ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2022﹈ 27 ᠳ᠋ᠤᠭᠠᠷ ᠲᠣᠭᠠᠲᠤ | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠴᠢᠨᠠᠷ ᠰᠠᠶᠢᠲᠠᠶ᠂ ᠦᠷ᠎ᠡ | ᠪᠦᠲᠦᠮᠵᠢᠲᠡᠶ᠂ ᠳᠠᠭᠠᠭᠠᠵᠤ ᠳᠡᠶᠢᠯᠬᠦᠶᠢᠴᠡ ᠳᠤᠲᠠᠭᠰᠠᠨ ᠰᠢᠳᠦ ᠶᠢ ᠨᠥᠬᠦᠬᠦ ᠦᠢᠯᠡᠴᠢᠯᠡᠭᠡ ᠶᠢ ᠭᠦᠷᠲᠡᠭᠡᠬᠦ ᠶᠢ | ᠪᠠᠲᠤᠯᠠᠨ᠂ ᠠᠷᠠᠳ ᠣᠯᠠᠨ ᠳᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠵᠤ᠂ ᠠᠮᠠᠨ | ᠬᠥᠨᠳᠡᠶ ᠳᠤ ᠲᠠᠷᠢᠬᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ | ᠲᠥᠯᠦᠭᠡ᠂ ᠶᠢᠰᠦᠨ ᠶᠠᠮᠤᠨ ᠵᠥᠪᠯᠡᠯ ᠠᠴᠠ ᠬᠤᠯᠪᠣᠭᠠᠯᠠᠵᠤ ᠳᠠᠷᠤᠮᠠᠯᠠᠯᠠᠨ ᠲᠠᠷᠬᠠᠭᠠᠭᠰᠠᠨ ︽2022 ᠣᠨ ᠤ ᠡᠮ | ᠡᠮᠨᠡᠯᠭᠡ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ ᠪᠠ ᠡᠮᠴᠢᠯᠡᠭᠡᠨ ᠤ ᠦᠢᠯᠡᠴᠢᠯᠡᠭᠡ ᠳᠠᠬᠢ ᠲᠥᠪ | ᠪᠤᠰᠤ ᠰᠤᠷᠲᠠᠯ ᠢ ᠵᠠᠯᠠᠷᠠᠭᠤᠯᠬᠤ ᠠᠵᠢᠯ ᠤᠨ ᠭᠤᠤᠯᠳᠠᠯᠭ᠎ᠠ︾ ᠶᠢᠨ ᠱᠠᠭᠠᠷᠳᠠᠯᠭ᠎ᠠ ᠶᠣᠰᠣᠭᠠᠷ ᠠᠯᠪᠠᠨ ᠠᠴᠠ | ᠪᠠᠶᠢᠭᠤᠯᠤᠭᠰᠠᠨ ᠪᠠ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠬᠠᠮᠤᠷᠤᠭᠰᠠᠨ ᠠᠮᠠᠨ ᠬᠥᠨᠳᠡᠶ ᠳᠤ | ᠲᠠᠷᠢᠬᠤ ᠦᠨ᠎ᠡ ᠬᠠᠩᠰᠢ ᠶᠢᠨ ᠲᠤᠰᠬᠠᠶ ᠵᠠᠰᠠᠯᠲᠠ ᠶᠢᠨ ᠠᠵᠢᠯ ᠢ ᠥᠷᠨᠢᠭᠦᠯᠪᠡ᠃ ᠡᠳᠦᠭᠡ ᠬᠤᠯᠪᠣᠭᠳᠠᠯ ᠪᠦᠬᠦᠢ | ᠠᠵᠢᠯ ᠤᠨ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠪᠠ ᠬᠤᠷᠣᠭᠳᠠᠯ ᠮᠠᠲ᠋ᠧᠷᠢᠶᠠᠯ ᠤᠨ ᠵᠠᠷᠤᠳᠠᠯ | ᠬᠤᠷᠢᠶᠠᠬᠤ ᠠᠷᠭ᠎ᠠ ᠮᠠᠶ᠋ᠢᠭ ᠢ ᠵᠢᠷᠤᠮᠵᠢᠭᠤᠯᠤᠨ᠎ᠠ | ︵ᠨᠢᠭᠡ︶ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ︽ᠮᠡᠷᠭᠡᠵᠢᠯ ᠪᠠ ᠬᠤᠷᠣᠭᠳᠠᠯ | ᠮᠠᠲ᠋ᠧᠷᠢᠶᠠᠯ ᠤᠨ ᠦᠨ᠎ᠡ ᠶᠢ ᠰᠠᠯᠭᠠᠨ ᠪᠣᠳᠣᠬᠤ︾ ᠶᠢ ᠡᠮᠬᠢ ᠵᠢᠷᠤᠮ ᠲᠠᠢ ᠠᠬᠢᠭᠤᠯᠤᠨ᠎ᠠ᠃ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢ | ᠬᠠᠩᠭᠠᠵᠤ᠂ ᠭᠤᠤᠯᠳᠠᠭᠤ ︽ᠦᠢᠯᠡᠴᠢᠯᠡᠭᠡᠨ ᠤ ᠲᠥᠰᠦᠯ + ᠲᠤᠰᠬᠠᠶ ᠬᠡᠷᠡᠭᠯᠡᠬᠦ ᠬᠤᠷᠣᠭᠳᠠᠯ ᠮᠠᠲ᠋ᠧᠷᠢᠶᠠᠯ︾ ᠭᠡᠵᠦ | ᠰᠠᠯᠭᠠᠨ ᠦᠨ᠎ᠡ ᠬᠠᠩᠰᠢ ᠶᠢ ᠪᠣᠳᠤᠵᠤ ᠵᠠᠷᠤᠳᠠᠯ ᠬᠤᠷᠢᠶᠠᠬᠤ ᠠᠷᠭ᠎ᠠ ᠮᠠᠶ᠋ᠢᠭ ᠢ ᠬᠡᠷᠡᠭᠯᠡᠨ᠎ᠡ᠃ ᠲᠤᠬᠠᠶᠢᠯᠠᠪᠠᠯ᠂ | ᠲᠠᠷᠢᠬᠤ ᠰᠢᠳᠦ ᠶᠢ ᠲᠠᠷᠢᠵᠤ ᠣᠷᠣᠭᠤᠯᠬᠤ ᠵᠠᠷᠤᠳᠠᠯ ᠪᠠ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠤᠨ | ᠰᠢᠰᠲ᠋ᠧᠮ ᠤᠨ ᠦᠨ᠎ᠡ ᠶᠢ ᠰᠠᠯᠭᠠᠵᠤ ᠪᠣᠳᠣᠨ᠎ᠠ︔ ᠰᠢᠳᠦᠨ ᠤ ᠲᠢᠲᠢᠮ ᠢ ᠲᠠᠷᠢᠬᠤ ᠵᠠᠷᠤᠳᠠᠯ ᠪᠠ ᠰᠢᠳᠦᠨ ᠤ | ᠲᠢᠲᠢᠮ ᠤᠨ ᠦᠢᠯᠡᠳᠭᠦᠨ ᠤ ᠦᠨ᠎ᠡ ᠶᠢ ᠰᠠᠯᠭᠠᠵᠤ ᠪᠣᠳᠣᠨ᠎ᠠ︔ ᠶᠠᠰᠤ ᠲᠠᠷᠢᠬᠤ ᠮᠡᠰᠡ ᠵᠠᠰᠠᠯ ᠤᠨ ᠵᠠᠷᠤᠳᠠᠯ ᠪᠠ | ᠶᠠᠰᠤᠨ ᠲᠠᠯᠬ᠎ᠠ᠂ ᠶᠠᠰᠤᠨ ᠤ ᠪᠥᠷᠬᠦᠭᠦᠯ ᠤᠨ ᠦᠨ᠎ᠡ ᠶᠢ ᠰᠠᠯᠭᠠᠵᠤ ᠪᠣᠳᠣᠨ᠎ᠠ᠃ ᠣᠳᠣ ᠶᠢᠨ ᠬᠤᠷᠣᠭᠳᠠᠯ | ᠮᠠᠲ᠋ᠧᠷᠢᠶᠠᠯ ᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠲᠠᠢ ᠨᠡᠶᠢᠯᠡᠭᠦᠯᠵᠦ ᠵᠠᠷᠤᠳᠠᠯ | ᠬᠤᠷᠢᠶᠠᠬᠤ ᠪᠠᠶᠢᠳᠠᠯ ᠳᠤ᠂ ︽ᠮᠡᠷᠭᠡᠵᠢᠯ ᠪᠠ ᠬᠤᠷᠣᠭᠳᠠᠯ ᠮᠠᠲ᠋ᠧᠷᠢᠶᠠᠯ ᠢ ᠰᠠᠯᠭᠠᠬᠤ︾ ᠶᠢ ᠬᠡᠷᠡᠭᠵᠢᠭᠦᠯᠬᠦ ᠦᠶᠡᠰ | ᠬᠠᠮᠢᠶ᠎ᠠ ᠪᠥᠬᠦᠶ ᠬᠤᠷᠣᠭᠳᠠᠯ ᠮᠠᠲ᠋ᠧᠷᠢᠶᠠᠯ ᠤᠨ ᠰᠦᠯᠵᠢᠶᠡᠨ ᠳᠤ ᠬᠤᠳᠠᠯᠳᠤᠨ ᠠᠪᠤᠭᠰᠠᠨ ᠳᠤᠮᠳᠠᠴᠢ ᠦᠨ᠎ᠡ ᠶᠢ | ᠬᠠᠰᠤᠵᠤ ᠠᠪᠬᠤ ᠠᠷᠭ᠎ᠠ ᠮᠠᠶ᠋ᠢᠭ ᠢᠶᠠᠷ ᠲᠥᠰᠦᠯ ᠤᠨ ᠦᠨ᠎ᠡ ᠬᠠᠩᠰᠢ ᠶᠢ ᠵᠡᠷᠭᠡ ᠪᠠᠷ ᠪᠠᠭᠤᠷᠠᠭᠤᠯᠤᠨ᠎ᠠ᠃ | ︵ᠬᠤᠶᠠᠷ︶ ᠲᠠᠷᠢᠬᠤ ᠰᠢᠳᠦᠨ ᠤ ᠲᠢᠲᠢᠮ ᠤᠨ ᠦᠨ᠎ᠡ ᠬᠠᠩᠰᠢ ᠶᠢ ᠲᠡᠭᠦᠯᠳᠡᠷᠵᠢᠭᠦᠯᠬᠦ ᠲᠣᠭᠲᠠᠴᠠ ᠶᠢ | ᠪᠠᠶᠢᠭᠤᠯᠤᠨ᠎ᠠ᠃ ᠰᠧᠴᠤᠸᠠᠨ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠮᠤᠵᠢ ᠶᠢᠨ ᠳᠣᠲᠤᠷᠠᠬᠢ | ᠡᠮᠴᠢᠯᠡᠭᠡᠨ ᠤ ᠭᠤᠤᠯ ᠵᠦᠢᠯ ᠪᠣᠯᠬᠤ ᠴᠤᠯ ᠱᠠᠭᠠᠵᠠᠩ ᠰᠢᠳᠦᠨ ᠤ ᠲᠢᠲᠢᠮ ᠤᠨ ᠦᠨ᠎ᠡ ᠬᠠᠶᠠᠯᠴᠠᠨ | ᠦᠷᠢᠰᠦᠯᠳᠦᠬᠦ ᠶᠢ ᠵᠣᠬᠢᠶᠠᠨ ᠪᠠᠶᠢᠭᠤᠯᠵᠤ᠂ ᠥᠷᠢᠰᠥᠯᠳᠦᠭᠡᠨ ᠠᠴᠠ ᠪᠣᠶ ᠪᠣᠯᠤᠭᠰᠠᠨ ᠢᠯᠡ ᠳᠣᠲᠤᠷᠬᠠᠢ ᠦᠨ᠎ᠡ ᠶᠢ | ᠰᠦᠯᠵᠢᠶᠡᠨ ᠳᠤ ᠡᠯᠭᠦᠵᠦ᠂ ᠪᠤᠰᠤᠳ ᠮᠠᠲ᠋ᠧᠷᠢᠶᠠᠯ ᠢ ᠴᠤᠯ ᠱᠠᠭᠠᠵᠠᠩ ᠰᠢᠳᠦᠨ ᠤ ᠲᠢᠲᠢᠮ ᠤᠨ ᠦᠨ᠎ᠡ ᠪᠠᠷ | ᠯᠠᠪᠯᠠᠯᠲᠠ ᠪᠣᠯᠭᠠᠵᠤ ᠰᠦᠯᠵᠢᠶᠡᠨ ᠳᠤ ᠡᠯᠭᠦᠨ᠎ᠡ᠃ ᠤᠯᠤᠰ ᠤᠨ ᠡᠮᠴᠢᠯᠡᠭᠡᠨ ᠪᠠᠲᠤᠯᠠᠭ᠎ᠠ ᠶᠢᠨ ᠲᠣᠪᠴᠢᠶ᠎ᠠ ᠠᠴᠠ | ᠪᠤᠰᠤᠳ ᠮᠤᠵᠢ ᠶᠢ ᠵᠢᠯᠣᠭᠤᠳᠴᠤ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ ᠶᠢ ᠬᠡᠷᠡᠭᠵᠢᠭᠦᠯᠦᠨ᠎ᠡ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ ᠡᠵᠡᠨ ᠮᠡᠳᠡᠨ ᠰᠣᠩᠭᠤᠵᠤ᠂ ᠰᠦᠯᠵᠢᠶᠡᠨ ᠳᠤ ᠡᠯᠭᠦᠭᠰᠡᠨ ᠦᠨ᠎ᠡ ᠬᠠᠩᠰᠢ ᠲᠠᠢ ︽ᠵᠥᠷᠢᠶ᠎ᠡ ᠥᠬᠡᠶ︾ | ᠦᠨ᠎ᠡ ᠪᠠᠷ ᠬᠤᠳᠠᠯᠳᠤᠨ᠎ᠠ᠃ ᠭᠤᠷᠪᠠᠳᠠᠭᠴᠢ ᠡᠲᠡᠭᠡᠳ ᠤᠨ ᠦᠢᠯᠡᠳᠪᠦᠷᠢ ᠳᠤ ᠦᠢᠯᠡᠳᠪᠦᠷᠢᠯᠡᠭᠰᠡᠨ ᠰᠢᠳᠤᠨ ᠤ | ᠲᠢᠲᠢᠮ ᠤᠨ ᠦᠨ᠎ᠡ ᠬᠠᠩᠰᠢ ᠳᠤ ᠲᠠᠷᠢᠬᠤ ᠶᠠᠪᠤᠴᠠ ᠳᠤ ᠦᠢᠯᠡᠳᠪᠦᠷᠢ ᠳᠤ ᠪᠤᠴᠠᠭᠠᠵᠤ ᠲᠣᠬᠢᠷᠠᠭᠤᠯᠤᠨ | ᠵᠠᠰᠠᠭᠤᠯᠤᠭᠰᠠᠨ ᠵᠠᠷᠤᠳᠠᠯ ᠢ ᠪᠠᠭᠲᠠᠭᠠᠨ᠎ᠠ᠂ ᠡᠪᠡᠳᠴᠢᠲᠡᠨ ᠠᠴᠠ ᠢᠯᠡᠭᠦᠴᠡ ᠵᠠᠷᠤᠳᠠᠯ ᠬᠤᠷᠢᠶᠠᠵᠤ ᠪᠣᠯᠬᠤ ᠦᠭᠡᠢ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠲᠠᠷᠢᠬᠤ ᠰᠢᠳᠦᠨ ᠤ ᠲᠢᠲᠢᠮ ᠢ ᠥᠪᠡᠰᠦᠪᠡᠨ | ᠪᠣᠯᠪᠠᠰᠤᠷᠠᠭᠤᠯᠤᠨ ᠬᠢᠵᠦ ︽ᠦᠢᠯᠡᠳᠭᠦᠨᠴᠢᠯᠡᠭᠰᠡᠨ︾ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠵᠤ᠂ | ᠡᠮᠴᠢᠯᠡᠭᠡᠨ ᠤ ᠪᠠᠶᠢᠭᠤᠯᠤᠮᠵᠢ ᠠᠴᠠ ᠡᠳ᠋ ᠪᠠᠷᠠᠭᠠᠨ ᠤ ᠥᠪᠡᠷ ᠤᠨ ᠥᠷᠲᠡᠭ᠂ ᠪᠣᠯᠪᠠᠰᠤᠷᠠᠭᠤᠯᠬᠤ ᠦᠢᠯᠡᠴᠢᠯᠡᠭᠡ | ᠵᠡᠷᠭᠡ ᠪᠠᠷ ᠰᠠᠭᠤᠷᠢ ᠪᠣᠯᠭᠠᠨ᠂ ᠥᠪᠡᠷ ᠤᠨ ᠥᠷᠲᠡᠭ ᠢ ᠵᠣᠬᠢᠰᠲᠠᠶ ᠪᠤᠴᠠᠭᠠᠨ ᠬᠤᠷᠢᠶᠠᠬᠤ ᠨᠣᠷᠮ᠎ᠠ ᠪᠠᠷ ᠦᠨ᠎ᠡ | ᠬᠠᠩᠰᠢ ᠶᠢ ᠡᠵᠡᠨ ᠮᠡᠳᠡᠨ ᠳᠣᠭᠲᠠᠭᠠᠬᠤ ᠶᠢᠨ ᠬᠠᠮᠲᠤ ᠰᠦᠯᠵᠢᠶᠡᠨ ᠳᠤ ᠡᠯᠭᠦᠨ᠂ ᠦᠷᠢᠰᠦᠯᠳᠦᠭᠡᠨ ᠤ ᠦᠨ᠎ᠡ ᠪᠠᠷ | ᠰᠦᠯᠵᠢᠶᠡᠨ ᠳᠤ ᠡᠯᠭᠦᠭᠰᠡᠨ ᠰᠢᠳᠦᠨ ᠲᠢᠲᠢᠮ ᠯᠤᠭ᠎ᠠ ᠶᠢᠨ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠵᠦᠶ | ᠵᠣᠬᠢᠰᠲᠠᠶ ᠬᠡᠪᠴᠢᠶᠡᠨ ᠳᠤ ᠪᠠᠶᠢᠯᠭᠠᠵᠤ᠂ ᠰᠢᠳᠦᠨ ᠤ ᠳᠢᠲᠢᠮ ᠳᠤ ᠳᠠᠬᠢᠨ ᠬᠡᠪ ᠬᠢᠵᠦ ᠨᠠᠷᠢᠯᠢᠭ ᠵᠠᠰᠠᠬᠤ᠂ ᠰᠢᠷᠪᠢᠨ | ᠲᠥᠰᠦᠪᠯᠡᠬᠦ᠂ ᠬᠡᠪ ᠬᠢᠵᠦ ᠬᠡᠷᠴᠢᠨ ᠵᠣᠷᠭᠤᠬᠤ᠂ ᠰᠢᠲᠠᠭᠠᠨ ᠪᠠᠷᠢᠯᠳᠤᠭᠤᠯᠵᠤ ᠰᠢᠯ ᠪᠣᠳᠤᠭ ᠣᠷᠣᠭᠤᠯᠬᠤ᠂ ᠪᠤᠳᠤᠭ | ᠣᠷᠣᠭᠤᠯᠵᠤ ᠲᠣᠬᠢᠷᠠᠭᠤᠯᠤᠨ ᠵᠠᠰᠠᠬᠤ ᠵᠡᠷᠭᠡ ᠪᠣᠳᠠᠲᠠᠶ ᠠᠵᠢᠯᠯᠠᠭ᠎ᠠ ᠶᠢ ᠥᠪᠡᠷ ᠤᠨ ᠥᠷᠲᠡᠭ ᠤᠨ ᠡᠯᠧᠮᠧᠨ᠋ᠲ | ᠪᠣᠯᠭᠠᠵᠤ ᠰᠢᠳᠦᠨ ᠤ ᠲᠢᠲᠢᠮ ᠢ ᠲᠠᠷᠢᠬᠤ ᠦᠨ᠎ᠡ ᠬᠠᠩᠰᠢ ᠳᠤ ᠪᠤᠳᠤᠵᠤ ᠣᠷᠣᠭᠤᠯᠤᠨ᠂ ᠪᠣᠳᠠᠲᠠᠶ ᠠᠵᠢᠯᠯᠠᠬᠤ | ᠠᠯᠬᠤᠮ ᠳᠠᠷᠠᠭ᠎ᠠ ᠶᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠤᠨ ᠲᠣᠭᠠᠨ ᠳᠤ | ᠣᠷᠣᠭᠤᠯᠬᠤ ᠦᠭᠡᠢ ᠪᠠᠷ ᠪᠣᠳᠤᠵᠤ ᠡᠪᠡᠳᠴᠢᠲᠡᠨ ᠠᠴᠠ ᠳᠠᠬᠢᠨ ᠵᠠᠷᠤᠳᠠᠯ ᠬᠤᠷᠢᠶᠠᠵᠤ ᠪᠣᠯᠬᠤ ᠥᠬᠡᠶ᠃ | ︵ᠭᠤᠷᠪᠠ︶ ᠠᠮᠠᠨ ᠬᠥᠨᠳᠡᠶ ᠳᠤ ᠲᠠᠷᠢᠬᠤ ᠦᠨ᠎ᠡ ᠬᠠᠩᠰᠢ ᠶᠢᠨ ᠲᠥᠰᠦᠯ ᠢ ᠵᠢᠷᠤᠮᠵᠢᠭᠤᠯᠵᠤ ᠡᠮᠬᠢᠯᠡᠨ | ᠨᠡᠶᠢᠯᠡᠭᠦᠯᠦᠨ᠎ᠡ᠃ ︽ᠦᠢᠯᠡᠳᠪᠦᠷᠢᠯᠡᠬᠦ ᠪᠠᠷ ᠤᠳᠤᠷᠢᠳᠤᠮᠵᠢ ᠪᠣᠯᠭᠠᠬᠤ︾ ᠦᠨᠳᠦᠰᠦᠨ ᠵᠠᠷᠴᠢᠮ ᠶᠣᠰᠣᠭᠠᠷ ᠠᠮᠠᠨ | ᠬᠥᠨᠳᠡᠶ ᠳᠤ ᠲᠠᠷᠢᠬᠤ ᠳᠤ ᠬᠤᠯᠪᠣᠭᠳᠠᠬᠤ ᠡᠮᠴᠢᠯᠡᠭᠡ ᠶᠢᠨ ᠦᠢᠯᠡᠳᠭᠦᠨ ᠤ ᠦᠨ᠎ᠡ ᠬᠠᠩᠰᠢ ᠶᠢᠨ ᠲᠥᠰᠦᠯ ᠢ | ᠨᠢᠭᠡᠳᠬᠡᠨ᠎ᠡ᠃ ᠡᠭᠦᠨ ᠳᠤ᠂ ᠨᠢᠭᠡᠳᠦᠭᠡᠷ ᠬᠤᠭᠤᠴᠠᠭᠠᠨ ᠤ ᠲᠠᠷᠢᠵᠤ ᠣᠷᠣᠭᠤᠯᠬᠤ ᠮᠡᠰᠡ ᠵᠠᠰᠠᠯ ︵ᠲᠠᠷᠢᠮᠠᠯ ᠤᠨ | ᠪᠡᠶ᠎ᠡ ᠶᠢ ᠲᠠᠷᠢᠵᠤ ᠣᠷᠣᠭᠤᠯᠬᠤ︶ ᠪᠠ ᠬᠤᠶᠠᠳᠤᠭᠠᠷ ᠬᠤᠭᠤᠴᠠᠭᠠᠨ ᠤ ᠮᠡᠰᠡ ᠵᠠᠰᠠᠯ ︵ᠡᠳᠡᠭᠡᠷᠡᠬᠦ | ᠰᠠᠭᠤᠷᠢ ᠶᠢ ᠲᠠᠯᠪᠢᠬᠤ︶ ᠢ ᠲᠥᠯᠥᠪᠯᠡᠬᠦ᠂ ᠪᠡᠯᠡᠳᠬᠡᠬᠦ ᠪᠠ ᠬᠢᠬᠦ ᠵᠡᠷᠭᠡ ᠶᠢ ᠨᠡᠶᠢᠯᠡᠭᠦᠯᠦᠭᠡᠳ ᠲᠠᠷᠢᠬᠤ ᠰᠢᠳᠦ ᠶᠢ | ᠲᠠᠷᠢᠵᠤ ᠣᠷᠣᠭᠤᠯᠬᠤ ᠲᠥᠰᠦᠯ ᠪᠣᠯᠭᠠᠨ᠎ᠠ︔ ᠰᠢᠳᠦᠨ ᠤ ᠳᠢᠲᠢᠮ ᠢ ᠲᠠᠯᠪᠢᠬᠤ ᠦᠢᠯᠡᠴᠢᠯᠡᠭᠡ᠂ ᠡᠭᠦᠨ ᠳᠤ ᠬᠡᠪ | ᠠᠪᠬᠤ᠂ ᠡᠷᠡᠦ ᠶᠢᠨ ᠪᠠᠶᠢᠷᠢ ᠶᠢᠨ ᠪᠠᠶᠢᠳᠠᠯ ᠤᠨ ᠲᠡᠮᠳᠡᠭᠯᠡᠯ ᠪᠠ ᠰᠢᠯᠵᠢᠯᠲᠡ᠂ ᠰᠠᠭᠤᠷᠢ ᠪᠠ ᠰᠢᠳᠦᠨ ᠤ ᠳᠢᠲᠢᠮ ᠢ | ᠤᠭᠰᠠᠷᠠᠬᠤ᠂ ᠲᠣᠬᠢᠷᠠᠭᠤᠯᠤᠨ ᠲᠤᠷᠰᠢᠬᠤ ᠪᠠ ᠵᠠᠰᠠᠬᠤ ᠵᠡᠷᠭᠡ ᠶᠢ ᠨᠡᠶᠢᠯᠡᠭᠦᠯᠵᠦ ᠲᠠᠷᠢᠬᠤ ᠰᠢᠳᠦᠨ ᠤ ᠳᠢᠲᠢᠮ ᠤᠨ | ᠲᠥᠰᠦᠯ ᠳᠤ ᠣᠷᠣᠭᠤᠯᠤᠨ᠎ᠠ︔ ᠲᠠᠷᠢᠬᠤ ᠰᠢᠳᠦᠨ ᠳᠤ ᠶᠠᠰᠤ ᠰᠠᠭᠤᠯᠭᠠᠬᠤ ᠮᠡᠰᠡ ᠵᠠᠰᠠᠯ ᠬᠢᠬᠦ᠂ ᠵᠥᠭᠡᠯᠡᠨ | ᠨᠡᠬᠡᠳᠡᠰᠦ ᠶᠢ ᠰᠡᠷᠭᠦᠭᠡᠬᠦ᠂ ᠲᠠᠷᠢᠬᠤ ᠰᠢᠳᠦ ᠶᠢ ᠵᠠᠰᠠᠬᠤ ᠪᠠ ᠠᠪᠴᠤ ᠬᠠᠶᠠᠬᠤ ᠵᠡᠷᠭᠡ ᠲᠥᠬᠦᠷ ᠦᠢᠯᠡᠴᠢᠯᠡᠭᠡ ᠶᠢ | ᠬᠡᠷᠡᠭᠵᠢᠭᠦᠯᠵᠦ᠂ ᠪᠡᠶ᠎ᠡ ᠪᠠᠨ ᠳᠠᠭᠠᠭᠠᠭᠰᠠᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ | ᠲᠣᠬᠢᠷᠠᠭᠤᠯᠤᠨ᠎ᠠ᠃ ᠪᠥᠬᠦ ᠰᠢᠳᠦᠨ ᠤ ᠨᠣᠮᠣᠯᠵᠢᠨ ᠬᠡᠯᠪᠡᠷᠢ ᠶᠢ ᠵᠠᠰᠠᠨ ᠲᠠᠷᠢᠬᠤ᠂ ᠳᠡᠭᠡᠳᠦ ᠳᠣᠣᠷᠠᠲᠣ ᠡᠷᠡᠤ ᠳᠤ | ᠲᠠᠷᠢᠬᠤ ᠵᠡᠷᠭᠡ ᠨᠠᠷᠢᠨ ᠪᠤᠳᠤᠯᠢᠶᠠᠨᠲᠠᠶ ᠲᠠᠷᠢᠬᠤ ᠮᠡᠰᠡ ᠵᠠᠰᠠᠯ ᠳᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ | ᠬᠠᠩᠰᠢ ᠶᠢᠨ ᠲᠥᠰᠦᠯ ᠤᠨ ᠲᠠᠯ᠎ᠠ ᠪᠠᠷ ᠬᠢ ᠵᠥᠷᠢᠶ᠎ᠡ ᠶᠢ ᠢᠯᠡᠷᠡᠭᠦᠯᠵᠦ ᠪᠣᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ | ᠳᠤᠲᠠᠭᠰᠠᠨ ᠰᠢᠳᠦ ᠶᠢ ᠵᠠᠰᠠᠬᠤ ᠣᠨᠣᠪᠴᠢ ᠶᠢᠨ ᠬᠡᠮᠵᠢᠶ᠎ᠡ ᠶᠢ ᠦᠨᠡᠨ ᠬᠦ ᠪᠠᠲᠤᠯᠠᠵᠤ᠂ ᠠᠨᠠᠭᠠᠬᠤ ᠤᠬᠠᠭᠠᠨ ᠤ | ᠵᠢᠷᠤᠭ ᠳᠦᠷᠰᠦ ᠵᠡᠷᠭᠡ ᠡᠯ᠎ᠡ ᠲᠥᠷᠥᠯ ᠤᠨ ᠪᠠᠶᠢᠴᠠᠭᠠᠬᠤ ᠠᠷᠭ᠎ᠠ ᠪᠠᠷᠢᠯ ᠪᠠ ᠲᠣᠭᠠᠴᠢᠯᠠᠭᠰᠠᠨ ᠮᠡᠷᠭᠡᠵᠢᠯ᠂ ᠬᠢᠮᠡᠯ | ᠣᠶᠤᠨ ᠵᠡᠷᠭᠡ ᠶᠢ ᠠᠰᠢᠭᠯᠠᠨ ᠳᠠᠭᠤᠷᠢᠶᠠᠮᠠᠯ 3D ᠵᠠᠭᠪᠤᠷ ᠢ ᠪᠠᠶᠢᠭᠤᠯᠵᠤ᠂ ᠡᠪᠡᠳᠴᠢᠨ ᠤ ᠭᠤᠯᠤᠮᠲᠠ ᠶᠢᠨ ᠵᠠᠭᠪᠤᠷ | ᠪᠤᠶᠤ ᠮᠡᠰᠡ ᠵᠠᠰᠠᠯ ᠤᠨ ᠵᠠᠯᠠᠭᠤᠷ ᠬᠠᠪᠲᠠᠰᠤ ᠶᠢ ᠦᠢᠯᠡᠳᠦᠭᠰᠡᠨ ᠪᠣᠯ ᠦᠢᠯᠡᠴᠢᠯᠡᠭᠡ ᠪᠠ ᠦᠢᠯᠡᠳᠪᠦᠷᠢᠯᠡᠯ ᠶᠣᠰᠣᠭᠠᠷ | ᠵᠣᠬᠢᠬᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ ᠲᠣᠰ ᠲᠣᠰ ᠪᠠᠶᠢᠭᠤᠯᠤᠨ᠎ᠠ᠃ ᠠᠮᠠᠨ | ᠬᠥᠨᠳᠡᠶ ᠶᠢᠨ ᠪᠣᠳᠠᠲᠠᠢ ᠲᠠᠷᠢᠬᠤ ᠲᠥᠷᠥᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ | ᠲᠣᠭᠲᠠᠭᠠᠬᠤ ᠵᠦᠭᠯᠡᠭᠦᠷ ᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠠᠰ ᠲᠤ ᠨᠢ ᠨᠡᠶᠢᠲᠡᠯᠡᠨ᠎ᠡ | ᠃ ᠡᠯ᠎ᠡ ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠶᠢᠨ ᠬᠢᠨ 2022 ᠣᠨ ᠤ 11 | ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠢᠴᠢᠭ ᠮᠠᠲ᠋ᠧᠷᠢᠶᠠᠯ ᠪᠠᠭᠤᠯᠭᠠᠵᠤ ᠲᠣᠰ ᠭᠠᠵᠠᠷ ᠣᠷᠣᠨ ᠤ ᠪᠠᠨ ᠦᠨ᠎ᠡ | ᠬᠠᠩᠰᠢ ᠶᠢᠨ ᠲᠥᠰᠦᠯ ᠢ ᠵᠢᠷᠤᠮᠵᠢᠭᠤᠯᠤᠨ ᠡᠮᠬᠢᠯᠡᠨ ᠨᠡᠶᠢᠯᠡᠭᠦᠯᠦᠨ᠎ᠡ᠃ | ᠬᠤᠶᠠᠷ᠂ ᠠᠮᠠᠨ ᠬᠥᠨᠳᠡᠶ ᠳᠤ ᠳᠠᠷᠢᠬᠤ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ | ᠳᠣᠭᠢᠷᠠᠭᠤᠯᠤᠨ ᠡᠵᠡᠮᠳᠡᠬᠦ ᠶᠢ ᠴᠢᠩᠭᠠᠷᠠᠭᠤᠯᠤᠨ᠎ᠠ | ︵ᠳᠥᠷᠪᠡ︶ ᠰᠢᠳᠦ ᠲᠠᠷᠢᠬᠤ ᠪᠦᠬᠦ ᠶᠠᠪᠤᠴᠠ ᠶᠢᠨ ᠲᠣᠭᠤᠷᠢᠨ ᠳᠤ ᠦᠨ᠎ᠡ ᠬᠠᠩᠰᠢ ᠶᠢ ᠲᠣᠬᠢᠷᠠᠭᠤᠯᠤᠨ | ᠡᠵᠡᠮᠳᠡᠬᠦ ᠠᠵᠢᠯ ᠢ ᠰᠠᠶᠢᠲᠤᠷ ᠬᠢᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠬᠢᠨ ᠭᠠᠭᠴᠠ ᠡᠩ ᠤᠨ ᠰᠢᠳᠦ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠪᠠᠷ ᠭᠤᠣᠯᠳᠠᠯᠭ᠎ᠠ | ᠪᠣᠯᠭᠠᠨ᠂ ︽ᠣᠨᠣᠰᠢᠯᠠᠨ ᠪᠠᠶᠢᠴᠠᠭᠠᠬᠤ + ᠰᠢᠳᠦ ᠲᠠᠷᠢᠬᠤ + ᠰᠢᠳᠦᠨ ᠤ ᠲᠢᠲᠢᠮ ᠢ ᠲᠠᠯᠪᠢᠬᠤ︾ ᠶᠣᠰᠤ ᠪᠠᠷ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠪᠦᠬᠦᠯᠢ ᠴᠣᠭᠴᠠ ᠶᠢ ᠲᠣᠬᠢᠷᠠᠭᠤᠯᠤᠨ ᠡᠵᠡᠮᠳᠡᠬᠦ ᠶᠢ | ᠬᠡᠷᠡᠭᠵᠢᠭᠦᠯᠦᠨ᠎ᠡ ︵ᠳᠠᠭᠠᠯᠳᠤᠭᠤᠯᠤᠯ ᠢ ᠦᠵᠡᠭᠡᠷᠡᠢ︶᠂ ᠣᠳᠣᠬᠠᠨ ᠳᠤ ᠭᠤᠷᠪᠠᠳᠤᠭᠠᠷ ᠳᠡᠰ ᠤᠨ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠦᠬᠦ ᠶᠠᠪᠤᠴᠠ ᠳᠤ ᠰᠢᠳᠦ ᠲᠠᠷᠢᠬᠤ ᠶᠢ ᠪᠡᠶᠡᠯᠡᠭᠦᠯᠵᠦ᠂ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠨᠡᠶᠢᠳᠡᠮ ᠳᠤ ᠪᠠᠨ ᠮᠥᠬᠦᠯᠢᠭ ᠪᠦᠷᠢ 4500 ᠲᠥᠭᠦᠷᠢᠭ ᠤᠨ | ᠭᠠᠵᠠᠷ ᠣᠷᠣᠨ ᠠᠴᠠ ᠥᠨᠳᠦᠷ ᠪᠠᠶᠢᠵᠤ᠂ ᠬᠠᠨᠳᠤᠯᠭᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠲᠡᠮ ᠳᠤ ᠪᠠᠨ | ᠰᠢᠷᠬᠡᠭ ᠪᠦᠷᠢ ᠶᠢ 4500 ᠲᠥᠭᠦᠷᠢᠭ ᠢ ᠳᠠᠪᠠᠭ᠋ᠤ ᠦᠭᠡᠢ ᠰᠢᠨ᠎ᠡ ᠣᠷᠣᠨ ᠵᠠᠢ ᠶᠢᠨ ᠬᠤᠭᠤᠷᠣᠨᠳᠣ ᠪᠠᠶᠢᠯᠭᠠᠵᠤ᠂ | ᠭᠤᠷᠪᠠᠳᠤᠭᠠᠷ ᠳᠡᠰ ᠠᠴᠠ ᠳᠣᠷᠣᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ | ᠬᠠᠩᠰᠢ ᠶᠢ ᠲᠤᠬᠢᠷᠠᠭᠤᠯᠤᠨ ᠡᠵᠡᠮᠳᠡᠬᠦ ᠬᠠᠷᠠᠯᠲᠠ ᠶᠢ ᠲᠤᠬᠠᠢ ᠶᠢᠨ ᠭᠠᠵᠠᠷ ᠤᠨ ᠡᠮᠴᠢᠯᠡᠭᠡᠨ ᠤ ᠦᠢᠯᠡᠴᠢᠯᠡᠭᠡ ᠶᠢᠨ | ᠳᠡᠰ ᠬᠤᠪᠢᠶᠠᠵᠤ ᠳᠣᠭᠲᠠᠭᠠᠭᠰᠠᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠵᠣᠬᠢᠰᠲᠠᠢ ᠪᠠᠭᠤᠷᠠᠭᠤᠯᠤᠨ᠎ᠠ᠃ | ᠨᠥᠬᠦᠴᠡᠯ ᠲᠠᠢ ᠭᠠᠵᠠᠷ ᠣᠷᠣᠨ ᠲᠣᠬᠢᠷᠠᠭᠤᠯᠤᠨ ᠡᠵᠡᠮᠳᠡᠬᠦ ᠬᠠᠷᠠᠯᠲᠠ ᠶᠢᠨ ᠬᠡᠪᠴᠢᠶᠡᠨ ᠳᠤ ᠬᠡᠯᠡᠯᠴᠡᠭᠡ ᠬᠢᠵᠦ | ᠵᠦᠪᠳᠡᠯᠴᠡᠨ᠂ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ | ᠦᠨ᠎ᠡ ᠪᠠᠨ ᠤᠯᠠᠮ ᠨᠢᠭᠡ ᠠᠯᠬᠤᠮ ᠪᠠᠭᠤᠷᠠᠭᠤᠯᠬᠤ ᠶᠢ ᠵᠣᠷᠢᠭᠵᠢᠭᠤᠯᠵᠤ᠂ ᠲᠣᠬᠢᠷᠠᠭᠤᠯᠤᠨ ᠡᠵᠡᠮᠳᠡᠬᠦ ᠦᠷ᠎ᠡ | ᠪᠦᠲᠦᠮᠵᠢ ᠪᠠᠨ ᠤᠯᠠᠮ ᠨᠢᠭᠡ ᠠᠯᠬᠤᠮ ᠥᠷᠭᠡᠳᠬᠡᠨ ᠣᠯᠠᠨ ᠲᠦᠮᠡᠨ ᠳᠤ ᠠᠰᠢᠭ ᠭᠦᠷᠲᠡᠭᠡᠨ᠎ᠡ᠃ ᠣᠳᠣᠬᠠᠨ ᠳᠤ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠨᠡᠶᠢᠳᠡᠮ ᠳᠤ ᠪᠠᠨ 4500 ᠲᠥᠭᠦᠷᠢᠭ ᠬᠥᠷᠬᠦ ᠥᠬᠡᠶ ᠭᠠᠵᠠᠷ | ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠳᠤᠤᠷ᠎ᠠ ᠦᠨ᠎ᠡ ᠪᠠᠨ ᠪᠠᠲᠤᠯᠠᠬᠤ ᠶᠢ ᠵᠣᠷᠢᠭᠵᠢᠭᠤᠯᠤᠨ᠎ᠠ᠃ ᠠᠵᠤ | ᠠᠬᠤᠶ ᠬᠥᠭᠵᠢᠭᠰᠡᠨ᠂ ᠬᠥᠮᠦᠨ ᠤ ᠬᠦᠴᠦᠨ ᠵᠡᠷᠭᠡ ᠥᠪᠡᠷ ᠤᠨ ᠥᠷᠲᠡᠭ ᠢᠶᠠᠷ ᠥᠨᠳᠥᠷ ᠭᠠᠵᠠᠷ ᠣᠷᠣᠨ ᠲᠤᠰ | ᠭᠠᠵᠠᠷ ᠤᠨ ᠢᠶᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ | ᠲᠣᠬᠢᠷᠠᠭᠤᠯᠤᠨ ᠡᠵᠡᠮᠳᠡᠬᠦ ᠬᠠᠷᠠᠯᠲᠠ ᠪᠠᠨ ᠴᠢᠯᠦᠭᠡᠲᠡᠢ ᠪᠠᠶᠢᠯᠭᠠᠬᠤ ᠶᠢ ᠵᠥᠪᠰᠢᠶᠡᠷᠡᠵᠦ᠂ ᠴᠢᠯᠦᠭᠡᠲᠡᠢ ᠪᠠᠶᠢᠯᠭᠠᠬᠤ | ᠬᠠᠷᠢᠴᠠᠯ ᠢ 20% ᠠᠴᠠ ᠬᠡᠲᠦᠷᠡᠭᠦᠯᠵᠦ ᠪᠣᠯᠬᠤ ᠦᠭᠡᠶ︔ ᠣᠷᠣᠨ ᠨᠤᠲᠤᠭ ᠢ ᠵᠣᠷᠢᠭᠵᠢᠭᠤᠯᠵᠤ ᠠᠮᠠᠨ | ᠬᠥᠨᠳᠡᠶ ᠳᠤ ᠲᠠᠷᠢᠬᠤ ᠠᠮᠵᠢᠯᠲᠠ ᠣᠯᠬᠤ ᠨᠣᠷᠮ᠎ᠠ ᠪᠠᠷ ᠥᠨᠳᠥᠷ ᠵᠡᠷᠭᠡ ᠤᠨᠴᠠᠭᠠᠢ ᠪᠠᠶᠢᠳᠠᠯ ᠲᠠᠢ ᠡᠮᠴᠢᠯᠡᠭᠡᠨ ᠤ | ᠪᠠᠶᠢᠭᠤᠯᠤᠮᠵᠢ ᠳᠤ ᠬᠠᠨᠳᠤᠯᠭᠠᠲᠠᠢ᠂ ᠴᠢᠯᠦᠭᠡᠲᠡᠢ ᠪᠠᠷ ᠠᠮᠠᠨ ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠬᠠᠩᠰᠢ ᠶᠢ ᠨᠡᠶᠢᠲᠡᠮ ᠳᠤ ᠨᠢ ᠳᠣᠭᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ᠎ᠡ ︵ | ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ ᠦᠵᠡᠭᠡᠷᠡᠢ︶᠃ ᠡᠯ᠎ᠡ ᠮᠤᠵᠢ ᠶᠢᠨ ᠱᠠᠲᠤᠨ ᠤ ᠡᠮᠴᠢᠯᠡᠭᠡᠨ ᠤ ᠪᠠᠲᠤᠯᠠᠭ᠎ᠠ | ᠶᠢᠨ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠨᠡᠶᠢᠳᠡᠮ ᠳᠤ ᠨᠢ | ᠲᠣᠬᠢᠷᠠᠭᠤᠯᠵᠤ ᠡᠵᠡᠮᠳᠡᠬᠦ ᠱᠠᠭᠠᠷᠳᠠᠯᠭ᠎ᠠ ᠵᠢᠴᠢ ᠲᠠᠷᠢᠬᠤ ᠰᠢᠳᠦ ᠶᠢ ᠲᠥᠪᠯᠡᠷᠡᠭᠦᠯᠦᠨ ᠬᠤᠳᠠᠯᠳᠤᠨ ᠠᠪᠬᠤ᠂ | ᠰᠢᠳᠦᠨ ᠤ ᠲᠢᠲᠢᠮ ᠤᠨ ᠦᠨ᠎ᠡ ᠬᠠᠩᠰᠢ ᠶᠢᠨ ᠥᠷᠢᠰᠥᠯᠳᠦᠭᠡᠨ ᠤ ᠦᠷ᠎ᠡ ᠳ᠋ᠦᠩ ᠢ ᠰᠢᠳᠦ ᠳᠠᠷᠢᠬᠤ ᠲᠠᠢ | ᠤᠶᠠᠯᠳᠤᠭᠤᠯᠤᠨ᠂ ᠲᠣᠰ ᠭᠠᠵᠠᠷ ᠣᠷᠣᠨ ᠤ ᠳᠠᠷᠢᠬᠤ ᠰᠢᠳᠦᠨ ᠤ ᠪᠥᠬᠦ ᠶᠠᠪᠤᠴᠠ ᠶᠢᠨ ᠦᠨ᠎ᠡ ᠬᠠᠩᠰᠢ ᠶᠢ | ᠲᠣᠬᠢᠷᠠᠭᠤᠯᠵᠤ ᠡᠵᠡᠮᠳᠡᠬᠦ ᠬᠠᠷᠠᠯᠲᠠ ︵ᠳᠠᠷᠢᠬᠤ ᠪᠡᠶ᠎ᠡ᠂ ᠰᠢᠳᠦᠨ ᠤ ᠲᠢᠲᠢᠮ᠂ ᠡᠮᠴᠢᠯᠡᠭᠡᠨ ᠤ ᠦᠢᠯᠡᠴᠢᠯᠡᠭᠡ ᠶᠢ | ᠪᠠᠭᠲᠠᠭᠠᠨ᠎ᠠ︶ ᠶᠢ ᠨᠡᠶᠢᠯᠡᠭᠦᠯᠦᠨ ᠲᠣᠭᠲᠠᠭᠠᠬᠤ ᠶᠢᠨ ᠬᠠᠮᠲᠤ ᠢᠯᠡ ᠪᠣᠯᠭᠠᠵᠤ᠂ ᠬᠠᠨᠳᠤᠯᠭ᠎ᠠ ᠲᠠᠢ ᠪᠠᠷ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠤᠨ᠎ᠠ᠃ | ︵ᠲᠠᠪᠤ︶ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠶ ᠶᠢᠨ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ | ᠴᠢᠩᠭᠠᠳᠬᠠᠨ᠎ᠠ᠃ ᠣᠯᠠᠨ ᠲᠦᠮᠡᠨ ᠤ ᠲᠤᠰᠬᠠᠯ ᠴᠢᠩᠭ᠎ᠠ᠂ ᠵᠠᠷᠤᠳᠠᠯ ᠤᠨ ᠳᠠᠷᠤᠭᠠᠰᠤ ᠬᠦᠨᠳᠦ ᠪᠠᠶᠢᠭ᠎ᠠ ᠰᠢᠳᠦ | ᠲᠠᠷᠢᠬᠤ ᠵᠠᠷᠤᠳᠠᠯ᠂ ᠰᠢᠳᠦᠨ ᠤ ᠳᠢᠲᠢᠮ ᠲᠠᠯᠪᠢᠬᠤ ᠵᠠᠷᠤᠳᠠᠯ᠂ ᠶᠠᠰᠤ ᠰᠠᠭᠤᠯᠭᠠᠬᠤ ᠮᠡᠰᠡ ᠵᠠᠰᠠᠯ ᠤᠨ ᠵᠠᠷᠤᠳᠠᠯ ᠢ | ᠪᠠᠭᠤᠷᠠᠭᠤᠯᠬᠤ ᠪᠠᠷ ᠭᠤᠤᠯ ᠪᠣᠯᠭᠠᠨ᠎ᠠ᠃ ᠡᠭᠦᠨ ᠳᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠨᠢ ᠲᠤᠰ ᠭᠠᠵᠠᠷ ᠣᠷᠣᠨ ᠤ | ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠳᠤᠮᠳᠠᠴᠢ ᠦᠨ᠎ᠡ ᠬᠠᠩᠰᠢ ᠠᠴᠠ ᠢᠯᠡᠳᠲᠡ ᠥᠨᠳᠥᠷ | ᠪᠣᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠷᠴᠢᠮ ᠢ ᠪᠠᠷᠢᠮᠲᠠᠯᠠᠨ᠂ ᠲᠤᠰᠬᠠᠶ ᠰᠡᠳᠦᠪ ᠢᠶᠠᠷ ᠨᠤᠲᠠᠯᠠᠵᠤ᠂ ᠦᠨ᠎ᠡ | ᠬᠠᠩᠰᠢ ᠶᠢ ᠭᠤᠣᠯᠳᠠᠯᠭ᠎ᠠ ᠲᠠᠢ ᠪᠠᠭᠤᠷᠠᠭᠤᠯᠤᠨ᠎ᠠ︔ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠡᠵᠡᠨ ᠮᠡᠳᠡᠵᠦ ᠳᠣᠭᠲᠠᠭᠠᠭᠰᠠᠨ ᠦᠨ᠎ᠡ ᠬᠠᠩᠰᠢ ᠶᠢᠨ ᠡᠮᠨᠡᠯᠭᠡ ᠶᠢᠨ ᠬᠤᠷᠢᠶ᠎ᠠ ᠶᠢᠨ | ᠬᠤᠭᠤᠷᠣᠨᠳᠣᠬᠢ ᠵᠥᠷᠢᠶ᠎ᠡ ᠶᠡᠭᠡ ᠪᠠᠶᠢᠪᠠᠯ᠂ ᠦᠨ᠎ᠡ ᠬᠠᠩᠰᠢ ᠶᠢᠨ ᠳᠡᠰ ᠳᠠᠷᠠᠭᠠᠯᠠᠯ ᠤᠨ ᠵᠢᠭᠰᠠᠭᠠᠯᠲᠠ ᠳᠤ ᠡᠮᠦᠨᠡᠭᠦᠷ | ᠣᠷᠣᠨ᠂ ᠳᠤᠮᠳᠠᠴᠢ ᠬᠢᠷᠢ ᠬᠡᠮᠵᠢᠶ᠎ᠡ ᠠᠴᠠ ᠢᠯᠡᠳᠲᠡ ᠥᠨᠳᠥᠷ ᠪᠠᠶᠢᠬᠤ ᠡᠮᠴᠢᠯᠡᠭᠡᠨ ᠤ ᠪᠠᠶᠢᠭᠤᠯᠤᠮᠵᠢ ᠶᠢ | ᠱᠠᠭᠠᠷᠳᠠᠵᠤ ᠰᠠᠨᠠᠭᠠᠴᠢᠯᠠᠭ᠎ᠠ ᠠᠴᠠ ᠪᠠᠨ ᠳᠠᠬᠢᠨ ᠲᠣᠬᠢᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠨ᠎ᠡ ᠬᠠᠩᠰᠢ ᠶᠢᠨ ᠵᠠᠬ᠎ᠠ ᠳᠡᠯᠭᠡᠭᠦᠷ ᠲᠤ ᠯᠠᠪᠯᠠᠯᠲᠠ | ᠪᠣᠯᠬᠤ ᠪᠠ ᠵᠠᠩᠭᠤᠤᠯᠠᠨ ᠲᠣᠭᠲᠠᠭᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠪᠥᠬᠦ ᠰᠢᠳᠦ ᠶᠢ ᠨᠣᠮᠣᠯᠵᠢᠨ | ᠬᠡᠯᠪᠡᠷᠢ ᠪᠠᠷ ᠵᠠᠰᠠᠨ ᠳᠠᠷᠢᠬᠤ᠂ ᠳᠡᠭᠡᠳᠦ ᠳᠣᠣᠷᠠᠲᠣ ᠡᠷᠡᠤ ᠳᠡᠭᠡᠷ᠎ᠡ ᠳᠠᠷᠢᠬᠤ᠂ ᠪᠣᠳᠤᠯᠢᠶᠠᠨᠲᠠᠢ ᠶᠠᠰᠤ ᠰᠠᠭᠤᠯᠭᠠᠬᠤ | ᠵᠡᠷᠭᠡ ᠮᠡᠷᠭᠡᠵᠢᠯ ᠤᠨ ᠬᠦᠴᠢᠷᠳᠡᠯ ᠶᠡᠬᠡᠲᠡᠶ᠂ ᠲᠦᠭᠰᠢᠭᠦᠷᠢ ᠶᠢᠨ ᠬᠡᠮᠵᠢᠶ᠎ᠡ ᠪᠠᠷ ᠥᠨᠳᠥᠷ ᠲᠥᠰᠦᠯ ᠢ ᠡᠩ ᠤᠨ | ᠳᠠᠷᠢᠬᠤ ᠰᠢᠳᠦᠨ ᠤ ᠮᠡᠰᠡ ᠵᠠᠰᠠᠯ ᠤᠨ ᠦᠨ᠎ᠡ ᠬᠠᠩᠰᠢ ᠯᠤᠭ᠎ᠠ ᠵᠣᠬᠢᠬᠤ ᠵᠥᠷᠢᠶ᠎ᠡ ᠭᠠᠷᠭᠠᠬᠤ ᠶᠢ ᠵᠥᠪᠰᠢᠶᠡᠷᠡᠨ᠎ᠡ᠃ | ᠲᠣᠭᠲᠠᠮᠠᠯ ᠰᠢᠳᠦ᠂ ᠠᠪᠴᠤ ᠪᠣᠯᠬᠤ ᠰᠢᠳᠦ ᠵᠡᠷᠭᠡ ᠪᠤᠰᠤᠳ ᠳᠤᠲᠠᠭᠰᠠᠨ ᠰᠢᠳᠦ ᠶᠢ ᠵᠠᠰᠠᠬᠤ ᠠᠷᠭ᠎ᠠ ᠮᠠᠶ᠋ᠢᠭ ᠤᠨ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠠᠷᠢᠴᠠᠩᠭᠤᠶ ᠪᠠᠷ ᠲᠣᠭᠲᠠᠭᠤᠨ ᠪᠠᠶᠢᠯᠭᠠᠵᠤ᠂ ᠡᠮᠴᠢᠯᠡᠭᠡᠨ ᠤ | ᠪᠠᠶᠢᠭᠤᠯᠤᠮᠵᠢ ᠶᠢ ᠵᠣᠷᠢᠭᠵᠢᠭᠤᠯᠵᠤ ᠡᠪᠡᠳᠴᠢᠲᠡᠨ ᠳᠤ ᠳᠤᠲᠠᠭᠰᠠᠨ ᠰᠢᠳᠦ ᠶᠢ ᠵᠠᠰᠠᠬᠤ ᠲᠣᠬᠢᠷᠠᠮᠵᠢᠲᠠᠶ | ᠦᠢᠯᠡᠴᠢᠯᠡᠭᠡ ᠶᠢ ᠤᠷᠢᠳ ᠢᠶᠠᠷ ᠬᠠᠩᠭᠠᠨ᠎ᠠ᠃ ᠰᠢᠳᠦ ᠠᠪᠬᠤ᠂ ᠰᠢᠳᠦᠨ ᠤ ᠲᠣᠭᠤᠷᠢᠨ ᠢ ᠴᠡᠪᠡᠷᠯᠡᠵᠦ ᠵᠠᠰᠠᠬᠤ᠂ | ᠰᠢᠳᠦ ᠨᠥᠬᠦᠬᠦ ᠵᠡᠷᠭᠡ ᠮᠡᠷᠭᠡᠵᠢᠯ ᠤᠨ ᠬᠥᠳᠡᠯᠮᠦᠷᠢ ᠦᠢᠯᠡᠴᠢᠯᠡᠭᠡ ᠪᠠᠷ ᠭᠤᠣᠯ ᠪᠣᠯᠭᠠᠭᠰᠠᠨ ᠲᠥᠰᠦᠯ ᠤᠨ | ᠥᠩᠭᠡᠷᠡᠭᠰᠡᠨ ᠤ ᠦᠨ᠎ᠡ ᠬᠠᠩᠰᠢ ᠨᠢ ᠳᠣᠣᠷ᠎ᠠ ᠪᠣᠯ ᠦᠨ᠎ᠡ ᠬᠠᠩᠰᠢ ᠶᠢ ᠨᠢ ᠵᠣᠬᠢᠰᠲᠠᠶ ᠥᠰᠬᠡᠵᠦ ᠪᠣᠯᠤᠨ᠎ᠠ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠶ ᠳᠤ ᠲᠠᠷᠢᠬᠤ ᠲᠥᠰᠦᠯ ᠳᠤ | ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠭᠠᠵᠠᠷ | ᠣᠷᠣᠨ ᠳᠤ ᠡᠯ᠎ᠡ ᠮᠤᠵᠢ ᠶᠢᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ 2022 ᠣᠨ ᠤ | 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠶᠢ ᠳᠠᠭᠢᠵᠤ | ᠲᠣᠭᠲᠠᠭᠠᠨ ᠨᠡᠶᠢᠲᠡᠯᠡᠬᠦ ᠬᠡᠷᠡᠭᠲᠡᠶ᠃ ᠡᠵᠡᠨ ᠮᠡᠳᠡᠨ ᠦᠨ᠎ᠡ ᠲᠣᠭᠲᠠᠭᠠᠬᠤ ᠶᠢ ᠬᠡᠷᠡᠭᠵᠢᠭᠦᠯᠵᠦ ᠪᠠᠶᠢᠭ᠎ᠠ ᠡᠯ᠎ᠡ ᠭᠠᠵᠠᠷ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠦᠬᠦ ᠶᠠᠪᠤᠴᠠ ᠶᠢᠨ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠣᠰᠤ ᠪᠠᠷ ᠡᠯ᠎ᠡ ᠡᠮᠴᠢᠯᠡᠭᠡᠨ ᠤ ᠪᠠᠶᠢᠭᠤᠯᠤᠮᠵᠢ ᠶᠢ | ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤ ᠰᠢᠨ᠎ᠡ ᠦᠨ᠎ᠡ ᠬᠠᠩᠰᠢ ᠶᠢᠨ ᠲᠥᠰᠦᠯ ᠢ ᠨᠡᠶᠢᠲᠡᠯᠡᠨ | ᠬᠡᠷᠡᠭᠵᠢᠭᠦᠯᠦᠭᠰᠡᠨ ᠠᠴᠠ 1 ᠰᠠᠷ᠎ᠠ ᠶᠢᠨ ᠳᠣᠲᠣᠷ᠎ᠠ ᠦᠨ᠎ᠡ ᠬᠠᠩᠰᠢ ᠶᠢ ᠳᠠᠬᠢᠨ ᠨᠡᠶᠢᠲᠡᠯᠡᠵᠦ᠂ ᠦᠨ᠎ᠡ ᠬᠠᠩᠰᠢ ᠶᠢᠨ | ᠬᠢᠷᠢ ᠲᠦᠪᠰᠢᠨ ᠢ ᠡᠮᠨᠡᠯᠭᠡ ᠶᠢᠨ ᠬᠤᠷᠢᠶᠠᠨ ᠤ ᠳᠡᠰ᠂ ᠲᠤᠰᠬᠠᠶ ᠮᠡᠷᠭᠡᠵᠢᠯ ᠤᠨ ᠪᠠᠶᠢᠷᠢ ᠰᠠᠭᠤᠷᠢ᠂ ᠴᠢᠳᠠᠮᠵᠢ ᠶᠢᠨ | ᠪᠠᠶᠢᠷᠢ ᠲᠣᠭᠲᠠᠭᠠᠯᠲᠠ ᠯᠤᠭ᠎ᠠ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠂ ᠲᠤᠰ ᠭᠠᠵᠠᠷ ᠣᠷᠣᠨ ᠤ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠵᠡᠨ ᠮᠡᠳᠡᠨ ᠦᠨ᠎ᠡ ᠲᠣᠭᠲᠠᠭᠠᠬᠤ ᠳᠤᠮᠳᠠᠴᠢ | ᠬᠢᠷᠢ ᠲᠦᠪᠰᠢᠨ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ | ︵ᠵᠢᠷᠭᠤᠭ᠎ᠠ︶ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠶ ᠳᠤ ᠲᠠᠷᠢᠬᠤ | ᠦᠨ᠎ᠡ ᠬᠠᠩᠰᠢ ᠶᠢ ᠬᠢᠨᠠᠵᠤ ᠬᠠᠮᠢᠶᠠᠷᠬᠤ ᠪᠠ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠠᠷᠠᠳ ᠠᠴᠠ | ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠮᠠᠨ ᠬᠥᠨᠳᠡᠶ ᠳᠤ ᠰᠢᠳᠦ ᠳᠠᠷᠢᠬᠤ ᠵᠡᠷᠭᠡ ᠦᠢᠯᠡᠴᠢᠯᠡᠭᠡᠨ ᠤ | ᠦᠨ᠎ᠡ ᠬᠠᠩᠰᠢ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠦᠨ᠎ᠡ ᠬᠠᠩᠰᠢ ᠲᠣᠭᠲᠠᠭᠠᠬᠤ ᠳᠤ | ᠲᠥᠪ ᠭᠤᠤᠯᠴᠢ ᠬᠠᠤᠯᠢ ᠶᠣᠰᠣᠨ ᠤ᠂ ᠦᠨᠡᠨᠴᠢ ᠢᠲᠡᠭᠡᠮᠵᠢᠲᠡᠶ ᠪᠠ ᠶᠠᠰᠤ ᠴᠢᠨᠠᠷ ᠦᠨ᠎ᠡ ᠬᠠᠩᠰᠢ ᠬᠠᠷᠢᠯᠴᠠᠨ | ᠨᠡᠶᠢᠴᠡᠬᠦ ᠵᠠᠷᠴᠢᠮ ᠢ ᠵᠢᠷᠤᠮᠯᠠᠨ᠂ ᠲᠣᠰ ᠭᠠᠵᠠᠷ ᠣᠷᠣᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠲᠠᠢ ᠬᠠᠷᠢᠴᠠᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠵᠢᠮ᠎ᠡ ᠶᠣᠰᠣ ᠪᠠ ᠣᠯᠠᠨ | ᠲᠦᠮᠡᠨ ᠤ ᠵᠢᠱᠢᠭᠰᠡᠨ ᠵᠦᠶ ᠵᠣᠬᠢᠰᠲᠠᠶ ᠦᠨ᠎ᠡ ᠬᠠᠩᠰᠢ ᠶᠢ ᠲᠣᠭᠲᠠᠭᠠᠨ᠂ ᠢᠯᠡ ᠲᠣᠳᠣᠷᠬᠠᠶ ᠣᠷᠣᠨ ᠪᠦᠰᠡ ᠳᠤ | ᠲᠣᠭᠲᠠᠭᠠᠯ ᠶᠣᠰᠣᠭᠠᠷ ᠰᠠᠨᠠᠭᠠᠴᠢᠯᠠᠭ᠎ᠠ ᠠᠴᠠ ᠪᠠᠨ ᠦᠨ᠎ᠡ ᠬᠠᠩᠰᠢ ᠶᠢ ᠢᠯᠡ ᠨᠡᠶᠢᠲᠡᠯᠡᠬᠦ ᠶᠢᠨ ᠬᠠᠮᠲᠤ ᠢᠯᠡ | ᠨᠡᠶᠢᠲᠡᠯᠡᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠴᠠᠭ ᠲᠤᠬᠠᠶᠢᠴᠢ ᠴᠢᠨᠠᠷ ᠪᠠ ᠪᠦᠷᠢᠨ ᠪᠦᠲᠦᠨ | ᠴᠢᠨᠠᠷ ᠢ ᠪᠠᠲᠤᠯᠠᠬᠤ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠥᠪᠡᠷ ᠤᠨ ᠦᠨ᠎ᠡ | ᠬᠠᠩᠰᠢ ᠶᠢᠨ ᠦᠢᠯᠡ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠵᠤ᠂ ᠬᠤᠳᠠᠯ ᠬᠠᠭᠤᠷᠮᠠᠭ ᠪᠤᠶᠤ ᠪᠤᠷᠤᠭᠤ ᠪᠠᠷ | ᠵᠢᠯᠣᠭᠤᠳᠬᠤ ︽ᠨᠥᠬᠦᠪᠥᠷᠢ︾᠂ ︽ᠳᠤᠤᠷ᠎ᠠ ᠦᠨ᠎ᠡ︾ ᠵᠡᠷᠭᠡ ᠦᠨ᠎ᠡ ᠬᠠᠩᠰᠢ ᠶᠢᠨ ᠠᠷᠭ᠎ᠠ ᠪᠠᠷᠢᠯ ᠢᠶᠠᠷ | ᠡᠪᠡᠳᠴᠢᠲᠡᠨ ᠢ ᠥᠳᠥᠭᠡᠨ ᠮᠡᠬᠡᠯᠡᠵᠦ ᠪᠣᠯᠬᠤ ᠥᠬᠡᠶ᠃ ᠣᠷᠣᠨ ᠪᠦᠰᠡ ᠶᠢᠨ ᠳᠣᠲᠤᠷᠠᠬᠢ ᠲᠠᠷᠢᠬᠤ ᠰᠢᠳᠦ ᠶᠢ | ᠲᠥᠪᠯᠡᠷᠡᠭᠦᠯᠦᠨ ᠬᠤᠳᠠᠯᠳᠤᠨ ᠠᠪᠬᠤ ᠶᠢ ᠮᠡᠳᠡᠭᠦᠯᠬᠦ ᠬᠡᠮᠵᠢᠶ᠎ᠡ ᠨᠢ ᠥᠨᠳᠥᠷ᠂ ᠰᠣᠩᠭᠤᠭᠳᠠᠭᠰᠠᠨ ᠦᠢᠯᠡᠳᠭᠦᠨ ᠤ | ᠬᠡᠷᠡᠭᠯᠡᠬᠦ ᠨᠣᠷᠮ᠎ᠠ ᠨᠢ ᠥᠨᠳᠥᠷ᠂ ᠦᠨ᠎ᠡ ᠬᠠᠩᠰᠢ ᠶᠢ ᠪᠥᠬᠦ ᠶᠠᠪᠤᠴᠠ ᠳᠤ ᠲᠣᠬᠢᠷᠠᠭᠤᠯᠤᠨ ᠡᠵᠡᠮᠳᠡᠬᠦ ᠶᠢ | ᠰᠠᠨᠠᠭᠠᠴᠢᠯᠠᠭ᠎ᠠ ᠠᠴᠠ ᠪᠠᠨ ᠠᠮᠠᠯᠳᠠᠵᠤ ᠬᠦᠯᠢᠶᠡᠨ ᠠᠪᠬᠤ᠂ ᠠᠮᠠᠨ ᠬᠥᠨᠳᠡᠶ ᠳᠤ ᠲᠠᠷᠢᠬᠤ ᠵᠠᠷᠤᠳᠠᠯ ᠤᠨ ᠠᠵᠤ | ᠠᠬᠤᠶ ᠶᠢᠨ ᠳᠠᠪᠠᠭᠤᠯᠢᠭ ᠪᠠᠷ ᠲᠣᠪᠤᠶᠢᠭᠰᠠᠨ᠂ ᠦᠨᠡᠯᠡᠭᠰᠡᠨ ᠨᠡᠷᠡᠰ ᠤᠨ ᠵᠢᠭᠰᠠᠭᠠᠯᠲᠠ ᠳᠤ ᠡᠮᠦᠨᠡᠭᠦᠷ | ᠵᠢᠭᠰᠠᠭᠠᠭᠳᠠᠭᠰᠠᠨ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠬᠠᠩᠰᠢ ᠪᠠ ᠵᠠᠷᠤᠳᠠᠯ ᠤᠨ | ᠪᠠᠶᠢᠳᠠᠯ ᠢ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠯᠪᠠᠨ ᠤ ᠰᠦᠯᠵᠢᠶᠡᠨ ᠳᠤ | ᠳᠡᠯᠭᠡᠨ ᠦᠵᠡᠭᠦᠯᠵᠦ᠂ ᠡᠪᠡᠳᠴᠢᠲᠡᠨ ᠡᠪᠡᠳᠴᠢᠨ ᠦᠵᠡᠭᠦᠯᠬᠦ ᠳᠤ ᠵᠢᠯᠣᠭᠤᠳᠤᠮᠵᠢ ᠬᠠᠩᠭᠠᠵᠤ᠂ ᠦᠨ᠎ᠡ ᠬᠠᠩᠰᠢ | ᠥᠨᠳᠥᠷ᠂ ︽ᠲᠠᠨᠢᠯᠴᠠᠭᠤᠯᠬᠤ ᠵᠠᠷᠤᠳᠠᠯ︾᠂ ︽ᠭᠠᠷ ᠤᠯᠠᠶᠢᠯᠭᠠᠬᠤ ᠮᠥᠩᠭᠦ︾ ᠠᠪᠴᠤ ᠮᠠᠶᠢᠮᠠᠢ ᠬᠢᠭᠰᠡᠳ ᠢ ᠢᠯᠡ | ᠨᠡᠶᠢᠲᠡᠯᠡᠨ᠎ᠡ᠃ | ᠭᠤᠷᠪᠠ᠂ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠨᠠᠷᠢᠨ | ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠦᠨ᠎ᠡ | ︵ᠳᠣᠯᠤᠭ᠎ᠠ︶ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠢ ᠮᠤᠵᠢ ᠶᠢᠨ ᠬᠤᠭᠤᠷᠣᠨᠳᠣ ᠬᠤᠳᠠᠯᠳᠤᠨ ᠠᠪᠬᠤ | ᠬᠤᠯᠪᠣᠭ᠎ᠠ ᠶᠢ ᠪᠠᠶᠢᠭᠤᠯᠤᠨ᠎ᠠ᠃ ᠰᠧᠴᠤᠸᠠᠨ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ | ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠤᠨ ᠮᠤᠵᠢ ᠶᠢᠨ ᠬᠤᠭᠤᠷᠣᠨᠳᠣᠬᠢ ᠬᠤᠳᠠᠯᠳᠤᠨ ᠠᠪᠬᠤ ᠬᠤᠯᠪᠣᠭ᠎ᠠ ᠶᠢ | ᠵᠣᠬᠢᠶᠠᠨ ᠪᠠᠶᠢᠭᠤᠯᠵᠤ᠂ ᠡᠯ᠎ᠡ ᠮᠤᠵᠢ ᠣᠷᠣᠨ ᠴᠥᠮ ᠣᠷᠣᠯᠴᠠᠨ᠎ᠠ᠃ ᠲᠠᠷᠢᠬᠤ ᠰᠢᠳᠦᠨ ᠤ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠳᠤ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ | ᠠᠪᠬᠤ ᠶᠢ ᠨᠢᠭᠡᠳᠭᠡᠬᠦ᠂ ᠬᠡᠮᠵᠢᠶ᠎ᠡ ᠪᠠ ᠦᠨ᠎ᠡ ᠬᠠᠩᠰᠢ ᠶᠢ ᠬᠤᠯᠪᠣᠭᠳᠠᠭᠤᠯᠬᠤ ᠦᠨᠳᠦᠰᠦᠨ ᠵᠠᠷᠴᠢᠮ ᠢ ᠪᠠᠷᠢᠮᠲᠠᠯᠠᠵᠤ | ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠬᠤ᠂ ᠬᠤᠯᠪᠣᠭᠠᠯᠠᠨ ᠬᠤᠳᠠᠯᠳᠤᠨ ᠠᠪᠬᠤ᠂ ᠲᠠᠪᠴᠠᠩ ᠳᠤ | ᠠᠵᠢᠯᠯᠠᠭᠤᠯᠬᠤ ᠶᠡᠷᠦᠩᠬᠡᠶ ᠰᠡᠳᠬᠢᠮᠵᠢ ᠶᠣᠰᠣᠭᠠᠷ ᠢᠵᠢ ᠪᠦᠷᠢᠳᠦᠭᠦᠯᠦᠭᠰᠡᠨ ᠲᠠᠷᠢᠬᠤ ᠰᠢᠳᠦᠨ ᠤ ᠰᠢᠰᠲ᠋ᠧᠮ ᠢᠶᠠᠷ | ᠨᠢᠭᠡᠴᠢ ︵ᠲᠠᠷᠢᠬᠤ ᠰᠢᠳᠦ᠂ ᠰᠡᠷᠭᠦᠭᠡᠨ ᠵᠠᠰᠠᠬᠤ ᠰᠠᠭᠤᠷᠢ ᠵᠢᠴᠢ ᠪᠦᠷᠬᠦᠬᠦ ᠱᠤᠷᠠᠭ᠂ ᠡᠳᠡᠭᠡᠬᠦ ᠰᠠᠭᠤᠷᠢ᠂ | ᠰᠢᠯᠵᠢᠭᠦᠯᠬᠦ ᠡᠰᠢ᠂ ᠣᠷᠣᠯᠠᠬᠤ ᠰᠢᠳᠦ ᠵᠡᠷᠭᠡ ᠰᠡᠯᠪᠢᠭ ᠲᠣᠨᠤᠭ ᠢ ᠪᠠᠭᠲᠠᠭᠠᠨ᠎ᠠ︶ ᠪᠣᠯᠭᠠᠵᠤ᠂ ᠲᠠᠷᠢᠬᠤ ᠰᠢᠳᠦᠨ ᠤ | ᠬᠤᠷᠣᠭᠳᠠᠯ ᠮᠠᠲ᠋ᠧᠷᠢᠶᠠᠯ ᠢ ᠦᠢᠯᠡᠳᠪᠦᠷᠢᠯᠡᠬᠦ᠂ ᠬᠠᠩᠭᠠᠬᠤ ᠪᠠ ᠡᠮᠴᠢᠯᠡᠭᠡᠨ ᠳᠤ ᠬᠡᠷᠡᠭᠯᠡᠬᠦ ᠵᠡᠷᠭᠡ ᠲᠠᠯ᠎ᠠ ᠶᠢᠨ | ᠣᠨᠴᠠᠯᠢᠭ ᠢ ᠭᠦᠢᠴᠡᠳ ᠪᠣᠳᠣᠯᠬᠢᠯᠠᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠡᠷᠬᠡ ᠲᠡᠭᠰᠢ ᠪᠠᠷ | ᠥᠷᠢᠰᠥᠯᠳᠦᠭᠦᠯᠦᠨ᠎ᠡ᠃ ᠬᠤᠳᠠᠯᠳᠤᠨ ᠠᠪᠬᠤ ᠪᠣᠳᠠᠲᠠᠶ ᠲᠥᠰᠦᠯ ᠢ ᠰᠧᠴᠤᠸᠠᠨ ᠮᠤᠵᠢ ᠶᠢᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠠᠴᠠ ᠡᠯ᠎ᠡ ᠬᠤᠯᠪᠣᠭᠠᠨ ᠤ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠲᠠᠢ ᠬᠠᠮᠲᠤᠷᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠨᠠᠢᠮᠠ︶ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠣᠷᠣᠯᠴᠠᠬᠤ ᠶᠢ | ᠥᠷᠭᠡᠨ ᠢᠶᠠᠷ ᠳᠠᠶᠢᠴᠢᠯᠠᠨ᠎ᠠ᠃ ᠵᠠᠷᠴᠢᠮ ᠳᠡᠭᠡᠷ᠎ᠡ ᠪᠠᠨ ᠡᠯ᠎ᠡ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠤ ᠡᠨᠡ | ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ︵ | ᠠᠷᠠᠳ ᠠᠴᠠ ᠡᠵᠡᠩᠨᠡᠭᠰᠡᠨ ᠢ ᠪᠠᠭᠲᠠᠭᠠᠨ᠎ᠠ︶ ᠨᠢ ᠰᠢᠳᠦ ᠳᠠᠷᠢᠬᠤ ᠳᠤ ᠦᠢᠯᠡᠴᠢᠯᠡᠬᠦ ᠡᠮᠴᠢᠯᠡᠭᠡᠨ ᠤ | ᠪᠠᠶᠢᠭᠤᠯᠤᠮᠵᠢ ᠶᠢᠨ ᠲᠣᠭᠠᠨ ᠳᠤ ᠡᠵᠡᠯᠡᠬᠦ ᠬᠠᠷᠢᠴᠠᠯ ᠢ 40 % ᠠᠴᠠ ᠳᠡᠭᠡᠭᠰᠢ ᠪᠠᠶᠢᠯᠭᠠᠵᠤ᠂ ᠲᠣᠰ ᠣᠷᠣᠨ | ᠪᠦᠰᠡ ᠶᠢᠨ ᠮᠡᠳᠡᠭᠦᠯᠦᠨ ᠬᠦᠷᠭᠡᠬᠦ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠶ ᠬᠡᠮᠵᠢᠶᠡᠨ ᠤ ᠳᠡᠭᠡᠷ᠎ᠡ ᠵᠢᠯ ᠤᠨ ᠪᠣᠳᠠᠲᠠᠶ | ᠬᠡᠷᠡᠭᠯᠡᠭᠰᠡᠨ ᠶᠡᠷᠦᠩᠬᠡᠶ ᠬᠡᠮᠵᠢᠶᠡᠨ ᠳᠠᠬᠢ ᠡᠵᠡᠯᠡᠬᠦ ᠬᠠᠷᠢᠴᠠᠯ ᠢ 50 % ᠠᠴᠠ ᠳᠡᠭᠡᠭᠰᠢ ᠪᠠᠶᠢᠯᠭᠠᠬᠤ ᠬᠡᠷᠡᠭᠲᠡᠶ᠃ | ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠠᠷᠢᠶ᠎ᠠ ᠣᠷᠣᠨ ᠳᠠᠬᠢ ᠰᠢᠳᠦ ᠳᠠᠷᠢᠬᠤ | ᠦᠢᠯᠡᠴᠢᠯᠡᠭᠡᠨ ᠤ ᠴᠢᠳᠠᠪᠤᠷᠢ ᠲᠠᠢ ᠡᠮᠴᠢᠯᠡᠭᠡᠨ ᠤ ᠪᠠᠶᠢᠭᠤᠯᠤᠮᠵᠢ ᠶᠢ ᠥᠷᠭᠡᠨ ᠢᠶᠠᠷ ᠳᠠᠶᠢᠴᠢᠯᠠᠵᠤ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ | ︶ ᠶᠢ ᠵᠣᠬᠢᠶᠠᠨ ᠪᠠᠶᠢᠭᠤᠯᠤᠨ ᠪᠥᠭᠦᠨ ᠢ ᠰᠢᠳᠦ ᠳᠠᠷᠢᠬᠤ ᠳᠤ ᠬᠡᠷᠡᠭᠰᠡᠬᠦ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ | ᠠᠪᠬᠤ ᠳᠤ ᠣᠷᠣᠯᠴᠠᠭᠤᠯᠵᠤ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ | ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠪᠥᠬᠦ ᠬᠦᠴᠦᠨ ᠢᠶᠠᠷ ᠳᠠᠶᠢᠴᠢᠯᠠᠨ᠂ ᠲᠣᠮᠣ ᠬᠡᠯᠪᠡᠷᠢ ᠶᠢᠨ ᠰᠢᠳᠦᠨ ᠤ | ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠶᠢᠨ ᠬᠡᠯᠬᠢᠶ᠎ᠡ ᠪᠦᠯᠦᠭᠯᠡᠯ ᠤᠨ ᠶᠡᠷᠦᠩᠬᠡᠶ ᠬᠡᠯᠲᠡᠰ ᠤᠨ ᠪᠠᠶᠢᠭ᠎ᠠ ᠭᠠᠵᠠᠷ ᠤᠨ | ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠵᠢᠯᠯᠠᠵᠤ | ᠂ ᠲᠡᠭᠦᠨ ᠤ ᠪᠦᠯᠦᠭᠯᠡᠯ ᠤᠨ ᠡᠯ᠎ᠡ ᠬᠡᠯᠬᠢᠶ᠎ᠡ ︵ᠬᠤᠪᠢ ᠡᠵᠡᠮᠳᠡᠭᠰᠡᠨ᠂ ᠬᠤᠪᠢᠶᠠᠷᠢᠯᠠᠭᠰᠠᠨ︶ ᠡᠮᠴᠢᠯᠡᠭᠡᠨ ᠤ | ᠪᠠᠶᠢᠭᠤᠯᠤᠮᠵᠢ ᠶᠢ ᠭᠤᠤᠯᠳᠠᠯᠭ᠎ᠠ ᠲᠠᠢ ᠵᠣᠬᠢᠴᠠᠭᠤᠯᠵᠤ ᠲᠠᠷᠢᠬᠤ ᠰᠢᠳᠦ ᠶᠢ ᠲᠥᠪᠯᠡᠷᠡᠭᠦᠯᠦᠨ ᠬᠡᠮᠵᠢᠶ᠎ᠡ ᠲᠠᠢ | ᠬᠤᠳᠠᠯᠳᠤᠨ ᠠᠪᠬᠤ᠂ ᠬᠡᠷᠡᠭᠵᠢᠭᠦᠯᠬᠦ ᠶᠠᠪᠤᠴᠠ ᠳᠤ ᠰᠣᠩᠭᠤᠭᠳᠠᠭᠰᠠᠨ ᠦᠷ᠎ᠡ ᠳ᠋ᠦᠩ ᠢ ᠲᠣᠭᠲᠠᠭᠠᠬᠤ ᠳᠤ | ᠣᠷᠣᠯᠴᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠣᠯᠠᠨ | ᠲᠦᠮᠡᠨ ᠤ ᠬᠦᠰᠡᠯ ᠡᠷᠡᠮᠡᠯᠵᠡᠯ ᠪᠠ ᠡᠮᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠤᠨ ᠬᠠᠷᠢᠭᠤᠴᠠᠯᠭ᠎ᠠ ᠶᠢ ᠲᠣᠳᠣᠷᠬᠠᠶ | ᠶᠠᠷᠢᠵᠤ᠂ ᠲᠥᠪᠯᠡᠷᠡᠭᠦᠯᠦᠨ ᠬᠤᠳᠠᠯᠳᠤᠨ ᠠᠪᠤᠭᠰᠠᠨ ᠤ ᠳᠠᠷᠠᠭᠠᠬᠢ ᠠᠵᠢᠯ ᠲᠥᠷᠥᠯ ᠤᠨ ᠪᠠᠶᠢᠷᠢᠰᠢᠯᠠᠭᠤᠯᠤᠯᠲᠠ ᠪᠠ | ᠡᠪᠡᠳᠴᠢᠲᠡᠨ ᠤ ᠡᠪᠡᠳᠴᠢᠨ ᠦᠵᠡᠭᠦᠯᠬᠦ ᠦᠢᠯᠡ ᠠᠵᠢᠯᠯᠠᠭ᠎ᠠ ᠶᠢᠨ ᠬᠤᠪᠢᠷᠠᠯᠲᠠ ᠶᠢᠨ ᠬᠠᠨᠳᠤᠰᠢ ᠶᠢ ᠵᠠᠳᠠᠯᠵᠤ᠂ | ᠬᠠᠮᠢᠶ᠎ᠠ ᠪᠥᠬᠦᠶ ᠢᠵᠢ ᠪᠥᠷᠢᠳᠦᠭᠦᠯᠬᠦ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠴᠢᠬᠤᠯᠠᠴᠢᠯᠠᠨ᠂ | ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠤᠯᠤᠰ ᠣᠷᠣᠨ ᠤ ᠰᠠᠨᠠᠭᠠᠴᠢᠯᠠᠭ᠎ᠠ ᠪᠠ ᠠᠷᠠᠳ | ᠣᠯᠠᠨ ᠤ ᠬᠦᠰᠡᠯ ᠡᠷᠡᠮᠡᠯᠵᠡᠯ ᠯᠦᠭᠡ ᠵᠡᠷᠭᠡ ᠪᠠᠷ ᠤᠷᠤᠭᠰᠢᠯᠠᠬᠤ ᠶᠠᠪᠤᠴᠠ ᠳᠤ ᠬᠥᠭᠵᠢᠭᠦᠯᠬᠦ ᠠᠵᠠ ᠲᠣᠬᠢᠶᠠᠯ | ᠣᠯᠭᠤᠬᠤ ᠬᠡᠷᠡᠭᠲᠡᠶ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠨᠢ ᠠᠷᠠᠳ ᠠᠴᠠ | ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠵᠡᠷᠭᠡ ᠣᠯᠠᠨ ᠴᠡᠭ ᠲᠤ ᠠᠵᠢᠯ ᠡᠷᠭᠢᠯᠡᠬᠦ ᠶᠢᠨ ᠬᠠᠮᠲᠤ | ᠬᠠᠷᠢᠭᠤᠴᠠᠯᠭᠠᠲᠠᠨ ᠪᠤᠶᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠣᠯᠤᠭᠰᠠᠨ ᠪᠣᠯ ᠲᠣᠰ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠲᠡᠭᠦᠨ ᠢ ᠰᠢᠮᠳᠠᠭᠤᠯᠵᠤ ᠲᠥᠪᠯᠡᠷᠡᠭᠦᠯᠦᠨ ᠬᠤᠳᠠᠯᠳᠤᠨ | ᠠᠪᠬᠤ ᠳᠤ ᠣᠷᠣᠯᠴᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠪᠢᠴᠢᠭ ᠤᠨ ᠬᠡᠯᠪᠡᠷᠢ ᠪᠠᠷ ᠡᠨᠡ ᠤᠳᠠᠭᠠᠨ ᠤ | ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠡᠰᠡᠬᠦ ᠶᠢ ᠨᠤᠲᠠᠯᠠᠭᠠᠷᠠᠶ᠃ | ︵ᠶᠢᠰᠦ︶ ᠲᠠᠷᠢᠬᠤ ᠰᠢᠳᠦ ᠶᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠦᠨᠡᠨ | ᠮᠥᠨ ᠢᠶᠠᠷ ᠨᠢ ᠣᠨᠣᠪᠴᠢᠲᠠᠶ ᠲᠠᠭᠯᠠᠨ ᠮᠡᠳᠡᠭᠦᠯᠦᠨ᠎ᠡ᠃ ᠡᠯ᠎ᠡ ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ | ᠰᠠᠯᠠᠭ᠎ᠠ ᠮᠥᠴᠢᠷ ᠲᠣᠰ ᠲᠣᠰ ᠮᠤᠵᠢ ᠶᠢᠨ ᠳᠣᠲᠤᠷ᠎ᠠ ᠪᠠᠨ ᠡᠨᠡ ᠤᠳᠠᠭᠠᠨ ᠤ ᠲᠥᠪᠯᠡᠷᠡᠭᠦᠯᠦᠨ ᠬᠤᠳᠠᠯᠳᠤᠨ | ᠠᠪᠬᠤ ᠳᠤ ᠣᠷᠣᠯᠴᠠᠭᠰᠠᠨ ᠠᠯᠪᠠᠨ ᠠᠴᠠ ᠪᠠᠶᠢᠭᠤᠯᠤᠭᠰᠠᠨ ᠪᠠ ᠠᠷᠠᠳ ᠠᠴᠠ ᠡᠵᠡᠩᠨᠡᠭᠰᠡᠨ ᠡᠮᠴᠢᠯᠡᠭᠡᠨ ᠤ | ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ | ᠬᠡᠷᠡᠭᠴᠡᠭᠡ ᠱᠠᠭᠠᠷᠳᠠᠯᠭ᠎ᠠ ᠶᠢ ᠲᠠᠭᠯᠠᠨ ᠮᠡᠳᠡᠭᠦᠯᠦᠨ᠎ᠡ᠃ ᠲᠠᠭᠯᠠᠨ ᠮᠡᠳᠡᠭᠦᠯᠬᠦ ᠠᠭᠤᠯᠭ᠎ᠠ ᠳᠤ ᠲᠣᠰ ᠨᠢᠭᠡᠴᠢ ᠶᠢᠨ | ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠤᠨ ᠳᠡᠭᠡᠷ᠎ᠡ ᠨᠢᠭᠡ ᠵᠢᠯ ᠤᠨ ᠪᠣᠳᠠᠲᠠᠶ ᠬᠤᠳᠠᠯᠳᠤᠨ ᠠᠪᠤᠭᠰᠠᠨ | ᠬᠡᠮᠵᠢᠶ᠎ᠡ᠂ ᠬᠤᠳᠠᠯᠳᠤᠨ ᠠᠪᠤᠭᠰᠠᠨ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ᠂ ᠰᠢᠳᠦᠨ ᠤ ᠦᠢᠯᠡᠴᠢᠯᠡᠭᠡ | ᠬᠠᠩᠭᠠᠭᠰᠠᠨ ᠰᠢᠳᠦᠨ ᠤ ᠰᠠᠯᠠᠭᠠᠨ ᠤ ᠡᠮᠴᠢ ᠶᠢᠨ ᠰᠠᠨᠳᠠᠯᠢ ᠶᠢᠨ ᠲᠤᠭ᠎ᠠ ᠶᠢ ᠪᠠᠭᠲᠠᠭᠠᠨ᠎ᠠ᠃ ᠬᠡᠷᠡᠭᠴᠡᠭᠡ | ᠱᠠᠭᠠᠷᠳᠠᠯᠭ᠎ᠠ ᠶᠢᠨ ᠬᠡᠮᠵᠢᠶ᠎ᠡ ᠶᠢ ᠲᠠᠭᠯᠠᠨ ᠮᠡᠳᠡᠭᠦᠯᠬᠦ ᠳᠤ ᠵᠠᠷᠴᠢᠮ ᠳᠡᠭᠡᠷ᠎ᠡ ᠪᠠᠨ ᠳᠡᠭᠡᠷ᠎ᠡ ᠨᠢᠭᠡ ᠵᠢᠯ ᠤᠨ ᠪᠣᠳᠠᠲᠠᠶ | ᠬᠤᠳᠠᠯᠳᠤᠨ ᠠᠪᠬᠤ ᠬᠡᠮᠵᠢᠶ᠎ᠡ ᠠᠴᠠ ᠳᠤᠤᠷ᠎ᠠ ᠪᠠᠶᠢᠯᠭᠠᠬᠤ ᠥᠬᠡᠶ ᠪᠠᠶᠢᠬᠤ ᠶᠢᠨ ᠬᠠᠮᠲᠤ ᠳᠠᠷᠢᠬᠤ ᠰᠢᠳᠦᠨ ᠤ | ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠬᠦ ᠬᠦᠴᠦᠨ ᠵᠦᠢᠯ ᠢ ᠤᠷᠢᠳ ᠢᠶᠠᠷ ᠪᠣᠳᠣᠯᠬᠢᠯᠠᠵᠤ᠂ ᠮᠡᠳᠡᠭᠦᠯᠬᠦ ᠬᠡᠮᠵᠢᠶ᠎ᠡ ᠶᠢᠨ | ᠵᠥᠪ ᠣᠨᠣᠪᠴᠢᠲᠠᠶ ᠵᠦᠶ ᠵᠣᠬᠢᠰᠲᠠᠶ ᠪᠠᠶᠢᠬᠤ ᠶᠢ ᠦᠨᠡᠨ ᠬᠦ ᠪᠠᠲᠤᠯᠠᠨ᠂ ᠬᠡᠮᠵᠢᠶ᠎ᠡ ᠪᠠᠷ ᠦᠨ᠎ᠡ ᠰᠣᠯᠢᠬᠤ ᠶᠢ ᠨᠠᠩ | ᠰᠠᠶᠢᠨ ᠪᠡᠶᠡᠯᠡᠭᠦᠯᠵᠦ᠂ ᠰᠣᠩᠭᠤᠭᠳᠠᠭᠰᠠᠨ ᠠᠵᠤ ᠠᠬᠤᠶᠢᠯᠠᠯ ᠤᠨ ᠬᠠᠩᠭᠠᠯᠭ᠎ᠠ ᠶᠢ ᠪᠠᠲᠤᠯᠠᠬᠤ ᠳᠤ ᠲᠥᠬᠦᠮ | ᠦᠵᠡᠭᠦᠯᠦᠨ᠎ᠡ᠃ ᠬᠤᠯᠪᠣᠭᠠᠨ ᠤ ᠭᠠᠵᠠᠷ ᠣᠷᠣᠨ ᠨᠢ ᠵᠣᠬᠢᠬᠤ ᠠᠷᠭ᠎ᠠ ᠮᠠᠶ᠋ᠢᠭ ᠢᠶᠠᠷ ᠲᠣᠰ ᠭᠠᠵᠠᠷ ᠣᠷᠣᠨ ᠤ ᠡᠯ᠎ᠡ | ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠦᠭᠰᠡᠨ ᠬᠡᠮᠵᠢᠶ᠎ᠡ ᠶᠢᠨ ᠦᠷ᠎ᠡ ᠳ᠋ᠦᠩ ᠢ ᠢᠯᠡ ᠪᠣᠯᠭᠠᠵᠤ᠂ ᠨᠡᠶᠢᠭᠡᠮ ᠤᠨ | ᠬᠢᠨᠠᠯᠲᠠ ᠲᠠᠯᠪᠢᠯᠲᠠ ᠶᠢ ᠬᠦᠯᠢᠶᠡᠬᠦ ᠶᠢᠨ ᠬᠠᠮᠲᠤ ᠰᠢᠳᠦ ᠳᠠᠷᠢᠬᠤ ᠦᠢᠯᠡᠴᠢᠯᠡᠭᠡ ᠥᠷᠨᠢᠭᠦᠯᠬᠦ ᠳᠤ ᠪᠠᠨ | ᠮᠡᠳᠡᠭᠦᠯᠦᠭᠰᠡᠨ ᠥᠬᠡᠶ ᠪᠤᠶᠤ ᠮᠡᠳᠡᠭᠦᠯᠦᠭᠰᠡᠨ ᠬᠡᠮᠵᠢᠶ᠎ᠡ ᠶᠢᠨ ᠨᠣᠷᠮ᠎ᠠ ᠨᠢ ᠳᠡᠭᠡᠷ᠎ᠡ ᠵᠢᠯ ᠤᠨ ᠪᠣᠳᠠᠲᠠᠶ ᠬᠡᠷᠡᠭᠯᠡᠭᠰᠡᠨ | ᠬᠡᠮᠵᠢᠶ᠎ᠡ ᠶᠢᠨ 80 % ᠳᠤ ᠬᠥᠷᠬᠦ ᠥᠬᠡᠶ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ | ᠵᠦᠷᠢᠶ᠎ᠡ ᠭᠠᠷᠭᠠᠬᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠡᠭᠦᠨ ᠳᠤ᠂ ᠲᠠᠷᠢᠬᠤ | ᠰᠢᠳᠦ ᠶᠢ ᠰᠠᠭᠤᠯᠭᠠᠬᠤ ᠪᠠ ᠰᠢᠳᠦᠨ ᠤ ᠲᠢᠲᠢᠮ ᠲᠠᠯᠪᠢᠬᠤ ᠮᠡᠰᠡ ᠵᠠᠰᠠᠯ ᠳᠤ ᠵᠠᠰᠠᠭ ᠤᠨ ᠣᠷᠳᠣᠨ ᠤ | ᠵᠢᠯᠣᠭᠤᠳᠤᠯᠭ᠎ᠠ ᠶᠢᠨ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠨᠢ ᠳᠡᠭᠡᠷ᠎ᠡ | ᠳᠤᠷᠠᠳᠤᠭᠰᠠᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠬᠤᠷᠢᠶᠠᠬᠤ ᠵᠠᠷᠤᠳᠠᠯ ᠢ | ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠶᠢᠨ 80 % ᠠᠴᠠ ᠬᠡᠲᠦᠷᠡᠭᠦᠯᠵᠦ ᠪᠣᠯᠬᠤ ᠥᠬᠡᠶ︔ ᠡᠵᠡᠨ | ᠮᠡᠳᠡᠵᠦ ᠦᠨ᠎ᠡ ᠲᠣᠭᠲᠠᠭᠠᠬᠤ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠳᠤ ᠳᠡᠭᠡᠷ᠎ᠡ ᠳᠤᠷᠠᠳᠤᠭᠰᠠᠨ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠬᠤᠷᠢᠶᠠᠬᠤ ᠵᠠᠷᠤᠳᠠᠯ ᠢ ᠲᠣᠰ ᠭᠠᠵᠠᠷ | ᠣᠷᠣᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠵᠡᠨ ᠮᠡᠳᠡᠵᠦ ᠦᠨ᠎ᠡ ᠲᠣᠭᠲᠠᠭᠠᠬᠤ | ᠳᠤᠮᠳᠠᠴᠢ ᠬᠢᠷᠢ ᠬᠡᠮᠵᠢᠶ᠎ᠡ ᠶᠢᠨ 80 % ᠠᠴᠠ ᠬᠡᠲᠦᠷᠡᠭᠦᠯᠵᠦ ᠪᠣᠯᠬᠤ ᠥᠬᠡᠶ᠃ | ᠳᠥᠷᠪᠡ᠂ ᠠᠮᠠᠨ ᠬᠥᠨᠳᠡᠶ ᠳᠤ ᠳᠠᠷᠢᠬᠤ ᠵᠠᠷᠤᠳᠠᠯ ᠬᠤᠷᠢᠶᠠᠬᠤ ᠶᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠎ᠡ | ︵ᠠᠷᠪᠠ︶ ᠠᠮᠠᠨ ᠬᠥᠨᠳᠡᠶ ᠳᠤ ᠳᠠᠷᠢᠬᠤ ᠦᠨ᠎ᠡ ᠬᠠᠩᠰᠢ ᠶᠢᠨ ᠬᠡᠪ ᠤᠨ ᠪᠤᠰᠤ ᠶᠢ ᠰᠡᠡᠷᠡᠮᠵᠢᠯᠡᠭᠦᠯᠬᠦ ᠲᠦᠷᠢᠮ ᠢ | ᠰᠦᠪᠡᠭᠴᠢᠯᠡᠨ ᠪᠠᠶᠢᠭᠤᠯᠤᠨ᠎ᠠ᠃ ᠡᠯ᠎ᠡ ᠮᠤᠵᠢ ᠶᠢᠨ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠬᠢᠨ ᠲᠤᠰᠬᠠᠶ ᠣᠷᠣᠨ ᠬᠤᠲᠠ ᠪᠠᠷ ᠨᠢᠭᠡᠴᠢ ᠪᠣᠯᠭᠠᠨ ᠠᠮᠠᠨ ᠬᠥᠨᠳᠡᠶ ᠳᠤ ᠳᠠᠷᠢᠬᠤ ᠦᠨ᠎ᠡ ᠬᠠᠩᠰᠢ ᠶᠢᠨ ᠬᠡᠪ ᠤᠨ | ᠪᠤᠰᠤ ᠶᠢ ᠰᠡᠷᠡᠮᠵᠢᠯᠡᠭᠦᠯᠬᠦ ᠲᠦᠷᠢᠮ ᠢ ᠪᠠᠶᠢᠭᠤᠯᠵᠤ᠂ ᠦᠨ᠎ᠡ ᠬᠠᠩᠰᠢ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠨᠢ | ᠨᠡᠯᠢᠶᠡᠳ ᠠᠷᠪᠢᠨ᠂ ᠦᠨ᠎ᠡ ᠲᠣᠭᠲᠠᠭᠠᠭᠰᠠᠨ ᠨᠢ ᠲᠤᠬᠠᠶ ᠶᠢᠨ ᠭᠠᠵᠠᠷ ᠤᠨ ᠳᠤᠮᠳᠠᠴᠢ ᠬᠢᠷᠢ ᠲᠦᠪᠰᠢᠨ ᠠᠴᠠ | ᠢᠯᠡᠳᠲᠡ ᠥᠨᠳᠥᠷ ᠪᠠᠶᠢᠵᠤ᠂ ᠲᠠᠷᠢᠬᠤ ᠰᠢᠳᠦ ᠶᠢ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠶᠢ | ᠲᠡᠪᠴᠢᠬᠦ ᠪᠤᠶᠤ ᠨᠠᠵᠠᠭᠠᠶ ᠬᠠᠨᠳᠤᠵᠤ᠂ ᠪᠣᠳᠠᠲᠤ ᠬᠡᠷᠡᠭ ᠢ ᠬᠠᠭᠤᠷᠮᠠᠭᠯᠠᠨ ᠵᠣᠬᠢᠶᠠᠵᠤ ᠲᠥᠪᠯᠡᠷᠡᠭᠦᠯᠦᠨ ᠬᠤᠳᠠᠯᠳᠤᠨ | ᠠᠪᠬᠤ ᠳᠤ ᠣᠷᠣᠯᠴᠠᠬᠤ ᠨᠢᠭᠡᠴᠢ ᠪᠠ ᠰᠣᠩᠭᠤᠭᠳᠠᠭᠰᠠᠨ ᠦᠢᠯᠡᠳᠭᠦᠨ ᠢ ᠮᠠᠭᠤᠰᠢᠶᠠᠨ ᠬᠤᠬᠢᠷᠠᠭᠤᠯᠵᠤ᠂ | ᠲᠣᠬᠢᠷᠠᠭᠤᠯᠤᠨ ᠡᠵᠡᠮᠳᠡᠬᠦ ᠠᠵᠢᠯ ᠳᠤ ᠬᠠᠮᠵᠢᠯᠴᠠᠬᠤ ᠥᠬᠡᠶ ᠪᠠᠷ ᠬᠡᠶᠢᠰᠪᠦᠷᠢ ᠥᠨᠳᠥᠷ ᠦᠨ᠎ᠡ ᠬᠠᠩᠰᠢ ᠶᠢ | ᠬᠠᠮᠠᠭᠠᠯᠠᠵᠤ ᠪᠠᠶᠢᠭ᠎ᠠ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠬᠠᠩᠰᠢ ᠶᠢᠨ | ᠬᠡᠪ ᠤᠨ ᠪᠤᠰᠤ ᠶᠢ ᠰᠡᠷᠡᠮᠵᠢᠯᠡᠭᠦᠯᠬᠦ ᠨᠡᠷᠡᠰ ᠲᠤ ᠣᠷᠣᠭᠤᠯᠬᠤ ᠶᠢᠨ ᠬᠠᠮᠲᠤ ᠤᠯᠠᠷᠢᠯ ᠪᠦᠷᠢ ᠲᠤᠬᠠᠶ ᠶᠢᠨ ᠭᠠᠵᠠᠷ ᠤᠨ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠯᠪᠠᠨ ᠰᠦᠯᠵᠢᠶ᠎ᠡ ᠳᠤ ᠢᠯᠡ ᠨᠡᠶᠢᠲᠡᠯᠡᠨ᠎ᠡ᠃ ᠵᠢᠯ ᠤᠨ | ᠳᠣᠲᠣᠷ᠎ᠠ ᠣᠯᠠᠨ ᠤᠳᠠᠭ᠎ᠠ ᠰᠡᠷᠡᠮᠵᠢᠯᠡᠭᠦᠯᠬᠦ ᠨᠡᠷᠡᠰ ᠲᠤ ᠣᠷᠣᠭᠰᠠᠨ ᠡᠮᠴᠢᠯᠡᠭᠡᠨ ᠤ ᠪᠠᠶᠢᠭᠤᠯᠤᠮᠵᠢ ᠶᠢ ᠮᠤᠵᠢ ᠶᠢᠨ | ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠥᠪᠯᠡᠷᠡᠭᠦᠯᠦᠨ ᠮᠡᠳᠡᠭᠡᠯᠡᠨ᠎ᠡ᠃ ᠦᠢᠯᠡ | ᠪᠠᠶᠢᠳᠠᠯ ᠨᠢ ᠬᠦᠨᠳᠦ ᠨᠣᠴᠢᠲᠠᠢ ᠪᠣᠯ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠨᠢᠭᠡᠳᠦᠯᠲᠡᠢ | ᠢᠯᠡᠴᠢᠯᠡᠬᠦ ᠬᠡᠷᠡᠭᠲᠡᠢ᠃ ᠦᠨ᠎ᠡ ᠬᠠᠩᠰᠢ ᠶᠢᠨ ᠬᠡᠪ ᠤᠨ ᠪᠤᠰᠤ ᠶᠢ ᠰᠡᠷᠡᠮᠵᠢᠯᠡᠭᠦᠯᠬᠦ ᠨᠡᠷᠡᠰ ᠲᠤ ᠵᠢᠭᠰᠠᠭᠠᠭᠳᠠᠨ | ᠣᠷᠣᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠢᠨᠠᠨ ᠪᠠᠶᠢᠴᠠᠭᠠᠵᠤ ᠰᠡᠷᠡᠮᠵᠢᠯᠡᠭᠦᠯᠬᠦ᠂ ᠵᠠᠬᠢᠳᠠᠯ ᠢᠶᠠᠷ ᠠᠰᠠᠭᠤᠵᠤ | ᠪᠣᠯᠵᠣᠨ ᠶᠠᠷᠢᠯᠴᠠᠬᠤ᠂ ᠰᠠᠨᠠᠭᠤᠯᠵᠤ ᠰᠡᠷᠡᠮᠵᠢᠯᠡᠭᠦᠯᠬᠦ᠂ ᠥᠪᠡᠷ ᠤᠨ ᠥᠷᠲᠡᠭ ᠤᠨ ᠪᠠᠶᠢᠴᠠᠭᠠᠯᠲᠠ ᠬᠢᠬᠦ᠂ ᠮᠡᠳᠡᠭᠡ | ᠵᠠᠩᠭᠢ ᠨᠡᠶᠢᠲᠡᠯᠡᠬᠦ᠂ ᠢᠯᠡᠴᠢᠯᠡᠬᠦ ᠵᠡᠷᠭᠡ ᠬᠢᠨᠠᠨ ᠬᠠᠮᠢᠶᠠᠷᠬᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠵᠠᠬ᠎ᠠ | ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠠᠷᠢᠶᠠᠯᠠᠭᠳᠠᠪᠠᠯ᠂ ᠲᠡᠳᠡᠨ ᠤ ᠳᠤᠷᠠᠳᠤᠭᠰᠠᠨ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ | ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠵᠡᠷᠭᠡ ᠮᠡᠳᠡᠭᠦᠯᠬᠦ ᠵᠦᠢᠯᠡᠰ ᠲᠤ ᠪᠣᠯᠭᠤᠮᠵᠢᠲᠠᠶ ᠬᠠᠨᠳᠤᠵᠤ᠂ | ᠴᠢᠬᠤᠯᠠ ᠲᠠᠢ ᠦᠶᠡᠰ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵ᠠᠷᠪᠠᠨ ᠨᠢᠭᠡ︶ ᠮᠤᠵᠢ ᠪᠠᠷ ᠨᠢᠭᠡᠴᠢ ᠪᠣᠯᠭᠠᠨ ᠠᠮᠠᠨ ᠬᠥᠨᠳᠡᠢ ᠳᠤ ᠲᠠᠷᠢᠬᠤ ᠦᠨ᠎ᠡ ᠬᠠᠩᠰᠢ ᠶᠢᠨ | ᠪᠠᠶᠢᠴᠠᠭᠠᠯᠲᠠ ᠬᠢᠨ᠎ᠡ᠃ ᠲᠤᠰᠬᠠᠶ ᠵᠠᠰᠠᠯᠲᠠ ᠶᠢ ᠡᠬᠢᠯᠡᠭᠦᠯᠬᠦ ᠱᠠᠲᠤ ︵2022 ᠣᠨ ᠤ 8 ᠳ᠋ᠤᠭᠠᠷ ᠰᠠᠷ᠎ᠠ︶ ᠳᠤ᠂ | ︽ᠬᠥᠨᠳᠡᠯᠡᠨ ᠢᠶᠠᠷ ᠬᠥᠪᠡᠭᠡ ᠵᠠᠬ᠎ᠠ ᠳᠤ ᠨᠢ ᠬᠦᠷᠬᠦ᠂ ᠭᠤᠯᠳᠤ ᠪᠠᠷ ᠲᠤᠭᠤᠰᠢᠲᠠᠶ ᠪᠠᠶᠢᠯᠭᠠᠬᠤ᠂ ᠪᠦᠬᠦᠨ ᠢ ᠬᠠᠮᠤᠷᠬᠤ | ︾ ᠵᠠᠷᠴᠢᠮ ᠶᠣᠰᠣᠭᠠᠷ ᠠᠮᠠᠨ ᠬᠥᠨᠳᠡᠶ ᠳᠤ ᠲᠠᠷᠢᠬᠤ ᠵᠠᠷᠤᠳᠠᠯ ᠬᠤᠷᠢᠶᠠᠬᠤ ᠪᠠ ᠡᠮᠴᠢᠯᠡᠭᠡᠨ ᠤ ᠦᠢᠯᠡᠴᠢᠯᠡᠭᠡ ᠶᠢᠨ | ᠦᠨ᠎ᠡ ᠬᠠᠩᠰᠢ ᠶᠢ ᠪᠠᠶᠢᠴᠠᠭᠠᠨ ᠳᠠᠩᠰᠠᠯᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠲᠥᠰᠦᠯ ᠪᠠ ᠦᠨ᠎ᠡ ᠬᠠᠩᠰᠢ ᠶᠢ | ᠵᠢᠷᠤᠮᠵᠢᠭᠤᠯᠤᠨ᠂ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠬᠡᠷᠡᠭᠵᠢᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠨ᠎ᠠ᠃ ᠪᠠᠶᠢᠴᠠᠭᠠᠵᠤ ᠳᠠᠩᠰᠠᠯᠠᠬᠤ ᠬᠤᠭᠤᠴᠠᠭᠠᠨ ᠳᠤ ᠣᠯᠵᠤ ᠮᠡᠳᠡᠭᠰᠡᠨ ᠲᠣᠭᠲᠠᠭᠠᠯ ᠠᠴᠠ | ᠵᠥᠷᠢᠴᠡᠨ ᠵᠠᠷᠤᠳᠠᠯ ᠬᠤᠷᠢᠶᠠᠭᠰᠠᠨ ᠰᠦᠪᠡᠭᠴᠢ ᠶᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠵᠦ ᠵᠠᠯᠠᠷᠠᠭᠤᠯᠬᠤ | ᠬᠡᠷᠡᠭᠲᠡᠶ᠃ ᠲᠤᠰᠬᠠᠶ ᠵᠠᠰᠠᠯᠲᠠ ᠶᠢ ᠬᠡᠷᠡᠭᠵᠢᠭᠦᠯᠬᠦ ᠱᠠᠲᠤ ︵2022 ᠣᠨ ᠤ 12 ᠳ᠋ᠤᠭᠠᠷ ᠰᠠᠷ᠎ᠠ - 2023 | ᠣᠨ ᠤ 3 ᠳ᠋ᠤᠭᠠᠷ ᠰᠠᠷ᠎ᠠ︶᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠢᠨᠠᠨ | ᠪᠠᠶᠢᠴᠠᠭᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ | ᠪᠠᠶᠢᠭᠤᠯᠤᠮᠵᠢ ᠶᠢᠨ ᠠᠮᠠᠨ ᠬᠥᠨᠳᠡᠶ ᠳᠤ ᠳᠠᠷᠢᠭᠰᠠᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ | ᠬᠡᠷᠡᠭᠵᠢᠭᠦᠯᠦᠭᠰᠡᠨ ᠪᠠᠶᠢᠳᠠᠯ ᠪᠠ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ ᠢ ᠪᠣᠳᠠᠲᠠᠶ ᠬᠤᠳᠠᠯᠳᠤᠨ ᠠᠪᠤᠭᠰᠠᠨ | ᠪᠠᠶᠢᠳᠠᠯ ᠵᠢᠴᠢ ᠲᠠᠷᠢᠬᠤ ᠰᠢᠳᠦᠨ ᠤ ᠬᠤᠷᠣᠭᠳᠠᠯ ᠮᠠᠲ᠋ᠧᠷᠢᠶᠠᠯ᠂ ᠳᠠᠷᠢᠬᠤ ᠰᠢᠳᠦᠨ ᠤ ᠮᠡᠰᠡ ᠵᠠᠰᠠᠯ ᠤᠨ ᠦᠨ᠎ᠡ | ᠬᠠᠩᠰᠢ᠂ ᠡᠪᠡᠳᠴᠢᠲᠡᠨ ᠤ ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠵᠡᠷᠭᠡ ᠭᠤᠤᠯᠳᠠᠯᠭ᠎ᠠ ᠲᠠᠢ ᠭᠦᠢᠴᠡᠳᠭᠡᠯ | ᠲᠤᠭ᠎ᠠ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠡᠯ᠎ᠡ ᠵᠦᠢᠯ ᠤᠨ ᠵᠠᠰᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠨᠡᠨ ᠬᠦ ᠪᠠᠲᠤᠯᠠᠵᠤ᠂ ᠮᠤᠵᠢ ᠶᠢᠨ ᠳᠡᠰ ᠤᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠮᠤᠵᠢ ᠪᠠᠷ ᠨᠢᠭᠡᠴᠢ ᠪᠣᠯᠭᠠᠨ ᠮᠡᠳᠡᠭᠦᠯᠦᠯᠲᠡ ᠪᠢᠴᠢᠵᠦ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠨ᠎ᠡ᠃ ᠲᠤᠰᠬᠠᠶ ᠵᠠᠰᠠᠯᠲᠠ ᠶᠢᠨ ︽ᠡᠷᠬᠢᠨ ᠬᠠᠷᠠᠬᠤ︾ | ᠱᠠᠲᠤ ︵ᠡᠯ᠎ᠡ ᠮᠤᠵᠢ ᠨᠢ 2023 ᠣᠨ ᠤ ᠳᠤᠤᠷ᠎ᠠ ᠬᠠᠭᠠᠰ ᠵᠢᠯ ᠳᠤ ᠵᠣᠬᠢᠰᠲᠠᠶ ᠴᠠᠭ ᠢ ᠰᠣᠩᠭᠤᠵᠤ | ᠪᠠᠶᠢᠷᠢᠯᠠᠭᠤᠯᠤᠨ᠎ᠠ︶᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ᠂ ᠣᠷᠣᠨ ᠪᠦᠰᠡ ᠶᠢᠨ ᠳᠣᠲᠣᠷᠠᠬᠢ ᠦᠨ᠎ᠡ ᠶᠢᠨ ᠵᠢᠭᠰᠠᠭᠠᠯᠲᠠ ᠶᠢᠨ ᠡᠮᠦᠨ᠎ᠡ | ᠪᠠᠶᠢᠭ᠎ᠠ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠨᠢ ᠨᠡᠯᠢᠶᠡᠳ ᠣᠯᠠᠨ᠂ ᠲᠠᠷᠢᠬᠤ ᠰᠢᠳᠦ ᠶᠢ | ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠶᠢ ᠲᠡᠪᠴᠢᠭᠰᠡᠨ ᠪᠤᠶᠤ ᠮᠡᠳᠡᠭᠦᠯᠬᠦ ᠶᠢ ᠨᠢᠭᠤᠭᠰᠠᠨ | ᠡᠮᠴᠢᠯᠡᠭᠡᠨ ᠤ ᠪᠠᠶᠢᠭᠤᠯᠤᠮᠵᠢ ᠪᠠᠷ ᠪᠠᠶᠢᠴᠠᠭᠠᠬᠤ ᠭᠤᠣᠯᠳᠠᠯᠭ᠎ᠠ ᠪᠣᠯᠭᠠᠨ᠂ ᠪᠠᠶᠢᠴᠠᠭᠠᠬᠤ ᠶᠠᠪᠤᠴᠠ ᠳᠤ ᠡᠮᠴᠢᠯᠡᠭᠡᠨ ᠤ | ᠪᠠᠶᠢᠭᠤᠯᠤᠮᠵᠢ ᠳᠠᠪᠬᠤᠷ ᠵᠠᠷᠤᠳᠠᠯ ᠬᠤᠷᠢᠶᠠᠵᠤ ᠪᠠᠶᠢᠬᠤ ᠶᠢ ᠣᠯᠵᠤ ᠮᠡᠳᠡᠭᠰᠡᠨ᠂ ᠦᠨ᠎ᠡ ᠬᠠᠩᠰᠢ ᠶᠢᠨ ᠮᠡᠬᠡᠯᠡᠯ᠂ | ᠬᠤᠳᠠᠯ ᠬᠠᠭᠤᠷᠮᠠᠭ ᠤᠬᠠᠭᠤᠯᠭ᠎ᠠ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠵᠢᠴᠢ ᠠᠮᠠᠨ | ᠬᠥᠨᠳᠡᠶ ᠳᠤ ᠲᠠᠷᠢᠬᠤ ᠡᠮᠴᠢᠯᠡᠭᠡᠨ ᠤ ᠦᠢᠯᠡᠴᠢᠯᠡᠭᠡ ᠶᠢ ᠬᠠᠩᠭᠠᠬᠤ ᠶᠠᠪᠤᠴᠠ ᠳᠠᠬᠢ ᠵᠦᠶ ᠵᠣᠬᠢᠰ ᠦᠭᠡᠢ ᠵᠢᠷᠤᠮᠵᠢᠯ | ᠦᠭᠡᠢ ᠪᠠᠶᠢᠴᠠᠭᠠᠵᠤ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠠᠵᠢᠯ ᠲᠥᠷᠥᠯ ᠤᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠮᠡᠳᠡᠭᠦᠯᠬᠦ | ᠬᠡᠷᠡᠭᠲᠡᠢ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠠᠷᠤᠢ ᠳᠤ ᠨᠢ ᠲᠣᠬᠢᠷᠠᠭᠤᠯᠤᠨ ᠬᠢᠨᠠᠨ | ᠵᠢᠯᠣᠭᠤᠳᠬᠤ ᠪᠠ ᠰᠣᠯᠪᠢᠴᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ | ︵ᠠᠷᠪᠠᠨ ᠬᠤᠶᠠᠷ︶ ᠪᠥᠬᠦ ᠠᠵᠢᠯ ᠲᠥᠷᠥᠯ ᠤᠨ ᠬᠢᠨ ᠤ ᠡᠮ ᠡᠮᠨᠡᠯᠭᠡ ᠶᠢᠨ ᠦᠨ᠎ᠡ ᠬᠠᠩᠰᠢ ᠶᠢᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠵᠢᠦᠨᠡᠨ ᠬᠦ ᠭᠦᠢᠴᠡᠳᠭᠡᠨ᠎ᠡ᠃ ᠡᠯ᠎ᠡ ᠱᠠᠲᠤᠨ ᠤ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠠᠮᠠᠨ ᠬᠥᠨᠳᠡᠶ ᠳᠤ ᠲᠠᠷᠢᠬᠤ ᠵᠡᠷᠭᠡ ᠳᠤᠲᠠᠭᠰᠠᠨ ᠰᠢᠳᠦ ᠶᠢ ᠵᠠᠰᠠᠬᠤ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠪᠠ ᠬᠤᠷᠣᠭᠳᠠᠯ ᠮᠠᠲ᠋ᠧᠷᠢᠶᠠᠯ ᠢ ᠳᠤᠰᠬᠠᠢ ᠵᠠᠰᠠᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠠᠵᠢᠯ ᠲᠥᠷᠥᠯ ᠤᠨ ᠡᠮ ᠡᠮᠨᠡᠯᠭᠡ ᠶᠢᠨ ᠦᠨ᠎ᠡ ᠬᠠᠩᠰᠢ ᠶᠢᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠨ᠂ ᠲᠤᠰᠬᠠᠶ ᠬᠦᠴᠦᠨ ᠢ ᠵᠣᠬᠢᠶᠠᠨ | ᠪᠠᠶᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠠᠬᠢᠭᠤᠯᠤᠨ᠂ | ᠠᠯᠪᠠᠨ ᠠᠴᠠ ᠪᠠᠶᠢᠭᠤᠯᠤᠭᠰᠠᠨ ᠪᠠ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠦᠷ᠎ᠡ ᠪᠦᠲᠦᠮᠵᠢ ᠶᠢ ᠪᠣᠶ | ᠪᠣᠯᠭᠠᠨ᠎ᠠ᠃ ᠠᠷᠠᠳ ᠲᠦᠮᠡᠨ ᠢᠶᠠᠷ ᠭᠤᠣᠯᠯᠠᠭᠤᠯᠬᠤ ᠲᠦᠷᠦ ᠪᠠᠷᠢᠬᠤ ᠣᠶᠢᠯᠠᠭᠠᠭᠳᠠᠬᠤᠨ ᠢ ᠰᠠᠶᠢᠲᠤᠷ | ᠨᠠᠶᠢᠳᠠᠪᠤᠷᠢᠵᠢᠭᠤᠯᠵᠤ᠂ ᠲᠠᠷᠢᠬᠤ ᠰᠢᠳᠤᠨ ᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠲᠤᠬᠢᠷᠠᠭᠤᠯᠤᠨ | ᠡᠵᠡᠮᠳᠡᠬᠦ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠬᠠᠮᠵᠢᠯᠴᠠᠭ᠎ᠠ ᠶᠢ | ᠴᠢᠩᠭᠠᠳᠬᠠᠵᠤ᠂ ᠲᠠᠷᠢᠬᠤ ᠰᠢᠳᠤᠨ ᠡᠮᠴᠢᠯᠡᠭᠡᠨ ᠤ ᠦᠢᠯᠡᠴᠢᠯᠡᠭᠡ ᠪᠠ ᠬᠤᠷᠣᠭᠳᠠᠯ ᠮᠠᠲ᠋ᠧᠷᠢᠶᠠᠯ ᠤᠨ ᠬᠡᠶᠢᠰᠪᠦᠷᠢ | ᠥᠨᠳᠥᠷ ᠦᠨ᠎ᠡ ᠶᠢ ᠦᠨᠡᠨ ᠬᠦ ᠪᠠᠭᠤᠷᠠᠭᠤᠯᠵᠤ᠂ ᠠᠷᠠᠳ ᠤᠯᠠᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠵᠦ᠂ | ᠡᠮᠴᠢᠯᠡᠭᠡᠨ ᠤ ᠪᠠᠶᠢᠭᠤᠯᠤᠮᠵᠢ ᠶᠢ ᠬᠦᠳᠦᠯᠦᠨ ᠵᠢᠯᠣᠭᠤᠳᠴᠤ ᠢᠯᠡ ᠲᠣᠳᠣ ᠦᠨ᠎ᠡ ᠬᠠᠩᠰᠢ᠂ ᠴᠢᠨᠠᠷᠯᠢᠭ | ᠦᠢᠯᠡᠴᠢᠯᠡᠭᠡ᠂ ᠳᠦᠷᠢᠮᠵᠢᠭᠦᠯᠦᠭᠰᠡᠨ ᠬᠠᠮᠢᠶᠠᠷᠤᠯᠲᠠ᠂ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠵᠡᠷᠭᠡ ᠪᠠᠷ | ᠳᠠᠮᠵᠢᠭᠤᠯᠤᠨ ᠡᠮᠬᠢ ᠵᠢᠷᠤᠮ ᠲᠠᠢ ᠦᠷᠢᠰᠦᠯᠳᠦᠨ ᠡᠷᠡᠭᠦᠯ ᠴᠢᠬᠢᠷᠠᠭ ᠢᠶᠠᠷ ᠬᠥᠭᠵᠢᠭᠦᠯᠦᠨ᠎ᠡ᠃ | ᠣᠨᠴᠠᠭᠠᠶᠢᠯᠠᠨ ᠮᠡᠳᠡᠭᠳᠡᠪᠡ | | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2022 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ | | ᠳᠠᠭᠠᠯᠳᠤᠭᠤᠯᠤᠯ᠄ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠨᠡᠶᠢᠳᠡᠮ ᠳᠤ ᠨᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ | ᠴᠢᠯᠦᠭᠡᠲᠡᠢ ᠪᠣᠯᠭᠠᠬᠤ ᠶᠢ ᠵᠦᠪᠰᠢᠶᠡᠷᠡᠬᠦ ᠪᠠᠶᠢᠳᠠᠯ ᠤᠳ.pdf | | |