ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠤᠪᠢᠶᠠᠷᠢ ᠰᠢᠰᠲ᠋ᠧᠮ ᠤᠨ ᠰᠠᠭᠤᠷᠢ ᠲᠤᠭ᠎ᠠ ᠪᠠᠷᠢᠮᠲᠠ ᠶᠢ ᠰᠢᠯᠵᠢᠭᠦᠯᠬᠦ ᠲᠤᠬᠠᠶ ᠨᠥᠬᠦᠪᠥᠷᠢ ᠮᠡᠳᠡᠭᠳᠡᠯ
ᠨᠡᠶᠢᠲᠡᠯᠡᠭᠰᠡᠨ ᠴᠠᠭ᠄
2022/9/2
        ᠥᠪᠥᠷ ᠡᠮ ᠬᠤᠳᠠᠯᠳᠤᠨ ᠠᠪᠬᠤ ᠲᠥᠪ ᠦᠰᠦᠭ ﹇2022﹈ 187 ᠳ᠋ᠤᠭᠠᠷ ᠲᠣᠭᠠᠲᠤᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠳᠤ᠄    ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠤᠪᠢᠶᠠᠷᠢ ᠰᠢᠰᠲ᠋ᠧᠮ ᠨᠢ ᠲᠤᠭ᠎ᠠ ᠪᠠᠷᠢᠮᠲᠠ ᠶᠢ ᠰᠢᠯᠵᠢᠭᠦᠯᠬᠦ ᠶᠠᠪᠤᠴᠠ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠤᠨ ᠲᠥᠷᠥᠯ ᠠᠩᠭᠢᠯᠠᠯ ᠪᠣᠯᠤᠨ ᠺᠣᠳ᠋ ᠤᠨ ᠬᠠᠷᠠᠭᠠᠯᠵᠠᠯ ᠨᠢ ᠨᠢᠭᠡᠳᠦᠯ ᠥᠬᠡᠶ ᠠᠴᠠ ᠪᠣᠯᠵᠣ᠂ ᠬᠡᠰᠡᠭ ᠡᠮ ᠤᠨ ᠵᠦᠢᠯ ᠢ ᠰᠦᠯᠵᠢᠶᠡᠨ ᠳᠤ ᠬᠡᠪ ᠤᠨ ᠶᠣᠰᠣᠭᠠᠷ ᠠᠷᠠᠯᠵᠢᠶᠠᠯᠠᠬᠤ ᠶᠢᠨ ᠠᠷᠭ᠎ᠠ ᠥᠬᠡᠶ ᠪᠣᠯᠤᠭᠰᠠᠨ ᠪᠠᠶᠢᠳᠠᠯ ᠣᠷᠣᠰᠢᠵᠤ ᠪᠠᠶᠢᠨ᠎ᠠ᠂ ᠡᠳᠦᠭᠡ ᠬᠠᠮᠢᠶ᠎ᠠ ᠪᠥᠬᠦᠶ ᠵᠦᠢᠯ ᠢ ᠳᠤᠤᠷᠠᠬᠢ ᠮᠡᠲᠦ ᠮᠡᠳᠡᠭᠳᠡᠪᠡ᠄    ᠨᠢᠭᠡ᠂ ᠡᠮ ᠤᠨ ᠵᠦᠢᠯ ᠤᠨ ᠬᠡᠪᠴᠢᠶ᠎ᠡ    ︵ᠨᠢᠭᠡ︶ ᠤᠤᠯ ᠤᠨ ᠰᠢᠰᠲ᠋ᠧᠮ ᠳᠠᠬᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠤᠨ ᠲᠥᠷᠦᠯ ᠠᠩᠭᠢᠯᠠᠯ ᠪᠣᠯᠤᠨ ᠺᠣᠳ᠋ ᠨᠢ ᠳᠠᠪᠬᠤᠴᠠᠭᠰᠠᠨ᠂ ᠡᠮ ᠤᠨ ᠵᠦᠢᠯ ᠤᠨ ᠰᠣᠯᠢᠭᠳᠠᠬᠤ ᠢᠯᠡᠳᠬᠡᠮᠵᠢ ᠵᠢᠴᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠤᠨ ᠲᠥᠷᠦᠯ ᠠᠩᠭᠢᠯᠠᠯ ᠪᠠ ᠺᠣᠳ᠋ ᠲᠠᠬᠢ ᠨᠢ ᠨᠢᠭᠡᠳᠦᠯ ᠥᠬᠡᠶ ᠡᠮ ᠤᠨ ᠵᠦᠢᠯ ︵ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ ᠦᠵᠡᠭᠡᠷᠡᠢ︶᠃    ︵ᠬᠤᠶᠠᠷ︶ ᠤᠤᠯ ᠤᠨ ᠰᠢᠰᠲ᠋ᠧᠮ ᠲᠠᠬᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠤᠨ ᠲᠥᠷᠦᠯ ᠠᠩᠭᠢᠯᠠᠯ ᠪᠠ ᠺᠣᠳ᠋ ᠤᠨ ᠬᠠᠷᠠᠭᠠᠯᠵᠠᠯ ᠨᠢ ᠪᠤᠷᠤᠭᠤᠲᠠᠭᠰᠠᠨ ᠡᠮ ᠤᠨ ᠵᠦᠢᠯ᠃    ︵ᠭᠤᠷᠪᠠ︶ ᠰᠢᠨ᠎ᠡ ᠰᠢᠰᠲ᠋ᠧᠮ ᠤᠨ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠤᠨ ᠲᠥᠷᠥᠯ ᠠᠩᠭᠢᠯᠠᠯ ᠪᠣᠯᠤᠨ ᠺᠣᠳ᠋ ᠨᠢ ᠬᠤᠪᠢᠷᠠᠵᠤ᠂ ᠺᠣᠳ᠋ ᠰᠣᠯᠢᠵᠤ ᠰᠦᠯᠵᠢᠶᠡᠨ ᠳᠤ ᠡᠯᠭᠦᠬᠦ ᠴᠢᠬᠤᠯᠠᠲᠠᠶ ᠡᠮ ᠤᠨ ᠵᠦᠢᠯ᠃    ᠬᠤᠶᠠᠷ᠂ ᠲᠤᠰᠢᠶᠠᠬᠤ ᠮᠠᠲ᠋ᠧᠷᠢᠶᠠᠯ    ᠠᠵᠤ ᠠᠬᠤᠶᠢᠯᠠᠯ ᠭᠤᠮᠤᠳᠠᠯ ︵ᠵᠠᠭᠠᠯᠳᠤᠬᠤ︶ ᠲᠣᠭᠠᠴᠢᠬᠤ ᠮᠠᠲ᠋ᠧᠷᠢᠶᠠᠯ ᠢᠶᠠᠨ ᠲᠤᠰᠢᠶᠠᠬᠤ ᠴᠢᠬᠤᠯᠠᠲᠠᠶ᠃ ᠡᠭᠦᠨ ᠳᠤ ᠪᠣᠳᠠᠲᠠᠶ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 2︶ ᠂ ︽ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠡᠷᠬᠡ ᠣᠯᠭᠤᠭᠰᠠᠨ ᠪᠢᠴᠢᠭ︾ ︵ᠳᠠᠭᠠᠯᠳᠤᠭᠤᠯᠤᠯ 3︶᠂ ︽ᠪᠠᠶᠢᠳᠠᠯ ᠤᠨ ᠲᠣᠳᠣᠷᠬᠠᠶᠢᠯᠠᠯᠲᠠ︾ ᠪᠠ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢᠯᠡᠬᠦ ᠮᠠᠲ᠋ᠧᠷᠢᠶᠠᠯ ᠢ ᠪᠠᠭᠲᠠᠭᠠᠨ᠎ᠠ᠃     ᠭᠤᠷᠪᠠ᠂ ᠲᠤᠰᠢᠶᠠᠬᠤ ᠠᠷᠭ᠎ᠠ ᠮᠠᠶ᠋ᠢᠭ    ︵ᠨᠢᠭᠡ︶ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠤᠪᠢᠶᠠᠷᠢ ᠰᠢᠰᠲ᠋ᠧᠮ ᠤᠨ CA ᠲᠣᠭᠠᠵᠢᠭᠤᠯᠤᠭᠰᠠᠨ ᠦᠨᠡᠮᠯᠡᠯ ᠢ ᠥᠯᠥ ᠭᠦᠢᠴᠡᠳᠭᠡᠭᠰᠡᠨ ᠡᠯ᠎ᠡ ᠠᠵᠤ ᠠᠬᠤᠶᠢᠯᠠᠯ ᠰᠦᠯᠵᠢᠶᠡᠨ ᠠᠴᠠ ᠭᠠᠳᠠᠭᠤᠷ ᠭᠦᠢᠴᠡᠳᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠣᠯᠤᠨ᠎ᠠ᠃    ︵ᠬᠤᠶᠠᠷ︶ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠤᠪᠢᠶᠠᠷᠢ ᠰᠢᠰᠲ᠋ᠧᠮ ᠤᠨ CA ᠲᠣᠭᠠᠵᠢᠭᠤᠯᠤᠭᠰᠠᠨ ᠦᠨᠡᠮᠯᠡᠯ ᠢ ᠨᠢᠭᠡᠨᠲᠡ ᠣᠯᠤᠭᠰᠠᠨ ᠠᠵᠤ ᠠᠬᠤᠶᠢᠯᠠᠯ ᠰᠦᠯᠵᠢᠶᠡᠨ ᠳᠠᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠤᠨ ᠲᠤᠰᠬᠠᠶ ᠲᠤᠬᠠᠶᠢᠯᠠᠭᠰᠠᠨ ᠠᠵᠢᠯ ᠤᠨ ᠬᠡᠰᠡᠭ ᠲᠤ PDF ᠬᠡᠯᠪᠡᠷᠢ ᠪᠠᠷ ᠭᠤᠮᠤᠳᠠᠯ ︵ᠵᠠᠭᠠᠯᠳᠤᠭᠰᠠᠨ︶ ᠲᠣᠭᠠᠴᠢᠭᠰᠠᠨ ᠮᠠᠲ᠋ᠧᠷᠢᠶᠠᠯ ᠢᠶᠠᠨ ᠳᠠᠮᠵᠢᠭᠤᠯᠵᠤ᠂ ᠣᠯᠠᠨ ᠵᠦᠢᠯ ᠤᠨ ᠠᠭᠤᠯᠭ᠎ᠠ ᠶᠢ ᠨᠢᠭᠡ PDF ᠮᠠᠲ᠋ᠧᠷᠢᠶᠠᠯ ᠪᠣᠯᠭᠠᠬᠤ ᠬᠡᠷᠡᠭᠲᠡᠢ᠃    ᠲᠦᠷᠪᠡ᠂ ᠬᠠᠷᠢᠯᠴᠠᠬᠤ ᠬᠡᠯᠪᠡᠷᠢ    ᠮᠡᠷᠭᠡᠵᠢᠯ ᠤᠨ ᠳᠡᠮᠵᠢᠯᠭᠡ ᠦᠵᠡᠭᠦᠯᠬᠦ ᠤᠲᠠᠰᠤ᠄ 0471 - 4967106    ᠲᠤᠬᠠᠶᠢᠯᠠᠭᠰᠠᠨ ᠠᠵᠢᠯ ᠤᠨ ᠵᠦᠪᠯᠡᠯᠭᠡ ᠥᠭᠬᠦ ᠤᠲᠠᠰᠤ᠄ 0471 - 4930630      ᠳᠠᠭᠠᠯᠳᠤᠭᠤᠯᠤᠯ᠄    1 . ᠤᠤᠯ ᠤᠨ ᠰᠢᠰᠲ᠋ᠧᠮ ᠤᠨ ᠤᠯᠤᠰ ᠤᠨ ᠺᠣᠳ᠋ ᠨᠢ ᠳᠠᠪᠬᠤᠴᠠᠭᠰᠠᠨ ᠪᠤᠶᠤ ᠰᠣᠯᠢᠭᠳᠠᠬᠤ ᠢᠯᠡᠳᠬᠡᠮᠵᠢ ᠪᠠ ᠤᠯᠤᠰ ᠤᠨ ᠺᠣᠳ᠋ ᠨᠢ ᠨᠢᠭᠡᠳᠦᠯ ᠥᠬᠡᠶ ᠡᠮ ᠤᠨ ᠵᠦᠢᠯ ᠤᠨ ᠬᠦᠰᠦᠨᠦᠭᠲᠦ    2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ    3 . ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠡᠷᠬᠡ ᠣᠯᠭᠤᠭᠰᠠᠨ ᠪᠢᠴᠢᠭ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ          2022 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ     ᠳᠠᠭᠠᠯᠳᠤᠭᠤᠯᠤᠯ᠄   1 . ᠬᠠᠭᠤᠴᠢᠨ ᠰᠢᠰᠲ᠋ᠧᠮ ᠤᠨ ᠤᠯᠤᠰ ᠤᠨ ᠺᠣᠳ᠋ ᠨᠢ ᠳᠠᠪᠬᠤᠴᠠᠭᠰᠠᠨ ᠪᠤᠶᠤ ᠰᠣᠯᠢᠭᠳᠠᠬᠤ ᠢᠯᠡᠳᠬᠡᠮᠵᠢ ᠪᠠ ᠤᠯᠤᠰ ᠤᠨ ᠺᠣᠳ᠋ ᠨᠢ ᠨᠢᠭᠡᠳᠦᠯ ᠥᠬᠡᠶ ᠡᠮ ᠤᠨ ᠵᠦᠢᠯ ᠤᠨ ᠬᠦᠰᠦᠨᠦᠭᠲᠦ . xlsx    2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ .docx   3. ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠡᠷᠬᠡ ᠣᠯᠭᠤᠭᠰᠠᠨ ᠪᠢᠴᠢᠭ .docx

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号