ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠡ᠂ | ᠳᠠᠭᠠᠳᠬᠠᠯ ᠳᠤ ᠣᠷᠣᠯᠴᠠᠭᠰᠠᠳ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠤᠨ ᠬᠤᠯᠪᠣᠭᠳᠠᠯ | ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠲᠥᠪ ᠠᠴᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 22 | ᠵᠦᠶᠯ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶᠴᠡᠳᠬᠡᠬᠦ ᠵᠦᠶᠯᠡᠰ ᠢ ᠠᠶᠢᠮᠠᠭ ᠬᠤᠲᠠ ᠳᠤ ᠨᠠᠶᠢᠳᠠᠨ | ᠭᠦᠶᠴᠡᠳᠬᠡᠯᠭᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠳᠠᠭᠠᠳᠬᠠᠯ ᠳᠤ ᠣᠷᠣᠯᠴᠠᠭᠰᠠᠨ | ᠨᠢᠭᠡᠴᠡ᠂ ᠳᠠᠭᠠᠳᠬᠠᠯ ᠳᠤ ᠣᠷᠣᠯᠴᠠᠭᠰᠠᠳ ᠣᠶᠢᠷ᠎ᠠ ᠬᠠᠪᠢ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠶᠴᠡᠳᠬᠡᠬᠦ ᠪᠠᠶᠢᠭᠤᠯᠤᠮᠵᠢ ᠶᠢ ᠰᠣᠩᠭᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢᠶᠠᠨ ᠭᠦᠶᠴᠡᠳᠬᠡᠵᠦ | ᠪᠣᠯᠤᠨ᠎ᠠ᠂ ᠡᠳᠦᠭᠡ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠶᠴᠡᠳᠬᠡᠬᠦ ᠡᠷᠬᠡ ᠣᠯᠭᠤᠵᠤ ᠨᠠᠶᠢᠳᠠᠭᠰᠠᠨ ᠵᠦᠶᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶᠴᠡᠳᠬᠡᠬᠦ | ᠪᠠᠶᠢᠭᠤᠯᠤᠮᠵᠢ ᠶᠢᠨ ᠨᠡᠶᠢᠳᠡᠮ ᠭᠦᠶᠴᠡᠳᠬᠡᠬᠦ ᠵᠦᠶᠯᠡᠰ ︵ᠨᠡᠶᠢᠲᠡ 19 ᠵᠦᠶᠯ︶ | ᠨᠢᠭᠡᠴᠡ ᠶᠢᠨ ᠳᠠᠭᠠᠳᠬᠠᠯ ᠳᠤ ᠣᠷᠣᠯᠴᠠᠬᠤ ᠳᠠᠩᠰᠠᠯᠠᠯᠲᠠ᠂ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ | ᠮᠡᠳᠡᠭᠡ ᠵᠠᠩᠭᠢ ᠶᠢ ᠬᠤᠪᠢᠷᠠᠭᠤᠯᠤᠨ ᠳᠠᠩᠰᠠᠯᠠᠬᠤ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠤ | ᠳᠠᠩᠰᠠᠯᠠᠯ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠤᠨ | ᠳᠠᠩᠰᠠᠯᠠᠬᠤ᠂ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ | ᠪᠠᠶᠢᠴᠠᠭᠠᠨ ᠯᠠᠪᠯᠠᠬᠤ᠂ ᠳᠠᠭᠠᠳᠬᠠᠯ ᠳᠤ ᠣᠷᠣᠯᠴᠠᠭᠰᠠᠳ ᠤᠨ ᠳᠠᠭᠠᠳᠬᠠᠯ ᠳᠤ ᠣᠷᠣᠯᠴᠠᠬᠤ ᠮᠡᠳᠡᠭᠡ ᠵᠠᠩᠭᠢ ᠶᠢ | ᠪᠠᠶᠢᠴᠠᠭᠠᠨ ᠯᠠᠪᠯᠠᠬᠤ᠂ ᠰᠢᠯᠵᠢᠭᠦᠯᠦᠨ ᠲᠣᠰᠴᠤ ᠠᠪᠬᠤ ᠭᠠᠷᠳᠠᠮ ᠢ ᠭᠦᠶᠴᠡᠳᠬᠡᠬᠦ᠂ ᠳᠠᠭᠠᠳᠬᠠᠯ ᠳᠤ | ᠣᠷᠣᠯᠴᠠᠭᠰᠠᠳ ᠤᠨ ᠬᠤᠪᠢ ᠬᠥᠮᠦᠨ ᠤ ᠳᠠᠩᠰᠠᠨ ᠡᠷᠦᠬᠡ ᠠᠴᠠ ᠨᠢᠭᠡ ᠯᠡ ᠤᠳᠠᠭ᠎ᠠ ᠳᠤ ᠭᠠᠷᠭᠠᠨ ᠠᠪᠬᠤ᠂ | ᠥᠭᠡᠷ᠎ᠡ ᠬᠤᠲᠠ ᠳᠤ ᠤᠷᠲᠤ ᠬᠤᠭᠤᠴᠠᠭ᠎ᠠ ᠪᠠᠷ ᠰᠠᠭᠤᠵᠤ ᠪᠠᠶᠭ᠎ᠠ ᠬᠥᠮᠦᠰ ᠤᠨ ᠡᠮᠨᠡᠯᠭᠡ ᠳᠤ ᠰᠠᠭᠤᠭᠰᠠᠨ | ᠵᠠᠷᠤᠳᠠᠯ ᠢ ᠳᠠᠩᠰᠠ ᠠᠴᠠ ᠲᠠᠶᠢᠯᠬᠤ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠥᠭᠬᠦ᠂ ︽ | ᠳᠠᠭᠠᠳᠬᠠᠯ ᠳᠤ ᠣᠷᠣᠯᠴᠠᠭᠰᠠᠨ ᠭᠡᠷᠡᠴᠢ ᠪᠠᠷᠢᠮᠲᠠ︾ ᠭᠠᠷᠭᠠᠵᠤ ᠥᠭᠬᠦ᠂ ᠲᠥᠯᠥᠪᠯᠡᠭᠡᠲᠦ ᠦᠷᠡᠵᠢᠯ ᠤᠨ ᠡᠮ | ᠡᠮᠨᠡᠯᠭᠡ ᠶᠢᠨ ᠵᠠᠷᠤᠳᠠᠯ ᠢ ᠲᠤᠰᠢᠶᠠᠬᠤ᠂ ᠡᠭᠦᠳᠡᠨ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ᠂ ᠦᠷᠡᠵᠢᠯ ᠤᠨ | ᠡᠮ ᠡᠮᠨᠡᠯᠭᠡ ᠶᠢᠨ ᠵᠠᠷᠤᠳᠠᠯ ᠢ ᠲᠤᠰᠢᠶᠠᠬᠤ᠂ ᠦᠷᠡᠵᠢᠯ ᠤᠨ ᠨᠡᠮᠡᠭᠦᠷᠢ ᠮᠥᠩᠭᠦ ᠥᠭᠬᠦ᠂ ᠮᠤᠵᠢ ᠠᠯᠤᠰᠯᠠᠨ ᠣᠨᠳᠣᠤ | ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠳᠠᠩᠰᠠᠯᠠᠯ᠂ ᠮᠤᠵᠢ | ᠠᠯᠤᠰᠯᠠᠨ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭᠰᠠᠨ ᠬᠥᠮᠦᠰ ᠤᠨ ᠳᠠᠩᠰᠠᠯᠠᠯ᠂ ᠮᠤᠵᠢ ᠠᠯᠤᠰᠯᠠᠨ | ᠣᠨᠳᠣᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠤ ᠳᠠᠩᠰᠠᠯᠠᠯ᠂ ᠮᠤᠵᠢ ᠠᠯᠤᠰᠯᠠᠨ ᠣᠨᠳᠣᠤ ᠭᠠᠵᠠᠷ ᠲᠤ | ᠰᠢᠯᠵᠢᠭᠦᠯᠦᠨ ᠡᠮᠨᠡᠭᠦᠯᠦᠭᠴᠢ ᠶᠢᠨ ᠳᠠᠩᠰᠠᠯᠠᠯ᠃ | ᠬᠤᠶᠠᠷ᠂ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠶᠢᠨ | ᠭᠦᠶᠴᠡᠳᠬᠡᠵᠦ ᠪᠣᠯᠬᠤ ᠵᠦᠶᠯᠡᠰ ︵ᠨᠡᠶᠢᠲᠡ 22 ᠵᠦᠶᠯ︶ | ᠳᠡᠭᠡᠷ᠎ᠡ ᠳᠤᠷᠠᠳᠤᠭᠰᠠᠨ 19 ᠵᠦᠶᠯ ᠤᠨ ᠨᠡᠶᠢᠳᠡᠮ ᠭᠦᠶᠴᠡᠳᠬᠡᠬᠦ ᠵᠦᠶᠯᠡᠰ ᠤᠨ ᠰᠠᠭᠤᠷᠢᠨ ᠳᠡᠭᠡᠷ᠎ᠡ᠂ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ | ᠤᠨ ᠵᠠᠷᠤᠳᠠᠯ ᠢ ᠲᠡᠰᠦᠯᠦᠨ ᠪᠤᠳᠤᠬᠤ᠂ ᠡᠮᠴᠢᠯᠡᠭᠡᠨ ᠤ ᠪᠠᠶᠢᠭᠤᠯᠤᠮᠵᠢ ᠠᠴᠠ ᠲᠣᠭᠲᠠᠭᠰᠠᠨ ᠴᠡᠭ ᠤᠨ ᠬᠡᠯᠡᠯᠴᠡᠭᠡᠷ | ᠤᠨ ᠬᠠᠮᠢᠶᠠᠷᠤᠯᠲᠠ ᠶᠢ ᠭᠤᠶᠤᠴᠢᠯᠠᠬᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠲᠣᠭᠲᠠᠭᠰᠠᠨ ᠴᠡᠭ | ᠤᠨ ᠬᠡᠯᠡᠯᠴᠡᠭᠡᠷ ᠤᠨ ᠬᠠᠮᠢᠶᠠᠷᠤᠯᠲᠠ ᠶᠢ ᠭᠤᠶᠤᠴᠢᠯᠠᠬᠤ 3 ᠵᠦᠶᠯ ᠢ ᠨᠡᠮᠡᠵᠡᠢ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ | ᠦᠢᠯᠡᠴᠢᠯᠡᠭᠡᠨ ᠤ ᠲᠥᠪ | 2023ᠣᠨ ᠤ1 ᠳ᠋ᠦ᠋ᠭᠡᠷ ᠰᠠᠷ᠎ᠠ ᠶᠢᠨ10 ᠤ ᠡᠳᠦᠷ | |