9 ᠳ᠋ᠦ᠋ᠭᠡᠷ ᠰᠠᠷ᠎ᠠ ᠶᠢᠨ 29 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ᠂ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ | ᠡᠪᠡᠳᠴᠢᠨ ᠤ ᠵᠢᠱᠢᠶ᠎ᠡ 1 ︵ᠬᠥᠬᠡᠬᠤᠲᠠ ᠳᠤ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 13 | ᠡᠪᠡᠳᠴᠢᠨ ᠤ ᠵᠢᠱᠢᠶ᠎ᠡ ᠢᠯᠡᠷᠢᠰᠢᠨ ᠡᠮᠨᠡᠯᠭᠡ ᠠᠴᠠ ᠭᠠᠷᠪᠠ᠂ ᠴᠥᠮ ᠤᠯᠠᠭᠠᠨᠬᠠᠳᠠ ᠬᠤᠲᠠ ᠳᠤ ︵ᠰᠦᠩᠱᠠᠨ | ᠲᠣᠭᠤᠷᠢᠭ ᠲᠤ 9᠂ ᠣᠩᠨᠢᠭᠤᠳ ᠬᠤᠰᠢᠭᠤᠨ ᠳᠤ 3᠂ ᠠᠷᠤ ᠬᠤᠷᠴᠢᠨ ᠬᠤᠰᠢᠭᠤᠨ ᠳᠤ 1︶ ᠪᠣᠢ᠃ | ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 14 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ | ᠠᠵᠢᠭᠯᠠᠯᠲᠠ ᠠᠴᠠ ᠭᠠᠷᠭᠠᠪᠠ᠂ ᠡᠭᠦᠨ ᠳᠤ ᠪᠠᠶᠠᠨᠨᠠᠭᠤᠷ ᠬᠤᠲᠠ ᠳᠤ 1 ︵ᠯᠢᠨ ᠾᠧ ᠲᠣᠭᠤᠷᠢᠭ ᠲᠤ︶᠂ | ᠤᠯᠠᠭᠠᠨᠬᠠᠳᠠ ᠬᠤᠲᠠ ᠳᠤ 13 ︵ᠰᠦᠩᠱᠠᠨ ᠲᠣᠭᠤᠷᠢᠭ ᠲᠤ 3᠂ ᠣᠩᠨᠢᠭᠤᠳ ᠬᠤᠰᠢᠭᠤᠨ ᠳᠤ 10︶ ᠪᠣᠢ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 1 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ | ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ | ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ | 9 ᠳ᠋ᠦ᠋ᠭᠡᠷ ᠰᠠᠷ᠎ᠠ ᠶᠢᠨ 29 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 60 ᠪᠠᠶᠢᠵᠤ᠂ ᠡᠭᠦᠨ ᠳᠤ | ᠬᠥᠬᠡᠬᠤᠲᠠ ᠳᠤ 2᠂ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ︶᠂ ᠤᠯᠠᠭᠠᠨᠬᠠᠳᠠ ᠬᠤᠲᠠ ᠳᠤ | 57 ︵ᠰᠦᠩᠱᠠᠨ ᠲᠣᠭᠤᠷᠢᠭ ᠲᠤ 34᠂ ᠣᠩᠨᠢᠭᠤᠳ ᠬᠤᠰᠢᠭᠤᠨ ᠳᠤ 20᠂ ᠠᠷᠤ ᠬᠤᠷᠴᠢᠨ ᠬᠤᠰᠢᠭᠤᠨ ᠳᠤ | 3︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 68 ᠪᠠᠶᠢᠵᠤ᠂ | ᠡᠭᠦᠨ ᠳᠤ ᠤᠯᠠᠭᠠᠨᠬᠠᠳᠠ ᠬᠤᠲᠠ ᠳᠤ 65 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 32᠂ | ᠣᠩᠨᠢᠭᠤᠳ ᠬᠤᠰᠢᠭᠤᠨ ᠳᠤ 32︶᠂ ᠪᠠᠶᠠᠨᠨᠠᠭᠤᠷ ᠬᠤᠲᠠ ᠳᠤ 3 ︵ᠴᠥᠮ ᠯᠢᠨ ᠾᠧ ᠲᠣᠭᠤᠷᠢᠭ ᠲᠤ︶ ᠪᠣᠶ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 13᠂ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 2 ᠪᠠᠶᠢᠵᠤ᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ | ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ | ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ | ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | |