︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/9/19
ᠥᠪᠡᠷᠲᠡᠭᠡᠨ ᠵᠠᠰᠠᠬᠤ ᠣᠷᠣᠨ ᠤ ᠳᠡᠰ ᠤᠨ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ᠂ ᠡᠯ᠎ᠡ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ᠄   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ        2022 ᠣᠨ ᠤ 9 ᠰᠠᠷ᠎ᠠ ᠶᠢᠨ 19 ᠤ ᠡᠳᠦᠷ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ    ᠨᠢᠭᠡᠳᠦᠭᠡᠷ ᠪᠦᠯᠦᠭ ᠶᠡᠷᠦᠩᠬᠡᠢ ᠳᠦᠷᠢᠮ  ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠣᠭᠤᠶ ᠤᠵᠢᠭ ᠡᠪᠡᠳᠴᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠳᠤ ᠬᠠᠮᠲᠤᠪᠠᠷ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ 20214 ᠳ᠋ᠦᠭᠡᠷ ᠲᠣᠭᠠᠲᠤ︶ ᠵᠢᠴᠢ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠳᠤ ᠬᠠᠮᠲᠤᠪᠠᠷ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ 202182 ᠳ᠋ᠤᠭᠠᠷ ᠲᠣᠭᠠᠲᠤ︶ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃  ᠬᠤᠶᠠᠳᠤᠭᠠᠷ ᠵᠦᠢᠯ ᠲᠤᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠲᠤ ᠬᠡᠷᠡᠭᠯᠡᠭᠳᠡᠨ᠎ᠡ᠃  ᠬᠤᠶᠠᠳᠤᠭᠠᠷ ᠪᠦᠯᠦᠭ ᠣᠯᠭᠤᠮᠵᠢ ᠶᠢᠨ ᠪᠠᠲᠤᠯᠠᠭ᠎ᠠ᠃ ᠭᠤᠷᠪᠠᠳᠤᠭᠠᠷ ᠵᠦᠢᠯ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠤ ᠵᠦᠢᠯ ᠤᠨ ᠬᠡᠪᠴᠢᠶ᠎ᠡ ᠳᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠬᠡᠷᠡᠭᠵᠢᠭᠦᠯᠵᠦ᠂ ᠡᠪᠡᠳᠴᠢᠨ ᠤ ᠵᠦᠢᠯ ᠤᠨ ᠪᠠᠲᠤᠯᠠᠭ᠎ᠠ ᠠᠴᠠ ᠵᠠᠷᠤᠳᠠᠯ ᠤᠨ ᠪᠠᠲᠤᠯᠠᠭ᠎ᠠ ᠲᠡᠰᠢ ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃  ᠳᠥᠷᠪᠡᠳᠦᠭᠡᠷ ᠵᠦᠶ᠋ᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠣᠭᠤᠶ ᠤᠵᠢᠭ ᠡᠪᠡᠳᠴᠢᠨ ᠳᠤ ᠨᠡᠶᠢᠲᠡ ᠠᠷᠪᠠᠨ ᠡᠪᠡᠳᠴᠢᠨ ᠤ ᠵᠦᠶ᠋ᠯ ᠪᠣᠶ᠄  ᠬᠤᠣᠷᠲᠤ ᠬᠠᠪᠤᠳᠠᠷ ᠢ ᠰᠠᠴᠤᠷᠠᠭ ᠬᠢᠮᠢ ᠶᠢᠨ ᠵᠠᠰᠠᠯ᠂ ᠴᠢᠰᠤ ᠶᠢ ᠨᠡᠪᠴᠢᠭᠦᠯᠦᠨ ᠢᠯᠭᠠᠷᠠᠭᠤᠯᠬᠤ᠂ ᠬᠡᠪᠡᠯᠢ ᠶᠢᠨ ᠪᠦᠷᠬᠦᠪᠴᠢ ᠶᠢ ᠨᠡᠪᠴᠢᠭᠦᠯᠦᠨ ᠢᠯᠭᠠᠷᠠᠭᠤᠯᠬᠤ᠂ ᠨᠡᠬᠡᠳᠡᠰᠦ ᠡᠷᠬᠡᠲᠡᠨ ᠢ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠭᠠᠳᠠᠭᠤᠷᠴᠢᠯᠠᠬᠤ ᠶᠢ ᠡᠰᠡᠷᠭᠦᠴᠡᠬᠦ ᠡᠮᠴᠢᠯᠡᠭᠡ᠂ ᠠᠭᠤᠰᠬᠢᠨ ᠯᠤᠭᠰᠢᠭᠤᠨ ᠰᠤᠳᠠᠯ ᠤᠨ ᠥᠨᠳᠥᠷ ᠳᠠᠷᠤᠯᠲᠠ᠂ ᠴᠢᠰᠤ ᠭᠤᠭᠤᠵᠢᠮᠠᠲᠠᠭᠠᠢ ᠡᠪᠡᠳᠴᠢᠨ᠂ ᠸᠢᠷᠦ᠋ᠰ ᠤᠨ ᠴᠢᠨᠠᠷᠲᠠᠢ ᠡᠯᠢᠭᠡᠨ ᠤ ᠦᠷᠪᠢᠰᠦᠯ᠂ ᠡᠯᠢᠭᠡᠨ ᠤ ᠬᠠᠲᠠᠭᠤᠷᠠᠯ ᠤᠨ ᠣᠷᠣᠯᠠᠬᠤ ᠬᠤᠭᠤᠴᠠᠭ᠎ᠠ᠂ ᠫᠠᠺᠢᠨᠰᠤᠨ ᠡᠪᠡᠳᠴᠢᠨ᠂ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ  ᠶᠢᠨ ᠶᠠᠷ᠎ᠠ᠃  ᠳᠡᠭᠡᠷ᠎ᠡ ᠳᠤᠷᠠᠳᠤᠭᠰᠠᠨ ᠬᠡᠪᠴᠢᠶᠡᠨ ᠳᠣᠲᠣᠷ᠎ᠠ ᠪᠠᠶᠢᠬᠤ ᠦᠭᠡᠶ ᠤᠤᠯ ᠤᠨ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠵᠦᠢᠯ ᠢ ᠪᠦᠬᠦᠨ ᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ  ᠪᠠᠲᠤᠯᠠᠭ᠎ᠠ ᠳᠤ ᠣᠷᠣᠭᠤᠯᠤᠨ᠎ᠠ᠃  ᠲᠠᠪᠤᠳᠤᠭᠠᠷ ᠵᠦᠶ᠋ᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠡᠬᠢᠯᠡᠵᠦ ᠥᠭᠬᠦ ᠪᠠᠷᠢᠮᠵᠢᠶ᠎ᠠ᠂ ᠬᠠᠮᠤᠭ ᠥᠨᠳᠥᠷ ᠥᠭᠬᠦ ᠬᠢᠵᠠᠭᠠᠷ ᠲᠤᠭ᠎ᠠ᠂ ᠥᠭᠬᠦ ᠬᠠᠷᠢᠴᠠᠯ ᠪᠠ ᠥᠭᠬᠦ ᠲᠣᠭᠲᠠᠭᠰᠠᠨ ᠲᠤᠭ᠎ᠠ ᠨᠣᠷᠮ᠎ᠠ ᠨᠢ ᠳᠤᠤᠷᠠᠬᠢ ᠮᠡᠲᠦ᠄  ︵ᠨᠢᠭᠡ︶ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠲᠣᠭᠲᠠᠭᠰᠠᠨ ᠴᠢᠭ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠡᠭᠦᠰᠪᠡᠯ᠂ ᠨᠢᠭᠡ ᠵᠢᠯ ᠤᠨ ᠳᠣᠲᠣᠷ᠎ᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠡᠬᠢᠯᠡᠵᠦ ᠥᠭᠬᠦ ᠪᠠᠷᠢᠮᠵᠢᠶ᠎ᠠ ᠨᠢ 300 ᠲᠥᠭᠦᠷᠢᠭ ᠪᠣᠯᠤᠨ᠎ᠠ᠃  ︵ᠬᠤᠶᠠᠷ︶ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠣᠯᠤᠨ ᠶᠡᠭᠡ ᠲᠣᠭᠠᠨ ᠤ ᠳᠠᠭᠠᠳᠬᠠᠯ ᠤᠨ ᠰᠠᠭᠤᠷᠢ ᠮᠥᠩᠭᠦ ᠶᠢᠨ ᠥᠭᠬᠦ ᠬᠡᠪᠴᠢᠶᠡᠨ ᠳᠣᠲᠣᠷ᠎ᠠ ᠨᠡᠶᠢᠯᠡᠭᠦᠯᠦᠨ ᠪᠣᠳᠣᠵᠤ᠂ ᠨᠢᠭᠡ ᠵᠢᠯ ᠤᠨ ᠳᠣᠲᠣᠷ᠎ᠠ ᠬᠠᠮᠤᠭ ᠥᠨᠳᠥᠷ ᠥᠭᠬᠦ ᠬᠢᠵᠠᠭᠠᠷ ᠲᠤᠭ᠎ᠠ ᠨᠢ 30 . 5 ᠲᠦᠮᠡᠨ ᠲᠥᠭᠦᠷᠢᠭ᠃  ︵ᠭᠤᠷᠪᠠ︶ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ 3 . 5 ᠲᠦᠮᠡᠨ ᠲᠥᠭᠦᠷᠢᠭ ︵3 . 5 ᠲᠦᠮᠡᠨ ᠲᠥᠭᠦᠷᠢᠭ ᠪᠠᠭᠲᠠᠨ᠎ᠠ︶ ᠠᠴᠠ ᠳᠣᠷᠣᠭᠰᠢ ᠵᠠᠷᠤᠳᠠᠯ ᠪᠠᠶᠢᠪᠠᠯ᠂ ᠥᠭᠬᠦ ᠬᠠᠷᠢᠴᠠᠯ ᠨᠢ 80 % ᠪᠣᠯᠤᠨ᠎ᠠ᠂ 3 . 5 ᠲᠦᠮᠡᠨ ᠲᠥᠭᠦᠷᠢᠭ ᠠᠴᠠ ᠳᠡᠭᠡᠭᠰᠢ ᠪᠣᠯ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠠᠴᠠ ᠳᠣᠷᠣᠭᠰᠢ ᠵᠠᠷᠤᠳᠠᠯ ᠪᠠᠶᠢᠪᠠᠯ᠂ ᠥᠭᠬᠦ ᠬᠠᠷᠢᠴᠠᠯ ᠨᠢ 90 % ᠪᠣᠯᠤᠨ᠎ᠠ᠃  ︵ᠳᠥᠷᠪᠡ︶ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠲᠣᠭᠠᠴᠠᠭ᠎ᠠ ᠬᠢᠬᠦ ᠲᠣᠭᠲᠠᠭᠰᠠᠨ ᠲᠤᠭ᠎ᠠ ᠨᠢ ᠳᠤᠤᠷᠠᠬᠢ ᠮᠡᠲᠦ᠄
W020220922548174797074.png
  ︵ᠲᠠᠪᠤ︶ ᠳᠡᠭᠡᠷ᠎ᠡ ᠳᠤᠷᠠᠳᠤᠭᠰᠠᠨ ᠡᠪᠡᠳᠴᠢᠨ ᠲᠠᠢ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠣᠯᠭᠤᠮᠵᠢ ᠪᠠᠨ ᠮᠡᠳᠡᠭᠦᠯᠵᠦ ᠪᠣᠯᠤᠨ᠎ᠠ᠂ ᠬᠤᠶᠠᠷ ᠵᠦᠶ᠋ᠯ ᠠᠴᠠ ᠳᠡᠭᠡᠭᠰᠢ ᠡᠪᠡᠳᠴᠢᠨ ᠤ ᠲᠥᠷᠥᠯ ᠲᠠᠢ ᠪᠣᠯ ᠬᠠᠮᠲᠤ ᠳᠤᠨᠢ ᠮᠡᠳᠡᠭᠦᠯᠵᠦ᠂ ᠬᠢᠨᠠᠨ ᠵᠥᠪᠰᠢᠶᠡᠷᠡᠭᠦᠯᠵᠦ ᠪᠠᠲᠤᠯᠠᠭᠰᠠᠨ ᠤ ᠳᠠᠷᠠᠭ᠎ᠠ᠂ ᠨᠢᠭᠡ ᠡᠬᠢᠯᠡᠵᠦ ᠥᠭᠬᠦ ᠪᠠᠷᠢᠮᠵᠢᠶ᠎ᠠ ᠶᠢ ᠬᠡᠷᠡᠭᠵᠢᠭᠦᠯᠵᠦ ᠪᠣᠯᠤᠨ᠎ᠠ᠃  ︵ᠵᠢᠷᠭᠤᠭ᠎ᠠ︶ ᠡᠪᠡᠳᠴᠢᠨ ᠤ ᠪᠠᠶᠢᠳᠠᠯ ᠤᠨ ᠬᠤᠪᠢᠷᠠᠯᠲᠠ ᠪᠤᠶᠤ ᠪᠤᠰᠤᠳ ᠡᠪᠡᠳᠴᠢᠨ ᠡᠮᠭᠡᠭ ᠠᠴᠠ ᠪᠣᠯᠵᠤ ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠᠲᠠᠶ ᠪᠠᠶᠢᠪᠠᠯ᠂ ᠡᠮᠨᠡᠯᠭᠡ ᠳᠤ ᠰᠠᠭᠤᠭᠰᠠᠨ ᠬᠤᠭᠤᠴᠠᠭᠠᠨ ᠳᠤ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠣᠯᠭᠤᠮᠵᠢ ᠶᠢ ᠬᠦᠷᠲᠡᠭᠡᠬᠦ ᠦᠭᠡᠶ᠃  ︵ᠳᠣᠯᠤᠭ᠎ᠠ︶ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠳᠤ ᠨᠡᠷᠪᠡᠭᠳᠡᠪᠡᠯ ᠡᠭᠦᠳᠡᠨ ᠡᠮᠨᠡᠯᠭᠡ ᠶᠢᠨ ᠣᠨᠴᠣᠭᠤᠶ ᠡᠮ ᠬᠡᠷᠡᠭᠯᠡᠬᠦ ᠣᠯᠭᠤᠮᠵᠢ ᠶᠢ ᠬᠠᠮᠲᠤ ᠳᠤᠨᠢ ᠬᠦᠷᠲᠡᠭᠡᠵᠦ᠂ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠪᠠ ᠡᠭᠦᠳᠡᠨ ᠡᠮᠨᠡᠯᠭᠡ ᠶᠢᠨ ᠣᠨᠴᠣᠭᠤᠶ ᠡᠮ ᠬᠡᠷᠡᠭᠯᠡᠬᠦ ᠶᠢ ᠬᠠᠮᠲᠤ ᠳᠤᠨᠢ ᠬᠦᠷᠲᠡᠭᠡᠵᠦ ᠪᠣᠯᠬᠤ ᠦᠭᠡᠶ᠃  ᠭᠤᠷᠪᠠᠳᠤᠭᠠᠷ ᠪᠦᠯᠦᠭ ᠦᠨᠡᠮᠰᠢᠭᠦᠯᠬᠦ ᠪᠠᠷ ᠮᠡᠳᠡᠭᠦᠯᠬᠦ᠃ ᠵᠢᠷᠭᠤᠳᠤᠭᠠᠷ ᠵᠦᠶ᠋ᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠣᠯᠭᠤᠮᠵᠢ ᠶᠢ ᠮᠡᠳᠡᠭᠦᠯᠵᠦ ᠮᠠᠭᠠᠳᠯᠠᠨ ᠲᠣᠭᠲᠠᠭᠠᠬᠤ ᠪᠠ ᠡᠮᠨᠡᠨ ᠵᠠᠰᠠᠬᠤ ᠲᠥᠰᠦᠯ ᠢ ᠬᠤᠪᠢᠷᠠᠭᠤᠯᠬᠤ ᠠᠵᠢᠯ ᠢ ᠪᠦᠬᠦᠨ ᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠴᠢᠭ᠋ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠠᠭᠤᠯᠭᠠᠵᠤ ᠭᠦᠶ᠋ᠴᠡᠳᠬᠡᠨ᠎ᠡ᠃  ᠳᠣᠯᠣᠳᠤᠭᠠᠷ ᠵᠦᠶ᠋ᠯ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠢ ᠮᠡᠳᠡᠭᠦᠯᠬᠦ ᠳᠤ᠂ ᠳᠤᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ᠄ ᠣᠨᠣᠰᠢᠯᠠᠭᠰᠠᠨ ᠭᠡᠷᠡᠴᠢ ᠪᠢᠴᠢᠭ ᠤᠨ ᠤᠭ ᠮᠠᠲ᠋ᠧᠷᠢᠶᠠᠯ᠂ ᠮᠡᠳᠡᠭᠦᠯᠦᠭᠰᠡᠨ ᠡᠪᠡᠳᠴᠢᠨ ᠤ ᠲᠥᠷᠥᠯ ᠵᠦᠶ᠋ᠯ ᠯᠦᠭᠡ ᠬᠤᠯᠪᠣᠭᠳᠠᠯ ᠲᠠᠢ ᠪᠦᠷᠢᠨ ᠪᠦᠲᠦᠨ ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡ᠂ ᠬᠦᠴᠦᠨ ᠪᠦᠬᠦᠢ ᠪᠡᠶ᠎ᠡ ᠶᠢᠨ ᠦᠨᠡᠮᠯᠡᠯ᠃   ᠨᠠᠶ᠋ᠮᠠᠳᠤᠭᠠᠷ ᠵᠦᠶ᠋ᠯ ᠳᠠᠭᠠᠳᠬᠠᠯ ᠳᠤ ᠣᠷᠣᠯᠴᠠᠭᠰᠠᠳ ᠬᠠᠮᠢᠶ᠎ᠠ ᠪᠦᠬᠦᠢ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠣᠨᠴᠣᠭᠤᠶ ᠤᠵᠢᠭ ᠡᠪᠡᠳᠴᠢᠨ ᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠲᠠᠢ ᠡᠮᠴᠢ ᠠᠴᠠ ᠦᠨᠡᠮᠰᠢᠵᠦ᠂ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ ᠳᠠᠩᠰᠠᠯᠠᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠶ᠋ᠯᠡᠴᠢᠯᠡᠭᠡᠨ ᠤ ᠲᠥᠪ ᠤᠨ ᠳᠠᠬᠢᠨ ᠬᠢᠨᠠᠯᠲᠠ ᠪᠠᠷ ᠪᠠᠲᠤᠯᠠᠭᠰᠠᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠣᠯᠭᠤᠮᠵᠢ ᠶᠢ ᠦᠨᠡᠮᠰᠢᠭᠦᠯᠬᠦ ᠭᠤᠶᠤᠴᠢᠯᠠᠯ ᠤᠨ ᠬᠦᠰᠦᠨᠦᠭᠲᠦ︾ ᠪᠠᠷ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠰᠠᠶᠢᠨ ᠳᠤᠷ᠎ᠠ ᠠᠴᠠ ᠪᠠᠨ ᠰᠣᠩᠭᠤᠵᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃ ᠡᠭᠦᠳᠡᠨ ᠡᠮᠨᠡᠯᠭᠡ ᠶᠢᠨ ᠣᠨᠴᠠᠭᠠᠶ ᠠᠷᠬᠠᠭ ᠡᠪᠡᠳᠴᠢᠨ ᠤ ᠡᠪᠡᠳᠴᠢᠨ ᠤ ᠲᠥᠷᠥᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠤᠯᠤᠰ ᠤᠨ ᠡᠮᠴᠢᠯᠡᠭᠡᠨ ᠤ ᠣᠨᠣᠰᠢᠯᠠᠬᠤ ᠪᠠᠷᠢᠮᠵᠢᠶ᠎ᠠ ᠪᠤᠶᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠵᠥᠪᠯᠡᠯ ᠤᠨ ᠣᠨᠣᠰᠢᠯᠠᠨ ᠡᠮᠨᠡᠬᠦ ᠵᠦᠭᠯᠡᠭᠦᠷ ᠢ ᠴᠢᠩᠭ᠎ᠠ ᠵᠢᠷᠤᠮᠯᠠᠨ ᠲᠣᠭᠲᠠᠭᠠᠨ᠎ᠠ᠃  ᠶᠢᠰᠦᠳᠦᠭᠡᠷ ᠵᠦᠢᠯ ᠳᠠᠭᠠᠳᠬᠠᠯ ᠳᠤ ᠣᠷᠣᠯᠴᠠᠭᠰᠠᠨ ᠬᠥᠮᠦᠰ ᠡᠪᠡᠳᠴᠢᠨ ᠤ ᠪᠠᠶᠢᠳᠠᠯ ᠠᠴᠠ ᠪᠣᠯᠵᠤ ᠡᠮᠨᠡᠨ ᠵᠠᠰᠠᠬᠤ ᠲᠥᠰᠦᠯ ᠳᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠬᠢᠨᠠᠬᠤ ᠬᠠᠷᠢᠭᠤᠴᠠᠯᠭᠠᠲᠤ ᠡᠮᠴᠢ ᠠᠴᠠ ᠵᠣᠷ ᠭᠠᠷᠭᠠᠵᠤ᠂ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠵᠣᠷ ᠲᠤ ᠳᠠᠬᠢᠨ ᠬᠢᠨᠠᠯᠲᠠ ᠬᠢᠬᠦ ᠶᠢᠨ ᠬᠠᠮᠲᠤ ᠠᠯᠪᠠᠨ ᠲᠠᠮᠠᠭ᠎ᠠ ᠳᠠᠷᠤᠬᠤ ᠶᠢ ᠬᠠᠷᠢᠭᠤᠴᠠᠬᠤ ᠬᠡᠷᠡᠭᠲᠡᠶ᠃ ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠣᠯᠭᠤᠮᠵᠢ ᠶᠢ ᠦᠨᠡᠮᠰᠢᠭᠦᠯᠬᠦ ᠭᠤᠶᠤᠴᠢᠯᠠᠯ ᠤᠨ ᠬᠦᠰᠦᠨᠦᠭᠲᠦ︾ ᠪᠣᠯᠤᠨ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠢᠴᠢᠵᠦ ᠥᠭᠭᠦᠭᠰᠡᠨ ᠵᠣᠷ ᠢᠶᠠᠷ ᠢᠶᠠᠨ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ  ᠠᠪᠤᠨ᠎ᠠ᠃  ᠣᠷᠣᠨ ᠤ ᠳᠣᠲᠣᠷᠠᠬᠢ ᠤᠨᠳᠤᠤ ᠭᠠᠵᠠᠷ ᠲᠤ ᠡᠪᠡᠳᠴᠢᠨ ᠦᠵᠡᠭᠦᠯᠦᠭᠰᠡᠨ ᠬᠥᠮᠦᠰ ᠪᠠ ᠨᠢᠭᠡᠨᠲᠡ ᠳᠠᠩᠰᠠᠯᠠᠭᠤᠯᠤᠭᠰᠠᠨ ᠮᠤᠵᠢ ᠠᠯᠤᠰᠯᠠᠨ ᠤᠨᠳᠤᠤ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠭᠰᠠᠨ ᠬᠥᠮᠦᠰ᠂ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭᠰᠠᠨ ᠬᠥᠮᠦᠰ᠂ ᠤᠨᠳᠤᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ᠂ ᠤᠨᠳᠤᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠬᠥᠮᠦᠰ ᠨᠢ ᠡᠪᠡᠳᠴᠢᠨ ᠦᠵᠡᠭᠦᠯᠦᠭᠰᠡᠨ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠵᠣᠷ ᠢᠶᠠᠷ ᠤᠨᠳᠤᠤ ᠭᠠᠵᠠᠷ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃  ᠠᠷᠪᠠᠳᠤᠭᠠᠷ ᠵᠦᠶ᠋ᠯ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠪᠤᠰᠤᠳ ᠨᠢᠭᠡᠳᠦᠯᠲᠡᠶ ᠲᠥᠯᠥᠪᠯᠡᠬᠦ ᠣᠷᠣᠨ ᠳᠤ ᠰᠢᠯᠵᠢᠭᠦᠯᠦᠭᠰᠡᠨ ᠪᠣᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠣᠯᠭᠤᠮᠵᠢ ᠠᠶᠠᠨᠳᠠᠭᠠᠨ ᠳᠠᠭᠤᠰᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠤᠰᠤᠳ ᠨᠢᠭᠡᠳᠦᠯᠲᠡᠢ ᠲᠥᠯᠥᠪᠯᠡᠬᠦ ᠣᠷᠣᠨ ᠠᠴᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠲᠤ ᠰᠢᠯᠵᠢᠨ ᠤᠷᠤᠭᠰᠠᠨ ᠳᠠᠭᠠᠳᠬᠠᠯ ᠲᠤ ᠣᠷᠣᠯᠴᠠᠭᠰᠠᠳ᠂ ᠬᠡᠷᠪᠡ ᠡᠭᠦᠳᠡᠨ ᠡᠮᠨᠡᠯᠭᠡ ᠶᠢᠨ ᠣᠨᠴᠣᠭᠤᠢ ᠤᠳᠠᠭᠠᠨ ᠴᠢᠨᠠᠷᠲᠠᠢ ᠡᠪᠡᠳᠴᠢᠨ ᠤ ᠣᠯᠭᠤᠮᠵᠢ ᠬᠥᠷᠳᠡᠬᠦ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠪᠡᠳᠴᠢᠨ ᠤ ᠲᠥᠷᠥᠯ ᠣᠨ ᠬᠡᠪᠴᠢᠶᠡᠨ ᠲᠤ ᠪᠠᠶᠢᠪᠠᠯ᠂ ᠴᠢᠬ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠳᠠᠬᠢᠨ ᠬᠢᠨᠠᠬᠤ ᠪᠠ ᠲᠠᠩᠰᠠᠯᠠᠨ ᠲᠡᠮᠳᠡᠭᠯᠡᠬᠦ ᠶᠢ ᠬᠠᠷᠢᠭᠤᠴᠠᠵᠤ᠂ ᠲᠠᠬᠢᠵᠤ ᠦᠨᠡᠮᠰᠢᠬᠦ ᠴᠢᠬᠤᠯᠠ ᠥᠭᠡᠢ᠃  ᠠᠷᠪᠠᠨ ᠨᠢᠭᠡᠳᠦᠭᠡᠷ ᠵᠦᠢᠯ ᠳᠠᠭᠠᠳᠬᠠᠯ ᠳᠤ ᠣᠷᠣᠯᠴᠠᠭᠴᠢ ᠨᠢᠭᠡ ᠵᠢᠯ ᠤᠨ ᠳᠣᠲᠣᠷ᠎ᠠ ᠡᠮᠨᠡᠭᠦᠯᠦᠭᠰᠡᠨ ᠦᠭᠡᠶ ᠪᠠᠷ ᠡᠮ ᠬᠤᠳᠠᠯᠳᠤᠨ ᠠᠪᠤᠭᠰᠠᠨ ᠪᠣᠯ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠣᠯᠭᠤᠮᠵᠢ ᠶᠢ ᠠᠶᠠᠨᠳᠠᠭᠠᠨ ᠬᠠᠶᠠᠭᠰᠠᠨ ᠢᠶᠠᠷ ᠦᠵᠡᠨ᠎ᠡ᠃  ᠳᠥᠷᠪᠡᠳᠦᠭᠡᠷ ᠪᠦᠯᠦᠭ ᠵᠠᠷᠤᠳᠠᠯ ᠢ ᠳ᠋ᠦᠩᠨᠡᠨ ᠪᠤᠳᠤᠬᠤ  ᠠᠷᠪᠠᠨ ᠬᠤᠶᠠᠳᠤᠭᠠᠷ ᠵᠦᠶ᠋ᠯ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠵᠠᠷᠤᠳᠠᠯ ᠢ ᠳ᠋ᠦᠩᠨᠡᠨ ᠪᠤᠳᠤᠬᠤ ᠳᠤ ᠤᠯᠤᠰ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠶ᠋ᠯ ᠤᠨ ᠭᠠᠷᠴᠠᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠣᠨᠣᠰᠢᠯᠠᠨ ᠡᠮᠨᠡᠬᠦ ᠲᠥᠷᠥᠯ ᠵᠦᠶ᠋ᠯ ᠵᠢᠴᠢ ᠡᠮᠴᠢᠯᠡᠭᠡᠨ ᠤ ᠦᠶ᠋ᠯᠡᠴᠢᠯᠡᠭᠡᠨ ᠤ ᠪᠡᠯᠡᠳᠬᠡᠮᠵᠢ ᠶᠢᠨ ᠬᠡᠪᠴᠢᠶ᠎ᠡ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠬᠡᠲᠦᠷᠡᠭᠰᠡᠨ ᠡᠮ ᠡᠮᠨᠡᠯᠭᠡ ᠶᠢᠨ ᠵᠠᠷᠤᠳᠠᠯ ᠣᠨ ᠡᠮᠴᠢᠯᠡᠭᠡᠨ ᠤ ᠳᠠᠭᠠᠳᠬᠠᠯ ᠤᠨ ᠰᠠᠭᠤᠷᠢ  ᠮᠥᠩᠭᠦ ᠶᠢ ᠥᠭᠬᠦ ᠥᠬᠡᠶ᠃  ᠠᠷᠪᠠᠨ ᠭᠤᠷᠪᠠᠳᠤᠭᠠᠷ ᠵᠦᠶ᠋ᠯ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠵᠠᠷᠤᠳᠠᠯ ᠳᠤ ᠲᠡᠷᠡ ᠳᠠᠷᠤᠶ ᠳᠤᠨᠢ ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠬᠦᠴᠦᠨ ᠪᠥᠬᠦᠶ ᠭᠡᠷᠡᠴᠢ ᠪᠠᠷᠢᠮᠲᠠ ᠶᠢ ᠬᠡᠷᠡᠭᠯᠡᠨ ᠰᠢᠭᠤᠳ ᠳ᠋ᠦᠩᠨᠡᠨ ᠪᠤᠳᠤᠵᠤ᠂ ᠬᠤᠪᠢ ᠬᠥᠮᠦᠨ ᠤ ᠥᠪᠡᠰᠦᠪᠡᠨ ᠡᠭᠦᠷᠭᠡᠯᠡᠬᠦ ᠬᠡᠰᠡᠭ ᠢ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠤᠶᠤ ᠪᠡᠯᠡᠨ ᠵᠣᠭᠤᠰ ᠥᠭᠴᠦ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠥᠭᠬᠦ ᠬᠡᠰᠡᠭ ᠢ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠠᠴᠠ ᠲᠠᠩᠰᠠ ᠲᠡᠮᠳᠡᠭᠯᠡᠨ᠂ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠪᠤᠳᠤᠬᠤ ᠬᠡᠷᠡᠭᠲᠡᠶ᠃ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠵᠠᠷᠤᠴᠠᠭᠤᠯᠤᠭᠰᠠᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ ᠥᠬᠡᠶ᠃  ᠠᠷᠪᠠᠨ ᠳᠥᠷᠪᠡᠳᠦᠭᠡᠷ ᠵᠦᠢᠯ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠵᠦᠢᠯ ᠤᠨ ᠬᠠᠮᠢᠶ᠎ᠠ ᠪᠦᠬᠦᠢ ᠡᠮ ᠤᠨ ᠵᠦᠢᠯ ᠢ ᠪᠠᠶᠢᠴᠠᠭᠠᠵᠤ ᠰᠢᠨᠵᠢᠯᠡᠨ ᠰᠢᠯᠭᠠᠬᠤ᠂ ᠡᠮᠨᠡᠨ ᠵᠠᠰᠠᠬᠤ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ ᠧᠷᠢᠶᠠᠯ ᠤᠨ ᠵᠠᠷᠤᠳᠠᠯ ᠢ ᠡᠪᠡᠳᠴᠢᠨ ᠤ ᠵᠦᠢᠯ ᠤᠨ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢᠨ ᠳᠣᠲᠣᠷ᠎ᠠ ᠥᠭᠬᠦ ᠬᠠᠷᠢᠴᠠᠯ ᠶᠣᠰᠣᠭᠠᠷ ᠥᠭᠭᠦᠨ᠎ᠡ᠃  ᠪᠠᠶᠢᠴᠠᠭᠠᠵᠤ ᠰᠢᠨᠵᠢᠯᠡᠨ ᠰᠢᠯᠭᠠᠬᠤ ᠵᠠᠷᠤᠳᠠᠯ ᠢ ᠳᠠᠭᠠᠳᠬᠠᠯ ᠳᠤ ᠣᠷᠣᠯᠴᠠᠭᠰᠠᠳ ᠡᠮᠨᠡᠭᠦᠯᠵᠦ ᠪᠠᠶᠢᠭ᠎ᠠ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢ ᠦᠨᠡᠮᠰᠢᠭᠰᠡᠨ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠠᠩᠰᠠ ᠲᠠᠶᠢᠯᠬᠤ ᠬᠡᠷᠡᠭᠲᠡᠶ᠃  ᠠᠷᠪᠠᠨ ᠲᠠᠪᠤᠳᠤᠭᠠᠷ ᠵᠦᠢᠯ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠳᠤ ᠣᠷᠣᠯᠴᠠᠭᠰᠠᠨ ᠬᠥᠮᠦᠰ ᠤᠨ ᠡᠮᠨᠡᠭᠦᠯᠦᠭᠰᠡᠨ ᠮᠡᠳᠡᠭᠡ  ᠵᠠᠩᠭᠢ ᠵᠢᠴᠢ ᠬᠠᠮᠢᠶ᠎ᠠ ᠪᠦᠬᠦᠢ ᠵᠠᠷᠤᠳᠠᠯ ᠢ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ ᠧᠮ ᠳᠤ ᠲᠣᠭᠲᠠᠭᠠᠯ ᠶᠣᠰᠣᠭᠠᠷ ᠴᠠᠭ ᠲᠤᠬᠠᠶ ᠳᠤᠨᠢ ᠬᠦᠷᠭᠡᠵᠦ᠂ ᠰᠠᠷ᠎ᠠ ᠰᠠᠷ᠎ᠠ ᠪᠠᠷ ᠮᠡᠳᠡᠭᠦᠯᠬᠦ ᠶᠢᠨ ᠬᠠᠮᠲᠤ ᠳᠠᠩᠰᠠ ᠬᠠᠷᠭᠤᠭᠤᠯᠵᠤ ᠳ᠋᠊ ᠥᠩᠨᠡᠨ ᠪᠣᠳᠣᠬᠤ ᠬᠡᠷᠡᠭᠲᠡᠶ᠃  ᠠᠷᠪᠠᠨ ᠵᠢᠷᠭᠤᠳᠤᠭᠠᠷ ᠵᠦᠢᠯ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠢ ᠣᠨᠳᠣᠣ ᠭᠠᠵᠠᠷ ᠲᠤ ᠡᠮᠨᠡᠭᠦᠯᠦᠭᠰᠡᠨ ᠬᠥᠮᠦᠰ ᠲᠤ ᠳᠠᠩᠰᠠᠯᠠᠭᠤᠯᠤᠭᠰᠠᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠤ ᠵᠠᠷᠤᠳᠠᠯ ᠭᠠᠷᠴᠤ᠂ ᠡᠮᠨᠡᠯᠭᠡ ᠶᠢᠨ ᠳᠠᠭᠠᠳᠬᠠᠯ ᠤᠨ ᠡᠯᠧᠺᠲ ᠷᠣᠨ ᠭᠡᠷᠡᠴᠢ ᠪᠠᠷᠢᠮᠲᠠ ᠪᠠ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠬᠦᠴᠦᠨ ᠲᠠᠢ ᠭᠡᠷᠡᠴᠢ ᠪᠠᠷᠢᠮᠲᠠ ᠶᠢ ᠬᠡᠷᠡᠭᠯᠡᠨ ᠣᠨᠳᠣᠣ ᠭᠠᠵᠠᠷ ᠤᠨ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠰᠢᠭᠤᠳ ᠳ᠋᠊ ᠥᠩᠨᠡᠨ ᠪᠣᠳᠣᠬᠤ ᠬᠡᠷᠡᠭᠲᠡᠶ︔ ᠰᠢᠭᠤᠳ ᠳ᠋ᠦᠩᠨᠡᠨ ᠪᠤᠳᠤᠬᠤ ᠶᠢᠨ ᠠᠷᠭ᠎ᠠ ᠥᠬᠡᠶ ᠪᠣᠯ᠂ ᠤᠷᠢᠳᠠᠪᠠᠷ ᠬᠤᠪᠢ ᠬᠥᠮᠦᠨ ᠤ ᠪᠡᠯᠡᠨ ᠵᠣᠭᠤᠰ ᠢᠶᠠᠷ ᠣᠷᠣᠯᠠᠨ ᠳᠥᠯᠥᠵᠦ᠂ ᠰᠡᠭᠦᠯᠴᠢ ᠶᠢᠨ ᠬᠤᠭᠤᠴᠠᠭᠠᠨ ᠳᠤ ᠬᠠᠮᠢᠶ᠎ᠠ ᠪᠥᠬᠦᠶ ᠫᠢᠶᠣᠣ ᠪᠠᠷᠢᠮᠲᠠ ᠵᠢᠴᠢ ᠵᠠᠷᠤᠳᠠᠯ ᠤᠨ ᠨᠠᠷᠢᠨ ᠵᠦᠶ᠋ᠯᠡᠰ ᠢ ᠠᠪᠴᠤ ᠭᠠᠷ ᠢᠶᠠᠷ ᠲᠠᠩᠰᠠ ᠲᠠᠶᠢᠯᠬᠤ ᠶᠢ ᠭᠦᠶ᠋ᠴᠡᠳᠬᠡᠨ᠎ᠡ᠃   ᠲᠠᠪᠤᠳᠤᠭᠠᠷ ᠪᠦᠯᠦᠭ ᠦᠢᠯᠡᠴᠢᠯᠡᠭᠡᠨ ᠤ ᠬᠠᠮᠢᠶᠠᠷᠤᠯᠲᠠ ︵br /︶᠃ ᠠᠷᠪᠠᠨ ᠳᠣᠯᠣᠳᠤᠭᠠᠷ ᠵᠦᠢᠯ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠦᠢᠯᠡᠴᠢᠯᠡᠭᠡᠨ ᠤ ᠵᠥᠪᠳᠡᠯᠴᠡᠬᠡᠷ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠬᠥᠮᠦᠰ ᠲᠤ ᠦᠨᠡᠨᠬᠦ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠬᠡᠷᠡᠭᠲᠡᠶ᠃  ᠠᠷᠪᠠᠨ ᠨᠠᠶ᠋ᠮᠠᠳᠤᠭᠠᠷ ᠵᠦᠶ᠋ᠯ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠲᠣᠭᠲᠠᠭᠠᠭᠰᠠᠨ ᠴᠢᠭ᠋ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠳᠠᠭᠠᠳᠬᠠᠯ ᠳᠤ ᠣᠷᠣᠯᠴᠠᠭᠰᠠᠳ ᠲᠤ ᠡᠮ ᠤᠨ ᠡᠬᠡ ᠳᠠᠩᠰᠠ ᠶᠢ ᠪᠠᠶᠢᠭᠤᠯᠵᠤ ᠥᠭᠬᠦ ᠬᠡᠷᠡᠭᠲᠡᠶ᠂ ᠡᠭᠦᠨ ᠳᠤ ᠲᠥᠷᠥᠯ ᠵᠦᠶ᠋ᠯ ᠤᠨ ᠨᠡᠷᠡᠶᠢᠳᠦᠯ᠂ ᠬᠡᠪ ᠪᠠᠷᠢᠮᠵᠢᠶ᠎ᠠ᠂ ᠡᠮ ᠤᠨ ᠬᠡᠮᠵᠢᠶ᠎ᠡ᠂ ᠦᠨ᠎ᠡ ᠬᠠᠩᠰᠢ ᠵᠡᠷᠭᠡ ᠮᠡᠳᠡᠭᠡ ᠵᠠᠩᠭᠢ ᠪᠠᠭᠲᠠᠵᠤ᠂ ᠡᠮ ᠬᠤᠳᠠᠯᠳᠤᠨ ᠠᠪᠤᠭᠰᠠᠨ ᠤ ᠳᠠᠷᠠᠭ᠎ᠠ ᠲᠤᠰ ᠬᠥᠮᠦᠨ ᠪᠤᠶᠤ ᠭᠡᠷ ᠪᠦᠯᠢ ᠶᠢᠨ ᠬᠢᠨ ᠢᠶᠠᠷ ᠭᠠᠷ ᠤᠨ ᠦᠰᠦᠭ ᠵᠢᠷᠤᠭᠤᠯᠵᠤ ᠨᠤᠲᠠᠯᠠᠭᠤᠯᠬᠤ ᠬᠡᠷᠡᠭᠲᠡᠶ᠂ ᠡᠬᠡ ᠳᠠᠩᠰᠠ ᠶᠢ ᠥᠨᠢ ᠡᠭᠦᠷᠢᠳᠡ ᠬᠠᠳᠠᠭᠠᠯᠠᠬᠤ ᠬᠡᠷᠡᠭᠲᠡᠶ᠃ ᠡᠯᠧᠺᠲᠷᠣᠨ ᠡᠬᠡ ᠲᠠᠩᠰᠠ ᠪᠠᠶᠢᠭᠤᠯᠬᠤ ᠶᠢᠨ ᠠᠷᠭ᠎ᠠ ᠥᠬᠡᠶ ᠪᠠᠶᠢᠪᠠᠯ᠂ ᠴᠠᠭᠠᠰᠤᠨ ᠡᠬᠡ ᠲᠠᠩᠰᠠ ᠪᠠᠶᠢᠭᠤᠯᠬᠤ ᠬᠡᠷᠡᠭᠲᠡᠶ᠃  ᠠᠷᠪᠠ ᠶᠢᠰᠦᠳᠦᠭᠡᠷ ᠵᠦᠢᠯ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠤ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠄  ︵ᠨᠢᠭᠡ︶ ᠡᠮᠨᠡᠯᠭᠡ ᠶᠢᠨ ᠠᠵᠢᠯᠲᠠᠳ ᠢ ᠬᠢᠨᠠᠮᠠᠭᠠᠶ ᠵᠣᠬᠢᠶᠠᠨ ᠪᠠᠶᠢᠭᠤᠯᠤᠨ ᠡᠭᠦᠳᠡᠨ ᠡᠮᠨᠡᠯᠭᠡ ᠶᠢᠨ ᠣᠨᠴᠣᠭᠤᠶ ᠤᠵᠢᠭ ᠡᠪᠡᠳᠴᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠷᠤᠯᠴᠠᠭᠤᠯᠵᠤ᠂ ᠬᠠᠷᠢᠭᠤᠴᠠᠯᠭᠠᠲᠤ ᠶᠡᠭᠡ ᠡᠮᠴᠢ ᠶᠢ ᠬᠢᠨᠠᠨ ᠬᠠᠷᠭᠤᠭᠤᠯᠬᠤ ᠳᠠᠭᠠᠨ ᠡᠭᠦᠳᠡᠨ ᠡᠮᠨᠡᠯᠭᠡ ᠶᠢᠨ ᠣᠨᠴᠣᠭᠤᠶ ᠤᠵᠢᠭ ᠡᠪᠡᠳᠴᠢᠨ ᠤ ᠬᠡᠪᠴᠢᠶ᠎ᠡ᠂ ᠪᠠᠷᠢᠮᠵᠢᠶ᠎ᠠ ᠵᠢᠴᠢ ᠭᠦᠶ᠋ᠴᠡᠳᠬᠡᠬᠦ ᠳᠡᠰ ᠳᠠᠷᠠᠭᠠᠯᠠᠯ ᠢ ᠡᠵᠡᠮᠰᠢᠬᠦ ᠬᠡᠷᠡᠭᠲᠡᠶ᠃  ︵ᠬᠤᠶᠠᠷ︶ ᠬᠢᠨᠠᠬᠤ ᠬᠠᠷᠢᠭᠤᠴᠠᠯᠭᠠᠲᠤ ᠡᠮᠴᠢ ᠮᠡᠳᠡᠭᠦᠯᠦᠭᠰᠡᠨ ᠮᠠᠲ ᠧᠷᠢᠶᠠᠯ ᠤᠨ ᠦᠨᠡᠨ ᠪᠣᠳᠠᠲᠤ ᠴᠢᠨᠠᠷ ᠢ  ᠬᠢᠨᠠᠮᠠᠭᠠᠶ ᠬᠢᠨᠠᠨ ᠬᠠᠷᠭᠤᠭᠤᠯᠵᠤ᠂ ᠡᠮ ᠤᠨ ᠵᠦᠢᠯ ᠤᠨ ᠲᠣᠳᠣᠷᠬᠠᠶᠢᠯᠠᠯᠲᠠ ᠶᠢᠨ ᠪᠢᠴᠢᠭ ᠪᠣᠯᠤᠨ ᠤᠯᠤᠰ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠣᠯᠤᠨ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ᠬᠢᠵᠠᠭᠠᠷᠯᠠᠨ ᠲᠣᠭᠲᠠᠭᠠᠭᠰᠠᠨ ᠬᠡᠷᠡᠭᠯᠡᠬᠦ ᠨᠥᠬᠦᠴᠡᠯ ᠤᠨ ᠶᠣᠰᠣᠭᠠᠷ ᠡᠮ ᠬᠡᠷᠡᠭᠯᠡᠬᠦ ᠲᠥᠰᠦᠯ ᠢᠶᠠᠨ ᠲᠣᠭᠲᠠᠭᠠᠬᠤ ᠶᠢᠨ ᠬᠠᠮᠲᠤ ᠬᠢᠨᠠᠭᠰᠠᠨ ᠦᠷ᠎ᠡ ᠳ᠋᠊ ᠦᠩ ᠪᠣᠯᠤᠨ ᠡᠮ ᠬᠡᠷᠡᠭᠯᠡᠬᠦ ᠲᠥᠰᠦᠯ ᠤᠨ ᠪᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃  ︵ᠭᠤᠷᠪᠠ︶ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠬᠤᠪᠢ ᠬᠥᠮᠦᠨ ᠤ ᠳᠠᠩᠰᠠ ᠡᠪᠬᠡᠮᠡᠯ ᠢ ᠪᠠᠶᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠭᠦᠳᠡᠨ ᠡᠮᠨᠡᠯᠭᠡ ᠶᠢᠨ ᠣᠨᠴᠣᠭᠤᠶ ᠠᠷᠬᠠᠭ ᠡᠪᠡᠳᠴᠢᠨ ᠤ ᠣᠯᠭᠤᠮᠵᠢ ᠪᠠᠷ ᠦᠨᠡᠮᠰᠢᠭᠦᠯᠬᠦ ᠭᠤᠶᠤᠴᠢᠯᠠᠯ ᠤᠨ ᠬᠦᠰᠦᠨᠦᠭᠲᠦ︾᠂ ᠪᠦᠷᠢᠨ ᠪᠦᠲᠦᠨ ᠡᠪᠡᠳᠴᠢᠨ ᠤ ᠲᠡᠦᠬᠡ᠂ ᠣᠨᠣᠰᠢᠯᠠᠭᠰᠠᠨ ᠪᠢᠴᠢᠭ ᠵᠢᠴᠢ ᠪᠡᠶ᠎ᠡ ᠶᠢᠨ ᠦᠨᠡᠮᠯᠡᠯ ᠤᠨ ᠬᠠᠭᠤᠯᠪᠤᠷᠢ ᠵᠡᠷᠭᠡ ᠮᠠᠲ᠋ᠧᠷᠢᠶᠠᠯ ᠢ ᠥᠨᠢ ᠡᠭᠦᠷᠢᠳᠡ ᠦᠯᠡᠳᠡᠭᠡᠨ ᠳᠠᠩᠰᠠ ᠡᠪᠬᠡᠮᠡᠯ ᠳᠤ ᠣᠷᠣᠭᠤᠯᠵᠤ᠂ ᠬᠢᠨᠠᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃  ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ  ᠬᠤᠷᠢᠳᠤᠭᠠᠷ ᠵᠦᠶ᠋ᠯ ᠲᠣᠰ ᠠᠷᠭ᠎ᠠ ᠶᠢ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠣᠰ ᠠᠷᠭ᠎ᠠ ᠲᠠᠢ ᠨᠡᠶᠢᠴᠡᠬᠦ ᠥᠬᠡᠶ ᠪᠦᠬᠦᠨ ᠳᠤ ᠲᠣᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠰᠢᠨ᠎ᠡ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃ 2022 ᠣᠨ ᠤ 8 ᠳ᠋ᠤᠭᠠᠷ ᠰᠠᠷ᠎ᠠ ᠶᠢᠨ 30 ᠤ ᠡᠳᠦᠷ ᠳᠠᠷᠤᠮᠠᠯᠯᠠᠨ ᠶᠠᠪᠤᠭᠤᠯᠤᠭᠰᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠣᠭᠤᠶ ᠤᠵᠢᠭ ᠡᠪᠡᠳᠴᠢᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ 202223 ᠳ᠋ᠤᠭᠠᠷ ᠲᠣᠭᠠᠲᠤ︶ ᠢ ᠬᠦᠴᠦᠨ ᠥᠬᠡᠶ  ᠪᠣᠯᠭᠠᠨ᠎ᠠ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号