ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠢ ᠤᠷᠢᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/1/20
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠶᠢᠨ ᠲᠥᠯᠥᠭᠡ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠶᠢ ᠬᠥᠲᠥᠯᠥᠨ ᠵᠢᠯᠤᠭᠤᠳᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠡᠳᠬᠢᠯ ᠵᠢᠷᠦᠬᠡᠨ ᠳᠤ ᠭᠦᠨᠵᠡᠭᠡᠶᠢᠷᠡᠭᠦᠯᠦᠨ ᠪᠤᠳᠠᠳᠠᠶᠢᠵᠢᠭᠤᠯᠵᠦ ᠦᠷᠭᠦᠯᠵᠢᠯᠡᠭᠦᠯᠬᠦ ᠶᠢ ᠠᠬᠢᠭᠤᠯᠬᠤ ᠶᠢᠨ ᠲᠦᠯᠦᠭᠡ᠂ 12 ᠳ᠋ᠤᠭᠠᠷ ᠰᠠᠷ᠎ᠠ ᠶᠢᠨ 19  ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠨᠠᠮ ᠤᠨ ᠡᠭᠦᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠬᠡᠯᠲᠡᠰ ᠤᠨ ᠰᠢᠦᠢ ᠬᠦᠢ ᠾᠧᠩ ᠫᠷᠣᠹᠧᠰᠰᠣᠷ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠠᠪᠰᠤᠷᠤᠨ ᠵᠢᠯᠤᠭᠤᠳᠬᠤ ᠪᠠᠷ ᠤᠷᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠯᠢᠦ ᠵᠢᠶᠦ᠋ᠨ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠪᠦᠬᠦ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃   ᠰᠢᠦᠢ ᠫᠷᠣᠹᠧᠰᠰᠣᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠲᠣᠭᠤᠷᠢᠨ ᠳᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ︾ ︽ᠥᠩᠭᠡᠷᠡᠭᠰᠡᠨ 5 ᠵᠢᠯ ᠤᠨ ᠠᠵᠢᠯ ᠪᠣᠯᠣᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ︾ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠶ᠎ᠡ︾ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ︽ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ︾ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠳᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠶ᠎ᠠ︾ ᠵᠡᠷᠭᠡ ᠵᠢᠷᠭᠤᠭᠠᠨ ᠲᠠᠯ᠎ᠠ ᠶᠢᠨ ᠠᠭᠤᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠨ᠂ ᠪᠦᠬᠦ ᠠᠵᠢᠯ ᠲᠦᠷᠦᠯ ᠤᠨ ᠬᠢᠨ ᠤ ᠨᠠᠮ ᠤᠨ ᠭᠡᠰᠢᠭᠦᠨ ᠺᠠᠳ᠋ᠷᠴᠤᠳ ᠤᠨ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠮᠥᠨ ᠴᠢᠨᠠᠷ ᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠪᠣᠳᠠᠲᠠᠢ ᠨᠠᠶᠢᠳᠠᠪᠤᠷᠢᠵᠢᠭᠤᠯᠵᠤ᠂ ᠲᠤᠬᠠᠶᠢᠯᠠᠭᠰᠠᠨ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠬᠦ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃    ᠯᠢᠦ ᠵᠢᠶᠦ᠋ᠨ ᠡᠷᠬᠢᠯᠡᠭᠴᠢ ᠮᠡᠳᠡᠭᠦᠯᠦᠯᠲᠡ ᠶᠢᠨ ᠬᠤᠷᠠᠯ ᠢ ᠡᠷᠬᠢᠯᠡᠬᠦ ᠳᠡᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨᠬᠦ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ       ᠬᠤᠪᠢᠷᠠᠭᠤᠯᠵᠤ᠂ ᠰᠢᠨ᠎ᠡ ᠴᠠᠭ ᠦᠶ᠎ᠡ ᠠᠴᠠ ᠡᠮ ᠬᠤᠳᠠᠯᠳᠤᠨ ᠠᠪᠬᠤ ᠬᠥᠮᠥᠨ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠡᠭᠦᠷᠭᠡᠯᠡᠵᠦ᠂ ᠰᠢᠨ᠎ᠡ ︽ᠰᠢᠯᠭᠠᠯᠲᠠ ᠳᠤ ᠣᠷᠤᠯᠴᠠᠬᠤ︾ ᠵᠠᠮ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠪᠠᠨ ᠴᠢᠷᠮᠠᠶᠢᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠬᠤ ᠬᠡᠷᠡᠭᠲᠡᠢ᠃ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠬᠠᠮᠰᠠᠷ ᠠᠴᠠ ᠪᠠᠨ ᠨᠠᠮ ᠤᠨ ᠲᠤᠭ ᠤᠨ ᠳᠣᠣᠷ᠎ᠠ ︽ᠬᠠᠲᠠᠭᠤ ᠪᠠᠬᠢ ᠪᠣᠯᠣᠳ ᠲᠡᠮᠦᠷ︾ ᠪᠣᠯᠵᠤ ᠪᠦᠯᠬᠦᠮᠳᠡᠨ᠎ᠡ᠃   ᠬᠤᠶᠠᠷ ᠲᠤ᠂ ᠭᠦᠨᠵᠡᠭᠡᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠵᠦ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠥᠪᠡᠷ ᠤᠨ ᠪᠡᠶ᠎ᠡ ᠪᠠᠷ ᠢᠶᠠᠨ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠠᠵᠢᠯ ᠳᠠᠭᠠᠨ ᠤᠷᠤᠯᠴᠠᠵᠦ᠂ ᠤᠭ ᠵᠣᠬᠢᠶᠠᠯ ᠢ  ᠨᠢ ᠤᠩᠰᠢᠵᠤ᠂ ᠤᠭ ᠶᠣᠰᠣ ᠶᠢ ᠨᠢ ᠣᠶᠢᠯᠠᠭᠠᠵᠤ᠂ ᠤᠭ ᠤᠳᠬ᠎ᠠ ᠶᠢ ᠨᠢ ᠮᠡᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠣᠶᠢᠯᠠᠭᠠᠵᠤ᠂ ︽ᠵᠢᠷᠭᠤᠭ᠎ᠠ ᠶᠢ ᠪᠠᠷᠢᠮᠲᠠᠯᠠᠬᠤ︾ ᠶᠢ ᠪᠠᠲᠤ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠠᠭᠤᠯᠤᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠡᠮ ᠡᠮᠨᠡᠯᠭᠡ ᠶᠢᠨ ᠬᠤᠳᠠᠯᠳᠤᠨ ᠠᠪᠬᠤ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠷᠭᠠᠭᠤ ᠬᠠᠲᠠᠭᠤᠵᠢᠯᠲᠠᠢ ᠠᠵᠢᠯᠯᠠᠬᠤ ᠶᠢᠨ ᠬᠦᠴᠦᠷᠬᠡᠭ ᠶᠡᠭᠡ ᠬᠥᠳᠡᠯᠭᠡᠭᠦ ᠬᠦᠴᠦᠨ᠂ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠪᠠ ᠠᠵᠢᠯ ᠢᠶᠠᠨ ᠠᠬᠢᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃   ᠭᠤᠷᠪᠠ ᠳᠤ᠂ ᠤᠬᠠᠭᠤᠯᠤᠨ ᠲᠠᠶᠢᠯᠪᠤᠷᠢᠯᠠᠬᠤ ᠶᠢ ᠲᠤᠪᠤᠶᠢᠯᠭᠠᠵᠦ᠂ ᠰᠤᠷᠤᠯᠴᠠᠨ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠠᠪᠤᠴᠠ ᠳᠤ ᠦᠯᠢᠭᠡᠷ ᠢ ᠰᠠᠶᠢᠲᠤᠷ ᠶᠠᠷᠢᠵᠤ᠂ ᠠᠷᠠᠳ ᠲᠤ ᠠᠰᠢᠭ ᠬᠦᠷᠲᠡᠭᠡᠬᠦ ᠳᠠᠭᠤᠨ ᠢ ᠳᠠᠮᠵᠢᠭᠤᠯᠬᠤ ᠬᠡᠷᠡᠭᠲᠡᠢ᠃ ᠠᠯᠪᠠᠨ ᠤ ᠰᠦᠯᠵᠢᠶ᠎ᠡ ᠵᠡᠷᠭᠡ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠵᠤ᠂ ᠨᠡᠶᠢᠭᠡᠮ ᠲᠣᠭᠤᠷᠢᠭ᠂ ᠡᠮᠴᠢᠯᠡᠭᠡᠨ ᠤ ᠪᠠᠶᠢᠭᠤᠯᠤᠮᠵᠢ᠂ ᠡᠮ ᠡᠮᠨᠡᠯᠭᠡ ᠶᠢᠨ ᠠᠵᠤ ᠠᠬᠤᠶᠢᠯᠠᠯ᠂ ᠪᠠᠩᠬᠢ ᠵᠡᠷᠭᠡ ᠲᠠᠢ ᠰᠣᠯᠢᠯᠴᠠᠬᠤ ᠲᠠᠪᠴᠠᠩ ᠪᠠᠶᠢᠭᠤᠯᠵᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠤᠨ ᠦᠷ᠎ᠡ ᠪᠦᠲᠦᠮᠵᠢ ᠶᠢ ᠤᠯᠠᠨ ᠲᠠᠯ᠎ᠠ ᠠᠴᠠ ᠤᠬᠠᠭᠤᠯᠵᠤ᠂ ᠡᠮᠴᠢᠯᠡᠭᠡ ᠶᠢᠨ ᠪᠠᠳᠤᠯᠠᠭ᠎ᠠ ᠪᠠᠷ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠮᠡᠳᠡᠭᠳᠡᠮ᠎ᠡ ᠪᠠᠭᠤᠷᠠᠭᠤᠯᠬᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠶᠠᠷᠢᠵᠤ᠂ ᠤᠯᠠᠨ ᠲᠦᠮᠡᠨ ᠳᠤ ᠲᠥᠪᠯᠡᠷᠡᠭᠦᠯᠦᠨ ᠬᠤᠳᠠᠯᠳᠤᠨ ᠠᠪᠬᠤ ︽ᠲᠦᠷᠦ ᠶᠢᠨ ᠪᠣᠳᠣᠯᠭ᠎ᠠ ᠶᠢᠨ ᠠᠰᠢᠭ︾ ᠢ ᠦᠨᠡᠨᠬᠦ ᠮᠡᠳᠡᠷᠡᠭᠦᠯᠵᠦ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠬᠤᠳᠠᠯᠳᠤᠨ ᠠᠪᠬᠤ ᠦᠷ᠎ᠡ ᠪᠦᠲᠦᠭᠡᠯ ᠠᠴᠠ ᠪᠣᠯᠤᠭᠰᠠᠨ ︽ᠢᠳᠡᠪᠬᠢ ᠬᠦᠴᠦᠨ︾ ᠢ ᠮᠡᠳᠡᠷᠡᠭᠦᠯᠵᠦ᠂ ᠰᠢᠨ᠎ᠡ ᠰᠣᠷᠭᠤᠭ ᠬᠡᠷᠡᠭ ᠤᠨ ᠵᠢᠱᠢᠶ᠎ᠡ᠂ ᠠᠮᠢᠳᠤᠯᠢᠭ ᠦᠭᠡ ᠬᠡᠯᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠴᠢᠨᠠᠭᠰᠢᠳᠠ ᠠᠬᠢᠭᠤᠯᠤᠨ᠎ᠠ᠃   ᠳᠥᠷᠪᠡ ᠳᠤ᠂ ᠮᠡᠳᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ ︽ᠭᠤᠷᠪᠠᠨ ᠡᠷᠬᠡᠪᠰᠢ︾ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠦᠬᠦ ᠲᠠᠯ᠎ᠠ  ᠪᠠᠷ ᠬᠠᠷᠢᠴᠠᠭᠤᠯᠤᠨ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠠᠳ ᠲᠦᠮᠡᠨ ᠢ ᠳᠡᠭᠡᠳᠦᠯᠡᠬᠦ︾ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠠᠶᠠᠨ ᠵᠠᠮ ᠳᠠᠬᠢ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠤᠶᠠᠯᠳᠤᠯ ᠤᠨ ᠴᠡᠭ᠂ ᠭᠠᠷᠳᠠᠬᠤ ᠴᠡᠭ ᠢ ᠣᠨᠣᠪᠴᠢᠲᠠᠶ ᠡᠷᠢᠨ ᠣᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯ ᠠᠵᠢᠯ ᠤᠨ ᠰᠡᠳᠬᠢᠴᠡ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠰᠤᠳᠤᠯᠤᠨ ᠰᠦᠪᠡᠭᠴᠢᠯᠡᠵᠦ᠂ ᠲᠥᠪᠯᠡᠷᠡᠭᠦᠯᠦᠨ ᠬᠤᠳᠠᠯᠳᠤᠨ ᠠᠪᠬᠤ ᠪᠦᠲᠦᠭᠡᠭᠳᠡᠬᠦᠨ ᠤ ᠳᠣᠲᠣᠷ᠎ᠠ ᠠᠴᠠ ᠰᠣᠩᠭᠤᠭᠰᠠᠨ ᠦᠷ᠎ᠡ ᠳ᠋ᠦᠩ ᠢ ᠮᠠᠨ ᠤ ᠣᠷᠣᠨ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ᠂ ᠭᠡᠷ᠎ᠡ ᠶᠢ ᠦᠷᠭᠦᠯᠵᠢᠯᠡᠨ ᠦᠷᠭᠦᠯᠵᠢᠯᠡᠭᠦᠯᠬᠦ᠂ ᠰᠢᠭᠤᠳ ᠳ᠋ᠦᠩᠨᠡᠨ ᠪᠤᠳᠤᠬᠤ᠂ ᠰᠦᠯᠵᠢᠶ᠎ᠡ ᠪᠠᠷ ᠬᠤᠳᠠᠯᠳᠤᠨ ᠠᠪᠬᠤ᠂ ᠢᠲᠡᠭᠡᠮᠵᠢ ᠶᠢᠨ ᠦᠨᠡᠯᠡᠯᠲᠡ ᠶᠢᠨ ᠵᠢᠯ ᠤᠨ ᠡᠴᠦᠰ ᠤᠨ ᠰᠡᠭᠦᠯ ᠬᠤᠷᠢᠶᠠᠬᠤ ᠪᠠ ᠵᠢᠯ ᠤᠨ ᠡᠬᠢᠨ ᠤ ᠡᠬᠢᠯᠡᠯᠲᠡ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪᠯᠡᠷᠡᠭᠦᠯᠦᠨ ᠬᠤᠳᠠᠯᠳᠤᠨ ᠠᠪᠬᠤ ᠦᠷ᠎ᠡ ᠪᠦᠲᠦᠭᠡᠯ ᠢ ᠦᠨᠡᠨ ᠪᠣᠳᠠᠲᠠᠢ ᠪᠠᠷ ᠠᠷᠠᠳ ᠣᠯᠠᠨ ᠳᠤ ᠬᠦᠷᠲᠡᠭᠡᠨ᠎ᠡ᠃     
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号