ᠥᠪᠥᠷ ᠮᠣᠩᠭᠤᠯ ᠤᠨ ᠮᠤᠵᠢ ᠠᠯᠤᠰᠯᠠᠭᠰᠠᠨ ᠵᠢᠴᠢ ᠣᠷᠣᠨ ᠤ ᠳᠣᠲᠣᠷᠠᠬᠢ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠤᠨ ᠠᠵᠢᠯᠯᠠᠭ᠎ᠠ ᠲᠦᠷ ᠵᠣᠭᠰᠣᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/1/11
  ᠤᠯᠤᠰ ᠤᠨ ᠡᠮᠴᠢᠯᠡᠭᠡᠨ ᠤ ᠳᠠᠭᠠᠳᠬᠠᠯ᠂ ᠡᠳ᠋ ᠤᠨ ᠵᠠᠰᠠᠭ ᠤᠨ ᠶᠠᠮᠤᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ﹇ 2022 ﹈ 22 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ  ᠶᠢᠨ ᠬᠤᠪᠢᠶᠠᠷᠢ ᠰᠢᠰᠲ᠋ᠧᠮ ᠢ 2023 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠤᠨ 10 ᠴᠠᠭ ᠠᠴᠠ 2023 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯ᠎ᠠ ᠲᠦᠷ ᠵᠣᠭᠰᠣᠭᠠᠵᠤ ᠲᠠᠰ ᠳᠡᠪᠰᠢᠭᠦᠯᠦᠨ᠎ᠡ᠃ ᠰᠢᠰᠲ᠋ᠧᠮ ᠤᠨ ᠲᠠᠰ ᠳᠡᠪᠰᠢᠬᠦ ᠬᠤᠭᠤᠴᠠᠭᠠᠨ ᠳᠤ ᠮᠤᠵᠢ ᠠᠯᠤᠰᠯᠠᠭᠰᠠᠨ ᠵᠢᠴᠢ ᠣᠷᠣᠨ ᠤ ᠳᠣᠲᠣᠷᠠᠬᠢ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠪᠣᠶ ᠪᠥᠬᠦᠶ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠂ ᠡᠭᠦᠨ ᠳᠤ ᠡᠮᠨᠡᠯᠭᠡ ᠳᠤ ᠰᠠᠭᠤᠭᠰᠠᠨ᠂ ᠡᠩ ᠤᠨ ᠡᠭᠦᠳᠡᠨ ᠡᠮᠨᠡᠯᠭᠡ ᠪᠠ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠴᠢᠨᠠᠷᠲᠠᠶ ᠡᠪᠡᠳᠴᠢᠨ ᠤ ᠵᠠᠷᠤᠳᠠᠯ ᠢ ᠰᠢᠭᠤᠳ ᠳ᠋ᠦᠩᠨᠡᠨ ᠪᠤᠳᠤᠬᠤ ᠵᠢᠴᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠶᠯᠡᠴᠢᠯᠡᠭᠡᠨ ᠤ ᠲᠠᠪᠴᠠᠩ ᠤᠨ ᠣᠨᠳᠣᠤ ᠭᠠᠵᠠᠷ ᠲᠤ ᠡᠮᠨᠡᠭᠦᠯᠦᠭᠰᠡᠨ ᠢ ᠳᠠᠩᠰᠠᠯᠠᠬᠤ ᠦᠶᠯᠡᠴᠢᠯᠡᠭᠡ ᠵᠡᠷᠭᠡ ᠪᠠᠭᠲᠠᠨ᠎ᠠ᠃ ᠰᠢᠰᠲ᠋ᠧᠮ ᠤᠨ ᠲᠠᠰ ᠳᠡᠪᠰᠢᠬᠦ ᠬᠤᠭᠤᠴᠠᠭᠠᠨ ᠳᠤ ᠰᠢᠭᠤᠳ ᠳ᠋ᠦᠩᠨᠡᠨ ᠪᠤᠳᠤᠬᠤ ᠶᠢᠨ ᠠᠷᠭ᠎ᠠ ᠥᠬᠡᠶ  ᠳᠤ ᠂ ᠬᠠᠮᠢᠶ᠎ᠠ ᠪᠥᠬᠦᠶ ᠡᠮᠴᠢᠯᠡᠭᠡᠨ  ᠤ ᠵᠠᠷᠤᠳᠠᠯ ᠢ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠬᠡᠭᠰᠡᠨ ᠪᠠᠶᠢᠭᠤᠯᠤᠮᠵᠢ ᠠᠴᠠ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠭᠰᠠᠳ ᠲᠤ ᠬᠥᠯᠥᠰᠦᠯᠡᠨ ᠲᠠᠩᠰᠠ ᠲᠠᠶᠢᠯᠬᠤ ᠶᠢ ᠭᠦᠶᠴᠡᠳᠬᠡᠵᠦ ᠥᠭᠭᠦᠨ᠎ᠡ᠃  ᠲᠣᠰ ᠤᠳᠠᠭᠠᠨ ᠤ ᠰᠢᠰᠲ᠋ᠧᠮ ᠤᠨ ᠠᠵᠢᠯᠯᠠᠭ᠎ᠠ ᠵᠣᠭᠰᠣᠭᠠᠵᠤ ᠳᠡᠰ ᠳᠡᠪᠰᠢᠭᠦᠯᠬᠦ ᠶᠢᠨ ᠠᠪᠴᠢᠷᠠᠭᠰᠠᠨ ᠨᠥᠯᠥᠭᠡ ᠪᠠ ᠶᠠᠷᠰᠢᠭ ᠲᠦᠪᠡᠭ ᠢ ᠠᠭᠤᠴᠢᠯᠠᠬᠤ ᠪᠤᠯᠪᠠᠤ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ            2023 ᠣᠨ ᠤ1 ᠳ᠋ᠦ᠋ᠭᠡᠷ ᠰᠠᠷ᠎ᠠ ᠶᠢᠨ10 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号