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠬᠢᠨᠠᠯᠲᠠ ᠬᠠᠮᠢᠶᠠᠷᠤᠯᠲᠠ ᠶᠢᠨ ᠲᠦᠷᠢᠮ︾ ᠵᠢᠴᠢ ᠲᠥᠬᠦᠷ ᠠᠷᠭ᠎ᠠ ᠶᠢ ᠴᠢᠩᠭ᠎ᠠ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠡᠷᠬᠡ ᠮᠡᠳᠡᠯ᠂ ᠲᠠᠰ ᠳᠠᠷᠠᠭᠠᠯᠠᠯ ᠪᠠ ᠰᠢᠢᠳᠭᠡᠯ ᠲᠣᠷᠭᠠᠭᠤᠯᠢ ᠶᠢᠨ ᠪᠠᠷᠢᠮᠵᠢᠶ᠎ᠠ ᠶᠢ ᠵᠢᠷᠤᠮᠵᠢᠭᠤᠯᠤᠨ᠎ᠠ᠃ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠮᠢᠶᠠᠷᠴᠤ ᠬᠡᠷᠡᠭᠯᠡᠭᠰᠡᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠶᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠬᠢᠨ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠬᠠᠮᠵᠢᠯᠴᠠᠨ ᠬᠠᠤᠯᠢ ᠬᠡᠷᠡᠭᠵᠢᠭᠦᠯᠬᠦ᠂ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ᠂ ᠡᠷᠡᠭᠦᠦ ᠰᠢᠢᠳᠭᠡᠯ ᠢ ᠵᠣᠯᠭᠠᠭᠤᠯᠬᠤ ᠪᠠ ᠰᠠᠬᠢᠯᠭ᠎ᠠ ᠪᠠᠲᠤ ᠶᠢ ᠭᠦᠢᠴᠡᠳᠭᠡᠬᠦ ᠶᠢ ᠵᠣᠯᠭᠠᠭᠤᠯᠬᠤ ᠵᠡᠷᠭᠡ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠴᠢᠬᠤᠯᠠ ᠶᠡᠭᠡ ᠬᠡᠷᠡᠭ ᠢ ᠬᠠᠮᠲᠤ ᠪᠠᠷ ᠪᠠᠶᠢᠴᠠᠭᠠᠨ ᠰᠢᠢᠳᠪᠦᠷᠢᠯᠡᠬᠦ ᠠᠵᠢᠯ ᠤᠨ ᠪᠠᠷᠢᠮᠵᠢᠶ᠎ᠠ ᠪᠠ ᠴᠤᠪᠤᠷᠠᠯ ᠢ ᠵᠢᠷᠤᠮᠵᠢᠭᠤᠯᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠭᠡᠯ ᠢ ᠬᠠᠮᠵᠢᠯᠴᠠᠨ ᠬᠡᠷᠡᠭᠯᠡᠬᠦ ᠶᠢ ᠠᠬᠢᠭᠤᠯᠵᠤ᠂ ᠨᠢᠭᠡ ᠬᠡᠷᠡᠭ ᠢ ᠣᠯᠠᠨ ᠤᠳᠠᠭ᠎ᠠ ᠪᠠᠶᠢᠴᠠᠭᠠᠬᠤ᠂ ᠨᠢᠭᠡ ᠬᠡᠷᠡᠭ ᠢ ᠣᠯᠠᠨ ᠤᠳᠠᠭ᠎ᠠ ᠰᠢᠢᠳᠪᠦᠷᠢᠯᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠷᠢᠰᠢᠯᠠᠭᠤᠯᠤᠯᠲᠠ ᠶᠢ ᠪᠣᠶ ᠪᠣᠯᠭᠠᠨ᠎ᠠ᠃     ᠰᠠᠭᠤᠷᠢ ᠮᠥᠩᠭᠦᠨ ᠤ ᠬᠢᠷᠢ ᠪᠦᠲᠦᠮᠵᠢ ᠶᠢᠨ ᠬᠠᠮᠢᠶᠠᠷᠤᠯᠲᠠ ᠶᠢ ᠦᠨᠡᠨ ᠬᠦ ᠴᠢᠩᠭᠠᠷᠠᠭᠤᠯᠵᠤ᠂ ᠣᠷᠣᠯᠭ᠎ᠠ ᠵᠠᠷᠤᠯᠭ᠎ᠠ ᠶᠢᠨ ᠲᠥᠰᠦᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠪᠠᠶᠢᠳᠠᠯ ᠤᠨ ᠵᠠᠳᠠᠯᠤᠯᠲᠠ ᠶᠢ ᠥᠷᠨᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠠᠴᠠ ᠤᠯᠠᠷᠢᠯ ᠪᠦᠷᠢ ᠪᠠᠶᠢᠳᠠᠯ ᠢ ᠵᠠᠳᠠᠯᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠴᠢᠬᠤᠯᠠᠲᠠᠶ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠤᠯᠠᠷᠢᠯ ᠪᠦᠷᠢ 34 ᠠᠶᠢᠮᠠᠭ ᠬᠤᠲᠠ ᠶᠢ ᠰᠣᠩᠭᠤᠨ ᠤᠯᠠᠷᠢᠯ ᠤᠨ ᠪᠠᠶᠢᠳᠠᠯ ᠳᠤ ᠵᠠᠳᠠᠯᠤᠯᠲᠠ ᠬᠢᠬᠦ ᠶᠠᠷᠢᠯᠴᠠᠬᠤ ᠬᠤᠷᠠᠯ ᠪᠤᠶᠤ ᠸᠢᠳᠢᠤ᠋ ᠬᠤᠷᠠᠯ ᠢ ᠬᠤᠷᠠᠯᠳᠤᠭᠤᠯᠵᠤ᠂ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢᠨ ᠬᠤᠪᠢᠷᠠᠯᠲᠠ ᠪᠠ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠬᠤᠪᠢᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠪᠠ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢ ᠨᠥᠯᠥᠭᠡᠯᠡᠬᠦ ᠠᠵᠤ ᠠᠬᠤᠶ᠂ ᠨᠡᠶᠢᠭᠡᠮ᠂ ᠬᠥᠮᠦᠨ ᠠᠮᠠ ᠵᠡᠷᠭᠡ ᠬᠦᠴᠦᠨ ᠵᠦᠢᠯ ᠢ ᠭᠦᠨᠵᠡᠭᠡᠶ ᠵᠠᠳᠠᠯᠵᠤ᠂ ᠪᠦᠲᠦᠴᠡ ᠶᠢᠨ ᠴᠢᠨᠠᠷᠲᠠᠶ ᠨᠥᠯᠥᠭᠡᠯᠡᠬᠦ ᠬᠦᠴᠦᠨ ᠵᠦᠢᠯ ᠢ ᠭᠦᠨᠵᠡᠭᠡᠶ ᠢᠯᠡᠷᠡᠭᠦᠯᠵᠦ᠂ ᠠᠵᠢᠯᠯᠠᠭᠠᠨ ᠤ ᠵᠢᠮ᠎ᠡ ᠶᠣᠰᠣ ᠶᠢ ᠳ᠋ᠦᠩᠨᠡᠵᠦ᠂ ᠬᠢᠨᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠵᠤ᠂ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ  ᠰᠡᠷᠭᠡᠶᠢᠯᠡᠨ ᠠᠷᠢᠯᠭᠠᠨ᠎ᠠ᠃     ᠨᠠᠢᠮᠠ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ     ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠬᠦᠴᠦᠨ ᠢ ᠴᠢᠩᠭᠠᠳᠬᠠᠨ᠎ᠠ ᠃ ᠭᠠᠷᠲᠠᠨ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠨ ᠨᠠᠷᠢᠨ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠵᠤ ᠵᠢᠷᠤᠮᠵᠢᠭᠤᠯᠬᠤ ᠶᠢ ᠠᠬᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠢᠳᠠᠪᠤᠷᠢᠵᠢᠭᠤᠯᠬᠤ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠬᠤ᠂ ᠰᠠᠯᠠᠭ᠎ᠠ ᠮᠥᠴᠢᠷ ᠤᠨ ᠬᠢᠨ ᠬᠠᠮᠵᠢᠯᠴᠠᠬᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠰᠢᠯᠭᠠᠨ ᠬᠢᠨᠠᠬᠤ ᠶᠢ ᠴᠢᠩᠭᠠᠳᠬᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠭᠡᠬᠦ ᠶᠢ ᠬᠡᠷᠡᠭᠵᠢᠭᠦᠯᠬᠦ ᠨᠠᠷᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠡᠵᠡᠮᠳᠡᠬᠦ ᠪᠠ ᠳᠠᠪᠬᠤᠷᠳᠠᠭᠤᠯᠤᠨ ᠳᠠᠭᠠᠳᠬᠠᠯ ᠳᠤ ᠣᠷᠣᠯᠴᠠᠬᠤ ᠶᠢ ᠰᠡᠷᠭᠡᠶᠢᠯᠡᠬᠦ ᠵᠠᠰᠠᠯᠲᠠ ᠶᠢ ᠴᠢᠩᠭᠠᠳᠬᠠᠵᠤ᠂ ︽ᠳᠠᠭᠠᠳᠬᠠᠯ ᠳᠤ ᠣᠷᠣᠬᠤ ᠶᠠᠪᠤᠳᠠᠯ︾ ᠢ ᠨᠢᠭᠡ ᠯᠡ ᠤᠳᠠᠭ᠎ᠠ ᠳᠤ ᠭᠦᠢᠴᠡᠳᠭᠡᠬᠦ ᠶᠢ ᠠᠬᠢᠭᠤᠯᠤᠨ᠎ᠠ᠃ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠴᠤᠪᠤᠷᠠᠯ ᠢ ᠪᠥᠬᠦ ᠲᠠᠯ᠎ᠠ ᠪᠠᠷ ᠳᠥᠭᠦᠮᠴᠢᠯᠡᠨ ᠰᠢᠯᠢᠳᠡᠭᠵᠢᠭᠦᠯᠵᠦ᠂ ᠰᠦᠢᠳᠭᠡᠯ ᠲᠤᠰᠢᠶᠠᠬᠤ ᠳᠤ ᠲᠥᠬᠦᠮ ᠦᠵᠡᠭᠦᠯᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ 2022 ᠣᠨ ᠤ 9 ᠳ᠋ᠦ᠋ᠭᠡᠷ ᠰᠠᠷ᠎ᠠ ᠠᠴᠠ ᠡᠬᠢᠯᠡᠨ᠂ ᠳᠠᠭᠠᠳᠬᠠᠯ ᠳᠤ ᠣᠷᠣᠯᠴᠠᠭᠴᠢ ︵ᠣᠷᠣᠯᠠᠨ ᠬᠤᠷᠢᠶᠠᠬᠤ ᠨᠢᠭᠡᠴᠢ︶ ᠡᠮᠴᠢᠯᠡᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠳᠠᠭᠠᠳᠬᠠᠯ ᠳᠤ ᠣᠷᠣᠬᠤ ᠪᠠᠷ ᠳᠠᠩᠰᠠᠯᠠᠭᠤᠯᠤᠭᠰᠠᠨ ᠤ ᠳᠠᠷᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠨᠡᠶᠢᠲᠡᠯᠡᠭᠰᠡᠨ ᠰᠦᠢᠳᠭᠡᠯ ᠲᠤᠰᠢᠶᠠᠬᠤ ᠲᠠᠰ ᠤᠨ ᠪᠠᠷᠢᠮᠵᠢᠶ᠎ᠠ ᠶᠣᠰᠣᠭᠠᠷ ᠥᠪᠡᠰᠦᠪᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠣᠶᠤᠨᠴᠢᠯᠠᠭᠰᠠᠨ ᠰᠦᠯᠵᠢᠶᠡᠨ ᠳᠠᠬᠢ ᠠᠷᠭ᠎ᠠ ᠵᠠᠮ ᠪᠠ ᠤᠯᠠᠮᠵᠢᠯᠠᠯᠲᠤ ᠰᠦᠯᠵᠢᠶᠡᠨ ᠭᠠᠳᠠᠨᠠᠬᠢ ᠠᠷᠭ᠎ᠠ ᠵᠠᠮ ᠢᠶᠠᠷ ᠰᠦᠢᠳᠭᠡᠯ ᠲᠤᠰᠢᠶᠠᠨ᠎ᠠ︔ ᠰᠦᠢᠳᠭᠡᠯ ᠲᠤᠰᠢᠶᠠᠬᠤ ᠣᠨᠴᠠᠭᠠᠶ ᠲᠤᠬᠠᠶᠢᠯᠠᠭᠰᠠᠨ ᠠᠵᠢᠯ ᠢ ︵ᠨᠥᠬᠦᠵᠦ ᠲᠤᠰᠢᠶᠠᠬᠤ᠂ ᠵᠠᠰᠠᠭ ᠤᠨ ᠣᠷᠳᠣᠨ ᠠᠴᠠ ᠣᠷᠣᠯᠠᠨ ᠲᠤᠰᠢᠶᠠᠬᠤ ᠵᠡᠷᠭᠡ ᠶᠢ ᠪᠠᠭᠲᠠᠭᠠᠨ᠎ᠠ︶ ᠭᠦᠢᠴᠡᠳᠭᠡᠵᠦ ᠪᠠᠶᠢᠭ᠎ᠠ ᠳᠠᠭᠠᠳᠬᠠᠯ ᠳᠤ ᠣᠷᠣᠯᠴᠠᠭᠴᠢ ︵ᠣᠷᠣᠯᠠᠨ ᠬᠤᠷᠢᠶᠠᠬᠤ ᠨᠢᠭᠡᠴᠢ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠳᠠᠭᠠᠳᠬᠠᠯ ᠳᠤ ᠣᠷᠣᠬᠤ ᠪᠠᠷ ᠳᠠᠩᠰᠠᠯᠠᠭᠤᠯᠵᠤ᠂ ᠰᠦᠢᠳᠭᠡᠯ ᠲᠤᠰᠢᠶᠠᠬᠤ ᠲᠤᠭ᠎ᠠ ᠶᠢ ᠬᠢᠨᠠᠨ ᠲᠣᠭᠲᠠᠭᠠᠭᠰᠠᠨ ᠤ ᠳᠠᠷᠠᠭ᠎ᠠ ᠥᠪᠡᠰᠦᠪᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠣᠶᠤᠨᠴᠢᠯᠠᠭᠰᠠᠨ ᠰᠦᠯᠵᠢᠶᠡᠨ ᠳᠠᠬᠢ ᠠᠷᠭ᠎ᠠ ᠵᠠᠮ ᠪᠠ ᠤᠯᠠᠮᠵᠢᠯᠠᠯᠲᠤ ᠰᠦᠯᠵᠢᠶᠡᠨ ᠭᠠᠳᠠᠨᠠᠬᠢ ᠠᠷᠭ᠎ᠠ ᠵᠠᠮ ᠢᠶᠠᠷ ᠳᠠᠮᠵᠢᠭᠤᠯᠤᠨ ᠰᠦᠢᠳᠭᠡᠯ ᠲᠤᠰᠢᠶᠠᠨ᠎ᠠ᠃ ᠰᠢᠯᠵᠢᠭᠦᠯᠦᠨ ᠦᠷᠭᠦᠯᠵᠢᠯᠡᠭᠦᠯᠬᠦ ᠪᠠ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠦᠷᠭᠦᠯᠵᠢᠯᠡᠨ ᠭᠦᠨᠵᠡᠭᠡᠶ ᠰᠠᠶᠢᠲᠤᠷ ᠬᠢᠨ᠎ᠠ᠃ ︽ᠲᠦᠷᠦᠭᠦ ᠶᠠᠪᠤᠳᠠᠯ︾ ᠢ ᠬᠠᠮᠲᠤᠷᠠᠨ ᠰᠢᠢᠳᠪᠦᠷᠢᠯᠡᠬᠦ ᠶᠢ ᠠᠬᠢᠭᠤᠯᠬᠤ ᠳᠤ ᠢᠳᠡᠪᠬᠢᠲᠡᠶ ᠣᠷᠣᠯᠴᠠᠨ᠎ᠠ᠃ ᠤᠯᠤᠰ ᠤᠨ ᠱᠠᠭᠠᠷᠳᠠᠯᠭ᠎ᠠ ᠶᠣᠰᠣᠭᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠲᠡᠨ ᠤ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠡᠮᠴᠢᠯᠡᠭᠡᠨ ᠤ ᠵᠠᠷᠤᠳᠠᠯ ᠢ ᠳ᠋ᠦᠩᠨᠡᠨ ᠪᠤᠳᠤᠬᠤ ᠪᠠ ᠳᠠᠩᠰᠠ ᠪᠤᠳᠤᠬᠤ ᠠᠵᠢᠯ ᠢ ᠰᠠᠶᠢᠲᠤᠷ ᠬᠢᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠵᠠᠷᠤᠳᠠᠯ ᠢ ᠲᠤᠰᠬᠠᠶ ᠰᠡᠳᠦᠪ ᠢᠶᠠᠷ ᠳᠠᠩᠰᠠ ᠪᠤᠳᠤᠬᠤ ᠨᠢᠭᠡᠳᠦᠯᠲᠡᠶ ᠵᠠᠭᠪᠤᠷ ᠢ ᠪᠠᠶᠢᠭᠤᠯᠵᠤ᠂ ᠣᠷᠣᠨ ᠤ ᠳᠣᠲᠣᠷᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ ᠤ ᠡᠮᠴᠢᠯᠡᠭᠡᠨ ᠤ ᠵᠠᠷᠤᠳᠠᠯ ᠢ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠢ ᠠᠯᠤᠰᠯᠠᠭᠤᠯᠤᠨ ᠳᠠᠩᠰᠠ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 2022 ᠣᠨ ᠤ ᠵᠢᠯ ᠤᠨ ᠡᠴᠦᠰ ᠠᠴᠠ ᠡᠮᠦᠨ᠎ᠡ᠂ ᠰᠢᠶᠠᠨ ︵ᠬᠤᠰᠢᠭᠤ᠂ ᠲᠣᠭᠤᠷᠢᠭ︶ ᠨᠢᠭᠡ ᠪᠦᠷᠢ ᠳᠤ ᠨᠠᠭᠠᠳᠤ ᠵᠠᠬ᠎ᠠ ᠳᠤ ᠪᠠᠨ ᠨᠢᠭᠡ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠳ᠋ᠦᠩᠨᠡᠨ ᠪᠣᠳᠣᠬᠤ ᠰᠦᠯᠵᠢᠶᠡᠵᠢᠬᠦᠯᠦᠭᠰᠡᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠭᠠᠷᠭᠠᠵᠤ᠂ ᠪᠥᠬᠦ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠳᠤ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠤᠷᠲᠤ ᠬᠠᠪᠤᠳᠠᠷ ᠤᠨ ᠡᠭᠦᠳᠡᠨ ᠡᠮᠨᠡᠯᠭᠡ ᠳᠤ ᠰᠠᠴᠤᠷᠠᠭ ᠬᠢᠮᠢ ᠶᠢᠨ ᠵᠠᠰᠠᠯ ᠬᠢᠬᠦ᠂ ᠰᠢᠭᠡᠰᠦᠨ ᠬᠤᠤᠷᠳᠠᠯᠭ᠎ᠠ ᠶᠢᠨ ᠡᠪᠡᠳᠴᠢᠨ ᠢ ᠨᠡᠪᠴᠢᠭᠦᠯᠦᠨ ᠢᠯᠭᠠᠷᠠᠭᠤᠯᠬᠤ ᠪᠠ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠤᠨᠳᠤᠤᠰᠢᠯ ᠢ ᠡᠰᠡᠷᠭᠦᠴᠡᠬᠦ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠬᠠᠩᠭᠠᠨ᠎ᠠ᠃ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠦᠷᠭᠦᠯᠵᠢᠯᠡᠨ ᠰᠠᠶᠢᠲᠤᠷ ᠬᠢᠵᠦ᠂ ᠮᠤᠵᠢ ᠠᠯᠤᠰᠯᠠᠨ ᠰᠦᠯᠵᠢᠶᠡᠵᠢᠬᠦᠯᠦᠭᠰᠡᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃     ᠶᠢᠰᠦ᠂ ᠪᠠᠷᠢᠮᠵᠢᠶᠠᠵᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ     ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠲᠠᠪᠴᠠᠩ ᠤᠨ ᠬᠦᠴᠦᠨ ᠴᠢᠳᠠᠯ ᠢ ᠭᠦᠢᠴᠡᠳ ᠪᠠᠳᠠᠷᠠᠭᠤᠯᠤᠨ᠎ᠠ᠃ ᠲᠤᠬᠠᠶᠢᠯᠠᠭᠰᠠᠨ ᠠᠵᠢᠯ ᠤᠨ ᠳ᠋ᠤᠭᠠᠷᠯᠠᠯ ᠤᠨ ᠪᠠᠷᠢᠮᠵᠢᠶ᠎ᠠ ᠶᠢ ᠬᠠᠮᠠᠭᠠᠯᠠᠨ ᠬᠡᠷᠡᠭᠯᠡᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠷᠢᠮᠵᠢᠶᠠᠵᠢᠭᠤᠯᠤᠨ ᠬᠡᠷᠡᠭᠯᠡᠬᠦ ᠶᠢ ᠰᠢᠯᠭᠠᠨ ᠬᠢᠨᠠᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃ ᠪᠦᠷᠢᠨ ᠲᠡᠭᠦᠯᠳᠡᠷ ᠮᠡᠳᠡᠭᠡ ᠵᠠᠩᠭᠢ ᠶᠢᠨ ᠰᠢᠰᠲ᠋ᠧᠮ ᠢ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠳᠣᠭᠲᠠᠯᠴᠠᠭ᠎ᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠬᠤᠳᠠᠯᠳᠤᠭᠠᠨ ᠤ ᠪᠠᠩᠬᠢ᠂ ᠵᠠᠰᠠᠭ ᠤᠨ ᠶᠠᠪᠤᠳᠠᠯ ᠤᠨ ᠬᠡᠷᠡᠭᠯᠡᠭᠡᠨ ᠵᠡᠷᠭᠡ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠬᠦ ᠶᠢ ᠪᠦᠷᠢᠳᠬᠡᠨ ᠳᠠᠩᠰᠠᠯᠠᠬᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠵᠡᠷᠭᠡ ᠬᠦᠷᠢᠶᠡᠨ ᠳᠤ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃     ᠠᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠬᠢᠨ᠎ᠡ     ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠤᠨ ᠬᠢᠨ ᠬᠠᠮᠵᠢᠯᠴᠠᠬᠤ᠂ ᠨᠡᠶᠢᠭᠡᠮ ᠨᠡᠶᠢᠲᠡ ᠶᠢᠨ ᠬᠢᠨ ᠣᠷᠣᠯᠴᠠᠬᠤ︾ ᠠᠵᠢᠯ ᠤᠨ ᠰᠡᠳᠬᠢᠮᠵᠢ ᠶᠣᠰᠣᠭᠠᠷ ᠵᠠᠰᠠᠭ ᠤᠨ ᠣᠷᠳᠣᠨ ᠤ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠦᠷᠢᠮ ᠤᠨ ᠲᠣᠭᠲᠠᠴᠠ ᠶᠢ ᠪᠥᠷᠢᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠪᠥᠬᠦ ᠠᠷᠠᠳ ᠢᠶᠠᠷ ᠢᠶᠠᠨ ᠣᠷᠣᠯᠴᠠᠬᠤ᠂ ᠬᠠᠷᠠᠭᠠᠯᠵᠠᠯ ᠢ ᠨᠠᠶᠢᠳᠠᠪᠤᠷᠢᠵᠢᠭᠤᠯᠬᠤ ᠪᠠ ᠬᠠᠮᠢᠶᠠᠷᠬᠤ ᠦᠢᠯᠡᠴᠢᠯᠡᠭᠡᠨ ᠤ ᠠᠵᠢᠯ ᠢ ᠪᠣᠳᠠᠲᠠᠶ ᠪᠥᠭᠡᠳ ᠰᠠᠶᠢᠲᠤᠷ ᠠᠳᠬᠤᠬᠤ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠣᠬᠢᠷᠠᠭᠤᠯᠬᠤ ᠶᠢᠨ ᠬᠠᠮᠲᠤ ᠴᠠᠭ ᠲᠤᠬᠠᠶ ᠳᠤ ᠨᠢ ᠰᠠᠯᠭᠠᠨ ᠥᠭᠴᠦ ᠪᠣᠳᠠᠲᠠᠶᠢᠵᠢᠭᠤᠯᠤᠨ᠎ᠠ︔ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠ ᠰᠦᠢᠳᠬᠡᠯ ᠬᠤᠷᠢᠶᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠰᠦᠢᠳᠭᠡᠯ ᠲᠤᠰᠢᠶᠠᠬᠤ ᠳᠤ ᠳᠥᠭᠦᠮ ᠦᠵᠡᠭᠦᠯᠦᠨ᠎ᠡ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠳᠤᠭᠤᠶᠢᠯᠠᠩ ︵ᠨᠡᠶᠢᠭᠡᠮ ᠲᠣᠭᠤᠷᠢᠭ︶᠂ ᠰᠤᠷᠭᠠᠭᠤᠯᠢ ᠶᠢᠨ ᠲᠥᠪᠯᠡᠷᠡᠭᠦᠯᠦᠨ ᠬᠤᠷᠢᠶᠠᠵᠤ ᠣᠷᠣᠯᠠᠨ ᠭᠦᠢᠴᠡᠳᠬᠡᠬᠦ ᠨᠢᠭᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠬᠤᠭᠤᠷᠣᠨᠳᠣ ᠪᠠᠨ ᠬᠠᠮᠵᠢᠯᠴᠠᠨ ᠪᠠᠶᠢᠷᠢᠯᠠᠭᠤᠯᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠰᠦᠢᠳᠭᠡᠯ ᠲᠤᠰᠢᠶᠠᠬᠤ ᠶᠢ ᠬᠠᠪᠰᠤᠷᠤᠨ ᠵᠢᠯᠣᠭᠤᠳᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠬᠠᠮᠲᠤᠷᠠᠨ ᠥᠷᠨᠢᠭᠦᠯᠵᠦ᠂ ᠬᠤᠯᠪᠣᠭᠠᠯᠠᠨ ᠬᠥᠳᠡᠯᠦᠯᠴᠡᠬᠦ ᠪᠠ ᠮᠡᠳᠡᠭᠡ ᠵᠠᠩᠭᠢ ᠪᠠᠨ ᠨᠡᠪᠲᠡᠷᠡᠭᠦᠯᠬᠦ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠮᠴᠢᠯᠡᠭᠡ ᠶᠢᠨ ᠳᠠᠭᠠᠳᠬᠠᠯ ᠤᠨ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠤᠰᠠᠯᠠᠬᠤ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠣᠨᠣᠯᠵᠢᠬᠤᠨ ᠢ ᠲᠥᠭᠡᠮᠡᠯᠵᠢᠭᠦᠯᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠨᠡᠶᠢᠭᠡᠮ ᠨᠡᠶᠢᠲᠡ ᠶᠢᠨ ᠬᠢᠨ ᠤ ᠵᠢᠱᠢᠯᠲᠡ ᠶᠢ ᠵᠦᠶ ᠵᠣᠬᠢᠰᠲᠠᠶ ᠬᠥᠲᠥᠯᠥᠨ ᠵᠢᠯᠣᠭᠤᠳᠴᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢ ᠠᠷᠭᠠᠴᠠᠭᠠᠬᠤ ᠶᠢ ᠰᠠᠶᠢᠲᠤᠷ ᠬᠢᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ     ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ      2022 ᠣᠨ ᠤ 8 ᠳ᠋ᠤᠭᠠᠷ ᠰᠠᠷ᠎ᠠ ᠶᠢᠨ 1 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号