ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠤᠷᠠᠭ ᠵᠠᠩᠭᠢ ᠶᠢᠨ ᠲᠠᠪᠴᠠᠩ ᠤᠨ ︽ ᠰᠣᠷᠠᠭ ᠵᠠᠩᠭᠢ ᠶᠢᠨ | ᠰᠢᠰᠲ᠋ᠧᠮ ᠤᠨ ᠲᠠᠮᠪᠤᠷᠠᠯ ᠠᠴᠠ ᠰᠡᠷᠬᠦᠭᠡᠬᠦ ᠲᠥᠷᠢᠮᠵᠢᠯ︾ ᠤᠨ GB/T20988-2007 ᠪᠦᠲᠦᠭᠡᠨ | ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 2023 ᠣᠨ ᠤ 1 ᠳ᠋ᠦ᠋ᠭᠡᠷ ᠰᠠᠷ᠎ᠠ ᠶᠢᠨ 6 ᠤ ᠡᠳᠦᠷ ︵ᠭᠠᠷᠠᠭ ᠤᠨ | ᠲᠠᠪᠤᠨ︶ ᠤᠨ 21 ᠴᠠᠭ ᠠᠴᠠ 2023 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ︵ᠭᠠᠷᠠᠭ ᠤᠨ ᠵᠢᠷᠭᠤᠭᠠᠨ︶ | ᠤᠨ 7 ᠴᠠᠭ ᠪᠣᠯᠲᠠᠯ᠎ᠠ ᠭᠤᠣᠯ ᠪᠡᠯᠡᠳᠬᠡᠯ ᠲᠤᠭ᠎ᠠ ᠪᠠᠷᠢᠮᠲᠠ ᠶᠢᠨ ᠲᠥᠪ ᠳᠠᠮᠪᠤᠷᠠᠯ ᠢ ᠠᠷᠭᠠᠴᠠᠭᠠᠬᠤ ᠰᠣᠷᠢᠯᠲᠠ | ᠬᠢᠬᠦ ᠪᠠᠷ ᠲᠣᠭᠲᠠᠪᠠ᠃ ᠰᠣᠷᠢᠯᠲᠠ ᠶᠢᠨ ᠬᠤᠭᠤᠴᠠᠭᠠᠨ ᠳᠤ ᠡᠮ ᠡᠮᠨᠡᠯᠭᠡ ᠶᠢᠨ ᠳᠠᠭᠠᠳᠬᠠᠯ ᠤᠨ ᠰᠤᠷᠠᠭ ᠵᠠᠩᠭᠢ ᠶᠢᠨ | ᠲᠠᠪᠴᠠᠩ ᠤᠨ ᠠᠵᠢᠯᠯᠠᠭ᠎ᠠ ᠶᠢ ᠲᠦᠷ ᠵᠣᠭᠰᠣᠭᠠᠵᠤ᠂ ᠪᠣᠶ ᠪᠦᠬᠦᠢ ᠡᠮ ᠡᠮᠨᠡᠯᠭᠡ ᠶᠢᠨ ᠳᠠᠭᠠᠳᠬᠠᠯ ᠤᠨ | ᠲᠤᠬᠠᠶᠢᠯᠠᠭᠰᠠᠨ ᠠᠵᠢᠯ ︵ᠪᠥᠬᠦ ᠣᠷᠣᠨ ᠤ ᠪᠣᠶ ᠪᠦᠬᠦᠢ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠲᠤᠬᠠᠶᠢᠯᠠᠭᠰᠠᠨ ᠠᠵᠢᠯ᠂ ᠡᠮ ᠡᠮᠨᠡᠯᠭᠡ ᠶᠢᠨ ᠳᠠᠭᠠᠳᠬᠠᠯ ᠤᠨ ᠺᠠᠷᠲ ᠬᠡᠷᠡᠭᠯᠡᠬᠦ᠂ ᠡᠯᠧᠺᠲᠷᠣᠨ ᠡᠮ ᠡᠮᠨᠡᠯᠭᠡ ᠶᠢᠨ | ᠳᠠᠭᠠᠳᠬᠠᠯ ᠤᠨ ᠭᠡᠷᠡᠴᠢ ᠪᠠᠷᠢᠮᠲᠠ ᠶᠢ ᠬᠡᠷᠡᠭᠯᠡᠬᠦ᠂ ᠡᠮᠨᠡᠯᠭᠡ ᠠᠴᠠ ᠭᠠᠷᠬᠤ ᠪᠠ ᠡᠮᠨᠡᠯᠭᠡ ᠳᠤ ᠣᠷᠣᠬᠤ ᠶᠢ | ᠳᠠᠩᠰᠠᠯᠠᠬᠤ᠂ ᠣᠨᠳᠣᠣ ᠭᠠᠵᠠᠷ ᠲᠤ ᠡᠮᠴᠢᠯᠡᠬᠦᠯᠵᠦ ᠰᠦᠯᠵᠢᠶ᠎ᠡ ᠪᠠᠷ ᠳᠠᠩᠰᠠ ᠴᠠᠶᠢᠷᠠᠭᠤᠯᠬᠤ ᠵᠡᠷᠭᠡ︶ ᠤᠨ | ᠦᠢᠯᠡᠴᠢᠯᠡᠭᠡ ᠶᠢ ᠲᠦᠷ ᠵᠤᠭᠰᠤᠭᠠᠨ᠎ᠠ᠃ 2023 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ︵ᠭᠠᠷᠠᠭ ᠤᠨ | ᠵᠢᠷᠭᠤᠭᠠᠨ︶ ᠤᠨ 7 ᠴᠠᠭ ᠲᠤ ᠡᠮ ᠡᠮᠨᠡᠯᠭᠡ ᠶᠢᠨ ᠳᠠᠭᠠᠳᠬᠠᠯ ᠤᠨ ᠰᠤᠷᠠᠭ ᠵᠠᠩᠭᠢ ᠶᠢᠨ ᠲᠠᠪᠴᠠᠩ ᠬᠡᠪ ᠤᠨ | ᠪᠠᠶᠢᠳᠠᠯ ᠢᠶᠠᠨ ᠰᠡᠷᠭᠦᠭᠡᠨ᠎ᠡ ᠃ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠲᠦᠷ ᠵᠤᠭᠰᠤᠭᠠᠭᠰᠠᠨ | ᠬᠤᠭᠤᠴᠠᠭᠠᠨ ᠳᠠᠬᠢ ᠠᠪᠴᠢᠷᠠᠭᠰᠠᠨ ᠶᠠᠷᠰᠢᠭ ᠲᠦᠪᠡᠭ ᠢ ᠠᠭᠤᠴᠢᠯᠠᠬᠤ ᠪᠣᠯᠪᠠᠤ᠃ | |