ᠥᠪᠥᠷ ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ ﹇2022﹈ 20 ᠳ᠋ᠤᠭᠠᠷ ᠲᠣᠭᠠᠲᠤ | | ᠥᠪᠡᠷᠲᠡᠭᠡᠨ ᠵᠠᠰᠠᠬᠤ ᠣᠷᠣᠨ ᠤ ᠳᠡᠰ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠢ᠂ ᠡᠯ᠎ᠡ | ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠳᠤ᠄ | ᠥᠪᠡᠷᠲᠡᠭᠡᠨ ᠵᠠᠰᠠᠬᠤ ᠣᠷᠣᠨ ᠤ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ | ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠳᠡᠨ | ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠢ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠠᠵᠢᠯ ᠢ | ᠰᠠᠶᠢᠲᠤᠷ ᠬᠢᠬᠦ ᠶᠢᠨ ᠲᠥᠯᠦᠭᠡ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ | ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ | ᠡᠪᠡᠳᠴᠢᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ | ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2022﹈ 25 ᠳ᠋ᠤᠭᠠᠷ ᠲᠣᠭᠠᠲᠤ︶ ᠢ ᠦᠨᠳᠦᠰᠦᠯᠡᠨ᠂ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠤᠤᠷᠠᠬᠢ ᠮᠡᠲᠦ ᠮᠡᠳᠡᠭᠳᠡᠪᠡ᠄ | ᠨᠢᠭᠡ᠂ ᠡᠪᠡᠳᠴᠢᠨ ᠤ ᠲᠥᠷᠦᠯ ᠤᠨ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠢ ᠡᠪᠡᠳᠴᠢᠨ | ᠨᠡᠶᠢᠲᠡ ᠠᠷᠪᠠᠨ ᠵᠦᠢᠯ ᠪᠣᠶ᠄ ᠬᠤᠣᠷᠲᠤ ᠬᠠᠪᠤᠳᠠᠷ ᠤᠨ ᠰᠠᠴᠤᠷᠠᠭ ᠵᠠᠰᠠᠯ ᠪᠠ ᠬᠢᠮᠢ ᠶᠢᠨ ᠵᠠᠰᠠᠯ᠂ ᠴᠢᠰᠤ ᠶᠢ | ᠨᠡᠪᠴᠢᠭᠦᠯᠦᠨ ᠢᠯᠭᠠᠷᠠᠭᠤᠯᠬᠤ᠂ ᠬᠡᠪᠡᠯᠢ ᠶᠢᠨ ᠪᠦᠷᠬᠦᠪᠴᠢ ᠶᠢ ᠨᠡᠪᠴᠢᠭᠦᠯᠦᠨ ᠢᠯᠭᠠᠷᠠᠭᠤᠯᠬᠤ᠂ ᠨᠡᠬᠡᠳᠡᠰᠦ | ᠡᠷᠬᠡᠲᠡᠨ ᠢ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠥᠯᠦ ᠢᠵᠢᠯᠢᠰᠢᠬᠦ ᠶᠢ ᠰᠡᠷᠭᠡᠶᠢᠯᠡᠬᠦ ᠡᠮᠴᠢᠯᠡᠭᠡ᠂ | ᠠᠭᠤᠰᠬᠢᠨ ᠤ ᠯᠤᠭᠰᠢᠭᠤᠨ ᠰᠤᠳᠠᠯ ᠤᠨ ᠳᠠᠷᠤᠯᠲᠠ ᠥᠨᠳᠥᠷ᠂ ᠴᠢᠰᠤ ᠭᠤᠭᠤᠵᠢᠮᠠᠲᠠᠭᠠᠢ ᠡᠪᠡᠳᠴᠢᠨ᠂ ᠸᠢᠷᠦ᠋ᠰ ᠤᠨ | ᠴᠢᠨᠠᠷᠲᠠᠢ ᠡᠯᠢᠭᠡᠨ ᠤ ᠦᠷᠪᠢᠰᠦᠯ᠂ ᠨᠥᠬᠦᠬᠦ ᠬᠤᠭᠤᠴᠠᠭ᠎ᠠ ᠪᠠᠨ ᠠᠯᠳᠠᠭᠰᠠᠨ ᠡᠯᠢᠭᠡᠨ ᠤ ᠬᠠᠲᠠᠭᠤᠷᠠᠯ᠂ ᠴᠡᠴᠡᠷᠬᠡᠢ | ᠡᠪᠡᠳᠴᠢᠨ᠂ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ ᠵᠡᠷᠭᠡ ᠪᠣᠯᠤᠨ᠎ᠠ᠃ ᠳᠡᠭᠡᠷ᠎ᠡ | ᠳᠤᠷᠠᠳᠤᠭᠰᠠᠨ ᠬᠡᠪᠴᠢᠶᠡᠨ ᠳᠤ ᠦᠭᠡᠢ ᠤᠤᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ | ᠡᠪᠡᠳᠴᠢᠨ ᠤ ᠵᠦᠢᠯ ᠤᠨ ᠬᠠᠷᠠᠭᠠᠯᠵᠠᠯ ᠢ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ | ᠭᠥᠷᠳᠡᠵᠦ ᠪᠣᠯᠤᠨ᠎ᠠ᠂ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠵᠢᠯ ᠤᠨ | ᠬᠢᠵᠠᠭᠠᠷᠯᠠᠭᠰᠠᠨ ᠲᠤᠭ᠎ᠠ ᠶᠢ ᠬᠡᠷᠡᠭᠯᠡᠵᠦ ᠳᠠᠭᠤᠰᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ 2022 ᠣᠨ ᠤ | ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠦᠪᠯᠡᠭᠰᠡᠨ ᠬᠠᠷᠠᠭᠠᠯᠵᠠᠯ ᠢ ᠭᠥᠷᠳᠡᠵᠦ ᠪᠣᠯᠤᠨ᠎ᠠ᠃ 2023 | ᠣᠨ ᠠᠴᠠ ᠡᠬᠢᠯᠡᠨ᠂ ᠪᠦᠬᠦᠨ ᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠦᠪᠯᠡᠭᠰᠡᠨ ᠪᠠᠲᠤᠯᠠᠭ᠎ᠠ ᠳᠤ | ᠣᠷᠣᠭᠤᠯᠤᠨ᠎ᠠ᠃ | ᠬᠤᠶᠠᠷ᠂ ᠬᠠᠷᠠᠭᠠᠯᠵᠠᠯ ᠤᠨ ᠪᠠᠲᠤᠯᠠᠭ᠎ᠠ | ︵ᠨᠢᠭᠡ︶ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠬᠦᠷᠲᠡᠵᠦ | ᠪᠠᠶᠢᠭ᠎ᠠ ᠳᠠᠭᠠᠳᠬᠠᠯ ᠳᠤ ᠣᠷᠣᠯᠴᠠᠭᠰᠠᠳ᠂ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ | ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ | ᠨᠡᠶᠢᠴᠡᠭᠰᠡᠨ ᠡᠮ ᠡᠮᠨᠡᠯᠭᠡ ᠶᠢᠨ ᠵᠠᠷᠤᠳᠠᠯ ᠡᠭᠦᠰᠪᠡᠯ ᠨᠢᠭᠡ ᠵᠢᠯ ᠤᠨ ᠳᠣᠲᠣᠷ᠎ᠠ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠥᠭᠬᠦ ᠪᠠᠷᠢᠮᠵᠢᠶ᠎ᠠ 300 ᠲᠥᠭᠦᠷᠢᠭ | ᠪᠣᠯᠤᠨ᠎ᠠ︔ 300 ᠲᠥᠭᠦᠷᠢᠭ ᠠᠴᠠ ᠳᠡᠭᠡᠭᠰᠢ 3 . 5 ᠲᠦᠮᠡᠨ ᠲᠥᠭᠦᠷᠢᠭ ︵3 . 5 ᠲᠦᠮᠡᠨ ᠲᠥᠭᠦᠷᠢᠭ ᠢ | ᠪᠠᠭᠲᠠᠭᠠᠨ᠎ᠠ︶ ᠠᠴᠠ ᠳᠣᠭᠤᠭᠰᠢᠬᠢ ᠵᠠᠷᠤᠳᠠᠯ ᠤᠨ ᠳᠥᠯᠥᠬᠦ ᠬᠠᠷᠢᠴᠠᠯ 80 % ᠪᠣᠯᠤᠨ᠎ᠠ︔ 3 . 5 ᠲᠦᠮᠡᠨ | ᠲᠥᠭᠦᠷᠢᠭ ᠠᠴᠠ ᠳᠡᠭᠡᠭᠰᠢᠬᠢ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠠᠴᠠ ᠳᠣᠷᠣᠭᠰᠢᠬᠢ ᠵᠠᠷᠤᠳᠠᠯ ᠤᠨ | ᠥᠭᠬᠦ ᠬᠠᠷᠢᠴᠠᠯ 90 % ᠪᠣᠯᠤᠨ᠎ᠠ᠃ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠢ ᠡᠪᠡᠳᠴᠢᠨ ᠤ | ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠪᠠ ᠥᠨᠳᠦᠷ ᠦᠨᠡᠲᠡᠢ ᠳᠠᠭᠠᠳᠬᠠᠯ ᠤᠨ ᠰᠠᠭᠤᠷᠢ ᠮᠥᠩᠭᠦ ᠶᠢᠨ | ᠳᠥᠯᠥᠬᠦ ᠬᠡᠪᠴᠢᠶᠡᠨ ᠳᠤ ᠪᠠᠶᠢᠪᠠᠯ ᠨᠡᠶᠢᠯᠡᠭᠦᠯᠦᠨ ᠪᠤᠳᠤᠵᠤ᠂ ᠨᠢᠭᠡ ᠵᠢᠯ ᠤᠨ ᠳᠣᠲᠣᠷ᠎ᠠ ᠳᠥᠯᠥᠬᠦ ᠬᠠᠮᠤᠭ ᠤᠨ | ᠥᠨᠳᠥᠷ ᠬᠢᠵᠠᠭᠠᠷ ᠲᠤᠭ᠎ᠠ 30 . 5 ᠲᠦᠮᠡᠨ ᠲᠥᠭᠦᠷᠢᠭ ᠪᠣᠯᠤᠨ᠎ᠠ᠃ | ︵ᠬᠤᠶᠠᠷ︶ ᠬᠤᠶᠠᠷ ᠠᠴᠠ ᠳᠡᠭᠡᠭᠰᠢ ᠡᠪᠡᠳᠴᠢᠨ ᠤ ᠲᠥᠷᠥᠯ ᠢ ᠪᠣᠯ ᠬᠠᠮᠲᠤ ᠳᠤ ᠨᠢ ᠮᠡᠳᠡᠭᠦᠯᠵᠦ᠂ ᠬᠢᠨᠠᠨ | ᠵᠦᠪᠰᠢᠶᠡᠷᠡᠭᠦᠯᠵᠦ ᠪᠠᠲᠤᠯᠠᠭᠰᠠᠨ ᠤ ᠳᠠᠷᠠᠭ᠎ᠠ᠂ ᠨᠢᠭᠡ ᠡᠬᠢᠯᠡᠵᠦ ᠥᠭᠬᠦ ᠪᠠᠷᠢᠮᠵᠢᠶ᠎ᠠ ᠶᠢ ᠬᠡᠷᠡᠭᠵᠢᠭᠦᠯᠦᠨ᠎ᠡ᠃ | ︵ᠭᠤᠷᠪᠠ︶ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠲᠥᠷᠦᠯ ᠳᠤ ᠬᠤᠯᠪᠣᠭᠳᠠᠬᠤ | ᠡᠮ ᠤᠨ ᠵᠦᠢᠯ᠂ ᠪᠠᠶᠢᠴᠠᠭᠠᠨ ᠰᠢᠯᠭᠠᠬᠤ᠂ ᠡᠮᠨᠡᠨ ᠵᠠᠰᠠᠬᠤ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠵᠠᠷᠤᠳᠠᠯ ᠢ ᠡᠪᠡᠳᠴᠢᠨ ᠤ ᠲᠥᠷᠦᠯ ᠤᠨ ᠲᠣᠭᠲᠠᠭᠰᠠᠨ ᠨᠣᠷᠮ᠎ᠠ ᠶᠢᠨ ᠪᠠᠷᠢᠮᠵᠢᠶᠠᠨ ᠳᠣᠲᠣᠷ᠎ᠠ | ᠵᠠᠷᠤᠴᠠᠭᠤᠯᠤᠭᠰᠠᠨ ᠬᠠᠷᠢᠴᠠᠯ ᠶᠣᠰᠣᠭᠠᠷ ᠥᠭᠭᠦᠨ᠎ᠡ᠃ ᠪᠠᠶᠢᠴᠠᠭᠠᠨ ᠰᠢᠯᠭᠠᠭᠰᠠᠨ ᠵᠠᠷᠤᠳᠠᠯ ᠢ ᠳᠠᠭᠠᠳᠬᠠᠯ ᠳᠤ | ᠣᠷᠣᠯᠴᠠᠭᠰᠠᠳ ᠡᠮᠨᠡᠭᠦᠯᠦᠭᠰᠡᠨ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢ ᠮᠠᠭᠠᠳᠯᠠᠨ ᠲᠣᠭᠲᠠᠭᠠᠭᠰᠠᠨ | ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠠᠴᠠ ᠳᠠᠩᠰᠠ ᠴᠠᠶᠢᠷᠠᠭᠤᠯᠵᠤ᠂ ᠪᠤᠰᠤᠳ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠵᠠᠷᠤᠴᠠᠭᠤᠯᠤᠭᠰᠠᠨ ᠪᠠᠶᠢᠴᠠᠭᠠᠨ ᠰᠢᠯᠭᠠᠭᠰᠠᠨ ᠵᠠᠷᠤᠳᠠᠯ ᠢ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ | ᠥᠭᠬᠦ ᠦᠭᠡᠶ᠃ | 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ | ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠠᠴᠠ ᠮᠠᠭᠠᠳᠯᠠᠨ ᠲᠣᠭᠲᠠᠭᠠᠭᠰᠠᠨ ᠡᠭᠦᠳᠡᠨ ᠡᠮᠨᠡᠯᠭᠡ ᠶᠢᠨ | ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠳᠠᠭᠠᠳᠬᠠᠯ ᠳᠤ ᠣᠷᠣᠯᠴᠠᠭᠰᠠᠳ᠂ 2022 ᠣᠨ ᠤ 10 ᠳ᠋ᠤᠭᠠᠷ | ᠰᠠᠷ᠎ᠠ ᠶᠢᠨ 1 ᠤ ᠡᠳᠦᠷ ᠠᠴᠠ ᠬᠤᠶᠢᠰᠢ ᠵᠠᠷᠤᠴᠠᠭᠤᠯᠤᠭᠰᠠᠨ ᠪᠠᠶᠢᠴᠠᠭᠠᠨ ᠰᠢᠯᠭᠠᠭᠰᠠᠨ ᠵᠠᠷᠤᠳᠠᠯ ᠢ ᠡᠮᠴᠢᠯᠡᠬᠦ ᠶᠢ | ᠬᠦᠯᠢᠶᠡᠨ ᠠᠪᠤᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠲᠠᠩᠰᠠ ᠴᠠᠶᠢᠷᠠᠭᠤᠯᠤᠨ ᠥᠭᠴᠦ᠂ 2022 ᠣᠨ ᠤ 10 | ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠨᠢᠭᠡᠨᠲᠡ ᠵᠠᠷᠤᠴᠠᠭᠤᠯᠤᠭᠰᠠᠨ ᠪᠠᠶᠢᠴᠠᠭᠠᠨ ᠰᠢᠯᠭᠠᠭᠰᠠᠨ ᠵᠠᠷᠤᠳᠠᠯ ᠢ | ᠳᠠᠭᠠᠳᠬᠠᠯ ᠳᠤ ᠣᠷᠣᠯᠴᠠᠭᠰᠠᠳ ᠬᠠᠮᠢᠶ᠎ᠠ ᠪᠥᠬᠦᠶ ᠫᠢᠶᠣᠣ ᠪᠠᠷᠢᠮᠲᠠ ᠪᠠ ᠵᠠᠷᠤᠳᠠᠯ ᠤᠨ ᠨᠠᠷᠢᠨ ᠬᠠᠭᠤᠳᠠᠰᠤ ᠪᠠᠨ | ᠠᠪᠴᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠡᠮᠴᠢᠯᠡᠭᠡᠨ ᠤ ᠪᠠᠲᠤᠯᠠᠭ᠎ᠠ ᠶᠢᠨ ᠴᠣᠩᠬᠤᠪᠴᠢ ᠳᠤ ᠬᠦᠷᠴᠦ ᠲᠠᠩᠰᠠ ᠴᠠᠶᠢᠷᠠᠭᠤᠯᠬᠤ ᠭᠠᠷᠳᠠᠮ ᠭᠦᠢᠴᠡᠳᠭᠡᠵᠦ | ᠪᠣᠯᠤᠨ᠎ᠠ᠃ | ︵ᠳᠥᠷᠪᠡ︶ ᠡᠪᠡᠳᠴᠢᠨ ᠤ ᠪᠠᠶᠢᠳᠠᠯ ᠤᠨ ᠬᠤᠪᠢᠷᠠᠯᠲᠠ ᠪᠤᠶᠤ ᠪᠤᠰᠤᠳ ᠡᠪᠡᠳᠴᠢᠨ ᠡᠮᠭᠡᠭ ᠠᠴᠠ ᠪᠣᠯᠵᠤ | ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠᠲᠠᠶ ᠪᠣᠯᠤᠭᠰᠠᠨ ᠪᠣᠯ ᠡᠮᠨᠡᠯᠭᠡ ᠳᠤ ᠰᠠᠭᠤᠭᠰᠠᠨ ᠬᠤᠭᠤᠴᠠᠭᠠᠨ ᠳᠤ | ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠬᠦᠷᠲᠡᠭᠡᠬᠦ ᠦᠭᠡᠶ᠃ | ︵ᠲᠠᠪᠤ︶ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠪᠡᠯ ᠡᠭᠦᠳᠡᠨ | ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠬᠠᠷᠠᠭᠠᠯᠵᠠᠯ ᠢ ᠬᠠᠮᠲᠤ ᠳᠤ ᠨᠢ ᠬᠦᠷᠲᠡᠭᠡᠵᠦ᠂ ᠡᠭᠦᠳᠡᠨ ᠡᠮᠨᠡᠯᠭᠡ ᠶᠢᠨ | ᠣᠨᠴᠠᠭᠠᠢ ᠤᠳᠠᠭᠠᠨ ᠴᠢᠨᠠᠷᠲᠠᠢ ᠡᠪᠡᠳᠴᠢᠨ ᠪᠠ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠶᠢ ᠬᠠᠮᠲᠤ ᠳᠤ ᠨᠢ | ᠬᠦᠷᠲᠡᠭᠡᠵᠦ ᠪᠣᠯᠬᠤ ᠦᠭᠡᠶ᠃ | ︵ᠵᠢᠷᠭᠤᠭ᠎ᠠ︶ ᠳᠠᠭᠠᠳᠬᠠᠯ ᠳᠤ ᠣᠷᠣᠯᠴᠠᠭᠰᠠᠳ ᠨᠢᠭᠡ ᠵᠢᠯ ᠤᠨ ᠳᠣᠲᠣᠷ᠎ᠠ ᠡᠮᠨᠡᠭᠦᠯᠦᠭᠰᠡᠨ ᠦᠭᠡᠶ ᠪᠠᠷ ᠡᠮ | ᠬᠤᠳᠠᠯᠳᠤᠨ ᠠᠪᠤᠭᠰᠠᠨ ᠪᠣᠯ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ | ᠠᠶᠠᠨᠳᠠᠭᠠᠨ ᠬᠠᠶᠠᠭᠰᠠᠨ ᠢᠶᠠᠷ ᠦᠵᠡᠨ᠎ᠡ᠃ | ᠭᠤᠷᠪᠠ᠂ ᠮᠡᠳᠡᠭᠦᠯᠵᠦ ᠮᠠᠭᠠᠳᠯᠠᠨ ᠲᠣᠭᠲᠠᠭᠠᠬᠤ | ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠮᠡᠳᠡᠭᠦᠯᠵᠦ ᠮᠠᠭᠠᠳᠯᠠᠨ | ᠲᠣᠭᠲᠠᠭᠠᠬᠤ ᠠᠵᠢᠯ ᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠴᠡᠭ | ᠳᠣᠭᠲᠠᠭᠠᠭᠰᠠᠨ ᠪᠥᠬᠦ ᠡᠮᠴᠢᠯᠡᠭᠡᠨ ᠤ ᠪᠠᠶᠢᠭᠤᠯᠤᠮᠵᠢ ᠳᠤ ᠨᠠᠶᠢᠳᠠᠨ ᠭᠦᠢᠴᠡᠳᠭᠡᠯᠭᠡᠵᠦ ︵ᠴᠡᠭ ᠳᠣᠭᠲᠠᠭᠠᠭᠰᠠᠨ ᠪᠥᠬᠦ | ᠡᠮᠴᠢᠯᠡᠭᠡᠨ ᠤ ᠪᠠᠶᠢᠭᠤᠯᠤᠮᠵᠢ ᠶᠢᠨ ᠨᠡᠷᠡᠰ ᠵᠢᠴᠢ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶ᠎ᠡ ᠶᠢ ᠳᠠᠭᠠᠯᠳᠤᠭᠤᠯᠤᠯ | 1 ᠳᠤ ᠨᠠᠷᠢᠨ ᠦᠵᠡᠭᠡᠷᠡᠶ︶᠂ ᠳᠠᠭᠠᠳᠬᠠᠯ ᠳᠤ ᠣᠷᠣᠯᠴᠠᠭᠰᠠᠳ ︵ᠪᠤᠶᠤ ᠣᠷᠣᠯᠠᠨ ᠭᠦᠢᠴᠡᠳᠭᠡᠭᠴᠢ︶ ᠡᠭᠦᠳᠡᠨ | ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠢ ᠬᠢᠨᠠᠨ ᠵᠥᠪᠰᠢᠶᠡᠷᠡᠬᠦ ᠨᠥᠬᠦᠴᠡᠯ ᠲᠠᠢ ᠴᠡᠭ | ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠮᠡᠳᠡᠭᠦᠯᠬᠦ ᠳᠤ ᠪᠠᠨ ᠣᠨᠣᠰᠢᠯᠠᠭᠰᠠᠨ | ᠭᠡᠷᠡᠴᠢ ᠪᠢᠴᠢᠭ ᠤᠨ ᠤᠭ ᠮᠠᠲ᠋ᠧᠷᠢᠶᠠᠯ ᠢ ᠬᠠᠩᠭᠠᠵᠤ᠂ ᠡᠪᠡᠳᠴᠢᠨ ᠤ ᠲᠥᠷᠥᠯ ᠯᠦᠭᠡ ᠬᠤᠯᠪᠣᠭᠳᠠᠯ ᠲᠠᠢ ᠡᠮᠨᠡᠯᠭᠡ ᠳᠤ | ᠰᠠᠭᠤᠭᠰᠠᠨ ᠪᠦᠷᠢᠨ ᠪᠦᠲᠦᠨ ᠡᠪᠡᠳᠴᠢᠨ ᠤ ᠲᠡᠦᠬᠡ᠂ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠩᠭᠠᠬᠤ | ᠬᠡᠷᠡᠭᠲᠡᠶ᠃ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠴᠡᠭ ᠳᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠢ ᠰᠢᠢᠳᠪᠦᠷᠢᠯᠡᠬᠦ ᠴᠡᠭ | ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ | ᠡᠪᠡᠳᠴᠢᠨ ᠤ ᠬᠠᠷᠢᠭᠤᠴᠠᠯᠭᠠᠲᠤ ᠨᠡᠷᠡᠲᠦ ᠡᠮᠴᠢ ᠭᠥᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ ᠢ ᠦᠨᠳᠦᠰᠦᠯᠡᠨ᠂ | ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ | ᠬᠠᠷᠠᠭᠠᠯᠵᠠᠯ ᠤᠨ ᠭᠤᠶᠤᠴᠢᠯᠠᠯ ᠢ ᠮᠠᠭᠠᠳᠯᠠᠨ ᠲᠣᠭᠲᠠᠭᠠᠬᠤ ᠪᠠ ᠮᠡᠳᠡᠭᠡ ᠵᠠᠩᠭᠢ ᠶᠢ ᠪᠢᠴᠢᠵᠦ ᠣᠷᠣᠭᠤᠯᠤᠨ᠂ ᠴᠡᠭ | ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠢᠨ | ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠵᠤ᠂ | ᠳᠠᠭᠠᠳᠬᠠᠯ ᠳᠤ ᠣᠷᠣᠯᠴᠠᠭᠰᠠᠳ ᠡᠮ ᠤᠨ ᠵᠦᠢᠯ ᠤᠨ ᠭᠠᠷᠴᠠᠭ ᠤᠨ ᠬᠢᠵᠠᠭᠠᠷᠯᠠᠭᠰᠠᠨ ᠲᠣᠭᠠᠴᠠᠭ᠎ᠠ ᠬᠢᠬᠦ | ᠬᠡᠪᠴᠢᠶᠡᠨ ᠳᠤ ᠬᠡᠷᠡᠭᠯᠡᠬᠦ ᠭᠧᠨ ᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠬᠠᠩᠭᠠᠬᠤ ᠴᠢᠬᠤᠯᠠᠲᠠᠢ ᠪᠣᠯ ᠭᠧᠨ ᠢ | ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠬᠢᠨᠠᠨ ᠰᠢᠯᠭᠠᠬᠤ ᠶᠢᠨ ᠬᠠᠮᠲᠤ ᠦᠯᠡᠳᠡᠭᠡᠨ ᠬᠠᠳᠠᠭᠠᠯᠠᠵᠤ | ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠂ ᠬᠢᠨᠠᠨ ᠪᠠᠶᠢᠴᠠᠭᠠᠭᠠᠳ ᠪᠠᠲᠤᠯᠠᠭᠰᠠᠨ ᠤ ᠳᠠᠷᠠᠭ᠎ᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ | ᠬᠠᠷᠠᠭᠠᠯᠵᠠᠯ ᠢ ᠮᠠᠭᠠᠳᠯᠠᠨ ᠲᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠶᠢ ᠭᠠᠷᠭᠠᠬᠤ ᠶᠢᠨ ᠬᠠᠮᠲᠤ ᠠᠯᠪᠠᠨ | ᠲᠠᠮᠠᠭ᠎ᠠ ᠳᠠᠷᠤᠬᠤ ᠬᠡᠷᠡᠭᠲᠡᠶ᠃ ᠨᠡᠬᠡᠳᠡᠰᠦ ᠡᠷᠬᠡᠲᠡᠨ ᠢ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠥᠯᠦ | ᠢᠵᠢᠯᠢᠰᠢᠬᠦ ᠶᠢ ᠰᠡᠷᠭᠡᠶᠢᠯᠡᠬᠦ ᠡᠮᠴᠢᠯᠡᠭᠡ᠂ ᠬᠤᠣᠷᠲᠤ ᠬᠠᠪᠤᠳᠠᠷ ᠤᠨ ᠰᠠᠴᠤᠷᠠᠭ ᠵᠠᠰᠠᠯ ᠪᠠ ᠬᠢᠮᠢ ᠶᠢᠨ ᠵᠠᠰᠠᠯ᠂ | ᠴᠢᠰᠤ ᠶᠢ ᠨᠡᠪᠴᠢᠭᠦᠯᠦᠨ ᠢᠯᠭᠠᠷᠠᠭᠤᠯᠬᠤ ᠪᠠ ᠬᠡᠪᠡᠯᠢ ᠶᠢᠨ ᠪᠦᠷᠬᠦᠪᠴᠢ ᠶᠢ ᠨᠡᠪᠴᠢᠭᠦᠯᠦᠨ ᠢᠯᠭᠠᠷᠠᠭᠤᠯᠬᠤ | ᠳᠠᠭᠠᠳᠬᠠᠯ ᠳᠤ ᠣᠷᠣᠯᠴᠠᠭᠰᠠᠳ ᠢ ᠬᠢᠨᠠᠨ ᠪᠠᠶᠢᠴᠠᠭᠠᠵᠤ ᠪᠦᠷᠢᠳᠬᠡᠨ ᠳᠠᠠᠩᠰᠠᠯᠠᠬᠤ ᠳᠤ ᠡᠷᠬᠡᠪᠰᠢ ᠴᠡᠭ | ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠲᠣᠭᠲᠠᠭᠠᠬᠤ ᠬᠡᠷᠡᠭᠲᠡᠶ ︵ᠳᠠᠭᠠᠯᠳᠤᠭᠤᠯᠤᠯ 2 ᠲᠤ | ᠦᠵᠡᠭᠡᠷᠡᠶ︶᠃ | ᠳᠥᠷᠪᠡ᠂ ᠡᠮᠴᠢᠯᠡᠬᠦ ᠲᠥᠰᠦᠯ ᠢ ᠬᠤᠪᠢᠷᠠᠭᠤᠯᠬᠤ | ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠢ ᠡᠮᠴᠢᠯᠡᠬᠦ ᠲᠥᠰᠦᠯ ᠢ ᠬᠤᠪᠢᠷᠠᠭᠤᠯᠬᠤ | ᠠᠵᠢᠯ ᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠴᠡᠭ ᠳᠣᠭᠲᠠᠭᠠᠭᠰᠠᠨ | ᠪᠥᠬᠦ ᠡᠮᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠭᠦᠢᠴᠡᠳᠬᠡᠯᠭᠡᠬᠦ ᠡᠷᠬᠡ ᠶᠢ ᠣᠯᠭᠤᠨ᠎ᠠ᠃ ᠳᠠᠭᠠᠳᠬᠠᠯ ᠳᠤ | ᠣᠷᠣᠯᠴᠠᠭᠰᠠᠳ ᠡᠪᠡᠳᠴᠢᠨ ᠤ ᠪᠠᠶᠢᠳᠠᠯ ᠠᠴᠠ ᠪᠣᠯᠵᠤ ᠡᠮᠴᠢᠯᠡᠭᠦᠯᠬᠦ ᠲᠥᠰᠦᠯ ᠳᠤ ᠲᠣᠬᠢᠷᠠᠭᠤᠯᠤᠯᠲᠠ ᠬᠢᠬᠦ | ᠴᠢᠬᠤᠯᠠ ᠲᠠᠢ ᠪᠣᠯ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠢ ᠬᠢᠨᠠᠨ ᠵᠥᠪᠰᠢᠶᠡᠷᠡᠬᠦ | ᠨᠥᠬᠦᠴᠡᠯ ᠲᠠᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠤᠤᠯᠴᠢᠯᠠᠨ ᠬᠠᠮᠢᠶᠠᠷᠬᠤ ᠨᠡᠷᠡᠲᠦ | ᠡᠮᠴᠢ ᠠᠴᠠ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠤ ᠪᠠᠶᠢᠳᠠᠯ ᠢ ᠦᠨᠳᠦᠰᠦᠯᠡᠨ ᠰᠢᠨ᠎ᠡ ᠵᠣᠷ ᠭᠠᠷᠭᠠᠵᠤ᠂ | ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ | ᠵᠣᠷ ᠢ ᠳᠠᠬᠢᠨ ᠬᠢᠨᠠᠬᠤ ᠶᠢᠨ ᠬᠠᠮᠲᠤ ᠠᠯᠪᠠᠨ ᠲᠠᠮᠠᠭ᠎ᠠ ᠳᠠᠷᠤᠬᠤ ᠶᠢ ᠬᠠᠷᠢᠭᠤᠴᠠᠨ᠎ᠠ᠃ ᠡᠭᠦᠳᠡᠨ ᠡᠮᠨᠡᠯᠭᠡ ᠶᠢᠨ | ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ | ᠬᠠᠷᠠᠭᠠᠯᠵᠠᠯ ᠢ ᠮᠠᠭᠠᠳᠯᠠᠨ ᠳᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠪᠣᠯᠤᠨ ᠵᠣᠷ ᠢᠶᠠᠷ ᠴᠡᠭ | ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠢᠶᠠᠨ ᠦᠵᠡᠭᠦᠯᠵᠦ ᠡᠮ ᠬᠤᠳᠠᠯᠳᠤᠨ ᠠᠪᠴᠤ᠂ | ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠠᠴᠠ ᠳᠠᠭᠠᠳᠬᠠᠯ ᠳᠤ ᠣᠷᠣᠯᠴᠠᠭᠰᠠᠳ ᠲᠤ ᠡᠮ | ᠬᠠᠩᠭᠠᠬᠤ ᠳᠤ ᠪᠠᠨ ᠨᠢᠭᠡ ᠰᠠᠷ᠎ᠠ ᠶᠢᠨ ᠡᠮ ᠤᠨ ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠶ᠂ ᠬᠢᠵᠢᠭ ᠤᠨ ᠪᠠᠶᠢᠳᠠᠯ | ᠂ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ ᠵᠡᠷᠭᠡ ᠣᠨᠴᠠᠭᠠᠢ ᠪᠠᠶᠢᠳᠠᠯ ᠠᠴᠠ | ᠪᠣᠯᠵᠤ᠂ ︽ᠤᠷᠲᠤ ᠬᠤᠭᠤᠴᠠᠭᠠᠨ ᠤ ᠵᠣᠷ ᠤᠨ ᠬᠠᠮᠢᠶᠠᠷᠤᠯᠲᠠ ᠶᠢᠨ ᠵᠢᠷᠤᠮᠵᠢᠯ ︵ᠲᠤᠷᠰᠢᠨ ᠬᠡᠷᠡᠭᠵᠢᠭᠦᠯᠬᠦ︶ ᠢ | ᠳᠠᠷᠤᠮᠠᠯᠯᠠᠨ ᠳᠠᠷᠬᠠᠭᠠᠬᠤ ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠡᠷᠡᠭᠦᠯ ᠠᠯᠪᠠᠨ ᠲᠠᠷᠬᠠᠭᠠᠭᠰᠠᠨ ﹇2021﹈ 17 ᠳ᠋ᠤᠭᠠᠷ ᠲᠣᠭᠠᠲᠤ︶ ᠢᠶᠠᠷ | ᠯᠠᠪᠯᠠᠯᠲᠠ ᠪᠣᠯᠭᠠᠵᠤ᠂ ᠡᠪᠡᠳᠴᠢᠲᠡᠨ ᠤ ᠡᠪᠡᠳᠴᠢᠨ ᠤ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ᠂ ᠬᠠᠮᠤᠭ ᠤᠨ | ᠠᠷᠪᠢᠨ ᠳᠤ ᠪᠠᠨ 3 ᠰᠠᠷ᠎ᠠ ᠬᠡᠷᠡᠭᠯᠡᠬᠦ ᠡᠮ ᠢ ᠬᠠᠩᠭᠠᠵᠤ ᠪᠣᠯᠤᠨ᠎ᠠ᠃ ᠤᠤᠯ ᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠣᠨᠴᠠᠭᠠᠢ ᠤᠳᠠᠭᠠᠨ | ᠴᠢᠨᠠᠷᠲᠠᠢ ᠡᠪᠡᠳᠴᠢᠨ ᠤ ᠡᠭᠦᠳᠡᠨ ᠡᠮᠨᠡᠯᠭᠡ ᠳᠤ ᠡᠮᠨᠡᠭᠦᠯᠬᠦ ᠭᠠᠷ ᠠᠪᠤᠯᠭ᠎ᠠ︾ ᠶᠢ ᠳᠠᠭᠢᠵᠤ ᠬᠡᠷᠡᠭᠯᠡᠬᠦ ᠥᠬᠡᠶ᠃ | ᠲᠠᠪᠤ᠂ ᠬᠠᠷᠠᠭᠠᠯᠵᠠᠯ ᠢ ᠬᠠᠷᠢᠯᠴᠠᠨ ᠮᠡᠳᠡᠷᠡᠬᠦ | ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠣᠷᠣᠯᠴᠠᠭᠰᠠᠳ᠂ ᠡᠮᠴᠢᠯᠡᠭᠡ ᠶᠢᠨ ᠳᠠᠭᠠᠳᠬᠠᠯ ᠤᠨ ᠬᠠᠷᠢᠴᠠᠭ᠎ᠠ ᠨᠢ ᠨᠢᠭᠡᠳᠦᠯᠲᠡᠶ ᠲᠥᠯᠦᠪᠯᠡᠭᠰᠡᠨ | ᠣᠷᠣᠨ ᠠᠯᠤᠰᠯᠠᠨ ᠥᠪᠡᠷᠲᠡᠭᠡᠨ ᠵᠠᠰᠠᠬᠤ ᠣᠷᠣᠨ ᠤ ᠳᠡᠰ ᠲᠤ ᠰᠢᠯᠵᠢᠭᠦᠯᠦᠭᠰᠡᠨ ᠪᠣᠯ ᠥᠪᠡᠷᠲᠡᠭᠡᠨ ᠵᠠᠰᠠᠬᠤ | ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠵᠦᠢᠯ ᠤᠨ | ᠬᠡᠪᠴᠢᠶᠡᠨ ᠳᠠᠬᠢ ᠡᠪᠡᠳᠴᠢᠨ ᠤ ᠵᠦᠢᠯ ᠢ ᠳᠠᠭᠢᠵᠤ ᠮᠠᠭᠠᠳᠯᠠᠨ ᠲᠣᠭᠲᠠᠭᠠᠬᠤ ᠴᠢᠬᠤᠯᠠ ᠥᠬᠡᠶ᠃ ᠳᠠᠭᠠᠳᠬᠠᠯ ᠳᠤ | ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠢ ᠬᠢᠨᠠᠨ ᠵᠥᠪᠰᠢᠶᠡᠷᠡᠬᠦ | ᠨᠥᠬᠦᠴᠡᠯ ᠲᠠᠢ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠭᠤᠶᠤᠴᠢᠯᠠᠯ ᠢ | ᠭᠥᠯᠢᠶᠡᠨ ᠠᠪᠤᠭᠰᠠᠨ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ | ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠬᠤ ᠶᠢᠨ ᠬᠠᠮᠲᠤ ᠤᠤᠯ ᠤᠨ ᠨᠢᠭᠡᠳᠦᠯᠲᠡᠶ ᠲᠥᠯᠦᠪᠯᠡᠭᠰᠡᠨ ᠲᠣᠭᠤᠷᠢᠭ ᠤᠨ | ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠮᠠᠭᠠᠳᠯᠠᠨ ᠳᠣᠭᠲᠠᠭᠠᠠᠬᠤ | ᠭᠤᠶᠤᠴᠢᠯᠠᠯ ᠤᠨ ᠬᠦᠰᠦᠨᠦᠭᠲᠦ ᠶᠢᠨ ᠶᠣᠰᠣᠭᠠᠷ ᠲᠡᠮᠳᠡᠭᠯᠡᠨ ᠣᠷᠣᠭᠤᠯᠵᠤ᠂ ᠤᠤᠯ ᠤᠨ ᠨᠢᠭᠡᠳᠦᠯᠲᠡᠶ ᠲᠥᠯᠦᠪᠯᠡᠭᠰᠡᠨ | ᠲᠣᠭᠤᠷᠢᠭ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠮᠠᠭᠠᠳᠯᠠᠨ | ᠳᠣᠭᠲᠠᠭᠠᠠᠬᠤ ᠭᠤᠶᠤᠴᠢᠯᠠᠯ ᠤᠨ ᠬᠦᠰᠦᠨᠦᠭᠲᠦ ᠶᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃ | ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ | ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠤᠢ ᠪᠣᠯᠭᠠᠨ᠂ ᠳᠠᠭᠠᠳᠬᠠᠯ ᠳᠤ ᠣᠷᠣᠯᠴᠠᠭᠰᠠᠳ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ | ᠬᠡᠮᠵᠢᠶ᠎ᠡ ᠶᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠬᠠᠮᠢᠶ᠎ᠠ ᠪᠦᠬᠦᠢ ᠬᠠᠷᠠᠭᠠᠯᠵᠠᠯ ᠢ ᠴᠠᠭ | ᠲᠤᠬᠠᠶ ᠳᠤ ᠨᠢ ᠭᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠬᠢᠨᠠᠨ ᠵᠥᠪᠰᠢᠶᠡᠷᠡᠬᠦ ᠨᠥᠬᠦᠴᠡᠯ ᠲᠠᠢ ᠴᠡᠭ ᠲᠣᠭᠲᠠᠭᠠᠭᠰᠠᠨ ᠡᠯ᠎ᠡ ᠡᠮᠴᠢᠯᠡᠭᠡᠨ ᠤ ᠪᠠᠶᠢᠭᠤᠯᠤᠮᠵᠢ | ᠡᠮᠨᠡᠯᠭᠡ ᠶᠢᠨ ᠠᠵᠢᠯᠲᠠᠳ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ | ᠴᠢᠨᠠᠷᠲᠠᠢ ᠡᠪᠡᠳᠴᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠷᠤᠯᠴᠠᠭᠤᠯᠵᠤ᠂ ᠬᠠᠷᠢᠭᠤᠴᠠᠯᠭᠠᠲᠤ ᠨᠡᠷᠡᠲᠦ | ᠡᠮᠴᠢ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ | ᠣᠨᠣᠰᠢᠯᠠᠨ ᠡᠮᠨᠡᠬᠦ ᠵᠢᠷᠤᠮᠵᠢᠯ ᠪᠠ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠴᠢᠩᠭ᠎ᠠ ᠵᠢᠷᠤᠮᠯᠠᠨ ᠡᠮᠴᠢᠯᠡᠬᠦ ᠲᠥᠰᠦᠯ ᠢᠶᠠᠨ ᠲᠣᠭᠲᠠᠭᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠦᠷ᠎ᠡ ᠳ᠋ᠦᠩ | ᠪᠠ ᠡᠮᠴᠢᠯᠡᠬᠦ ᠲᠥᠰᠦᠯ ᠤᠨ ᠪᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | ︵ᠭᠤᠷᠪᠠ︶ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠴᠡᠭ ᠲᠣᠭᠲᠠᠭᠠᠭᠰᠠᠨ ᠡᠯ᠎ᠡ | ᠡᠮ ᠡᠮᠨᠡᠯᠭᠡ ᠶᠢᠨ ᠪᠠᠶᠢᠭᠤᠯᠤᠮᠵᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ | ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ | ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ᠪᠠ ᠦᠢᠯᠡᠴᠢᠯᠡᠭᠡᠨ ᠤ ᠬᠡᠯᠡᠯᠴᠡᠭᠡᠷ ᠤᠨ ᠲᠣᠭᠲᠠᠭᠠᠯ ᠶᠣᠰᠣᠭᠠᠷ | ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠦᠢᠯᠡᠴᠢᠯᠡᠭᠡᠨ ᠤ ᠬᠠᠮᠢᠶᠠᠷᠤᠯᠲᠠ ᠶᠢᠨ | ᠳᠦᠷᠢᠮ ᠢ ᠲᠣᠭᠲᠠᠭᠠᠵᠤ᠂ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠳᠠᠭᠠᠳᠬᠠᠯ ᠳᠤ | ᠣᠷᠣᠯᠴᠠᠭᠰᠠᠳ ᠲᠤ ᠦᠨᠡᠨ ᠬᠦ ᠴᠢᠨᠠᠷ ᠰᠠᠶᠢᠲᠠᠶ ᠦᠢᠯᠡᠴᠢᠯᠡᠭᠡ ᠶᠢ ᠬᠠᠩᠭᠠᠬᠤ ᠬᠡᠷᠡᠭᠲᠡᠶ᠃ | | ᠳᠠᠭᠠᠯᠳᠤᠭᠤᠯᠤᠯ᠄ | 1 . ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ | ᠡᠪᠡᠳᠴᠢᠨ ᠢ ᠬᠢᠨᠠᠨ ᠵᠥᠪᠰᠢᠶᠡᠷᠡᠬᠦ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠰ | 2 . ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ | ᠡᠪᠡᠳᠴᠢᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠭᠦᠷᠭᠡᠯᠡᠬᠦ ᠡᠪᠡᠳᠴᠢᠨ ᠤ ᠲᠥᠷᠦᠯ ᠤᠨ | ᠨᠡᠷᠡᠰ | 3 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ | ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠮᠠᠭᠠᠳᠯᠠᠨ ᠳᠣᠭᠲᠠᠭᠠᠬᠤ ᠭᠤᠶᠤᠴᠢᠯᠠᠯ ᠤᠨ ᠬᠦᠰᠦᠨᠦᠭᠲᠦ | 4 . ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ | ᠡᠪᠡᠳᠴᠢᠨ ᠤ ᠲᠥᠷᠥᠯ ᠵᠢᠴᠢ ᠨᠣᠮᠧᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠲᠥᠪ | 2022 ᠣᠨ ᠤ 9 ᠰᠠᠷ᠎ᠠ ᠶᠢᠨ 29 ᠤ ᠡᠳᠦᠷ | | ᠳᠠᠭᠠᠯᠳᠤᠭᠤᠯᠤᠯ᠄ | ᠳᠠᠭᠠᠯᠳᠤᠭᠤᠯᠤᠯ᠄ 1 . ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ | ᠤᠳᠠᠭᠠᠨ ᠴᠢᠨᠠᠷᠲᠠᠶ ᠡᠪᠡᠳᠴᠢᠨ ᠢ ᠬᠢᠨᠠᠨ ᠵᠥᠪᠰᠢᠶᠡᠷᠡᠬᠦ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠨᠡᠷᠡᠰ . docx | ᠳᠠᠭᠠᠯᠳᠤᠭᠤᠯᠤᠯ᠄ 2 . ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ | ᠤᠳᠠᠭᠠᠨ ᠴᠢᠨᠠᠷᠲᠠᠶ ᠡᠪᠡᠳᠴᠢᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠭᠦᠷᠭᠡᠯᠡᠬᠦ | ᠡᠪᠡᠳᠴᠢᠨ ᠤ ᠲᠥᠷᠦᠯ ᠤᠨ ᠨᠡᠷᠡᠰ . docx | ᠳᠠᠭᠠᠯᠳᠤᠭᠤᠯᠤᠯ᠄ 3 ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ | ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠮᠠᠭᠠᠳᠯᠠᠨ ᠳᠣᠭᠲᠠᠭᠠᠬᠤ | ᠭᠤᠶᠤᠴᠢᠯᠠᠯ ᠤᠨ ᠬᠦᠰᠦᠨᠦᠭᠲᠦ︾ . docx | ᠳᠠᠭᠠᠯᠳᠤᠭᠤᠯᠤᠯ᠄ 4 . ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ | ᠤᠳᠠᠭᠠᠨ ᠴᠢᠨᠠᠷᠲᠠᠢ ᠡᠪᠡᠳᠴᠢᠨ ᠤ ᠲᠥᠷᠥᠯ ᠵᠢᠴᠢ ᠨᠣᠮᠧᠷ . docx | | | | |