9 ᠳ᠋ᠦ᠋ᠭᠡᠷ ᠰᠠᠷ᠎ᠠ ᠶᠢᠨ 28 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ᠂ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ | ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠬᠥᠬᠡᠬᠤᠲᠠ ᠳᠤ︶ | ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ᠃ | ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ | ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ ᠲᠤᠬᠠᠢ ᠶᠢᠨ ᠭᠠᠵᠠᠷ ᠤᠨ | ᠲᠣᠳᠣᠯᠠᠭᠰᠠᠨ 24 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠪᠠ ᠂ ᠡᠭᠦᠨ ᠳᠤ ᠬᠥᠯᠥᠨ ᠪᠣᠶᠢᠷ | ᠬᠤᠲᠠ ᠳᠤ 2 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 22 ︵ᠰᠦᠩᠱᠠᠨ ᠲᠣᠭᠤᠷᠢᠭ ᠲᠤ | 10 ᠂ ᠣᠩᠨᠢᠭᠤᠳ ᠬᠤᠰᠢᠭᠤᠨ ᠳᠤ 12 ︶ ᠪᠣᠢ ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 22 | ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠲᠡᠳᠡᠭᠡᠷ ᠨᠢ ᠴᠥᠮ | ᠤᠯᠠᠭᠠᠨᠬᠠᠳᠠ ᠬᠤᠲᠠ ᠳᠤ ︵ ᠰᠦᠩᠱᠠᠨ ᠲᠣᠭᠤᠷᠢᠭ ᠲᠤ 12 ᠂ ᠣᠩᠨᠢᠭᠤᠳ ᠬᠤᠰᠢᠭᠤᠨ ᠳᠤ 10 ︶ ᠪᠣᠢ ᠃ | 9 ᠳ᠋ᠦ᠋ᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 72 ᠪᠠᠶᠢᠵᠤ᠂ | ᠡᠭᠦᠨ ᠳᠤ ᠬᠥᠬᠡᠬᠤᠲᠠ ᠳᠤ 1᠂ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ︶᠂ ᠤᠯᠠᠭᠠᠨᠬᠠᠳᠠ | ᠬᠤᠲᠠ ᠳᠤ 70 ︵ᠰᠦᠩᠱᠠᠨ ᠲᠣᠭᠤᠷᠢᠭ ᠲᠤ 43 ᠂ ᠣᠩᠨᠢᠭᠤᠳ ᠬᠤᠰᠢᠭᠤᠨ ᠳᠤ 23 ᠂ ᠠᠷᠤ ᠬᠤᠷᠴᠢᠨ | ᠬᠤᠰᠢᠭᠤᠨ ᠳᠤ 4︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 82 | ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 78 ︵ᠬᠤᠩᠱᠠᠨ ᠲᠣᠭᠤᠷᠢᠭ ᠲᠤ 1 ᠂ ᠰᠦᠩᠱᠠᠨ | ᠲᠣᠭᠤᠷᠢᠭ ᠲᠤ 35 ᠂ ᠣᠩᠨᠢᠭᠤᠳ ᠬᠤᠰᠢᠭᠤᠨ ᠳᠤ 42︶ ᠂ ᠪᠠᠶᠠᠨᠨᠠᠭᠤᠷ ᠬᠤᠲᠠ ᠳᠤ 4 ︵ᠴᠥᠮ ᠯᠢᠨ ᠾᠧ | ᠲᠣᠭᠤᠷᠢᠭ ᠲᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ | 14 ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠪᠠᠶᠢᠵᠤ᠂ ᠴᠥᠮ ᠬᠥᠬᠡᠬᠤᠲᠠ ᠳᠤ ᠪᠣᠶ᠃ | ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠠᠵᠦ ᠪᠠᠶᠢᠨ᠎ᠠ᠃ | |