︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠳᠠᠷᠠᠭᠠᠬᠢ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠢ ᠡᠮᠨᠡᠨ ᠵᠠᠰᠠᠬᠤ ᠵᠠᠷᠤᠳᠠᠯ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2023/1/7
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠮᠠᠨᠵᠤᠤᠷ ᠬᠤᠲᠠ ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ      ᠵᠥᠪᠯᠡᠯ᠄    ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠶᠢᠨ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠳᠠᠷᠠᠭᠠᠬᠢ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠢ ᠡᠮᠨᠡᠨ ᠵᠠᠰᠠᠬᠤ ᠵᠠᠷᠤᠳᠠᠯ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ︾ ︵ᠡᠮ ᠡᠮᠨᠡᠯᠭᠡ ᠶᠢᠨ ᠲᠠᠷᠬᠠᠭᠠᠭᠰᠠᠨ ﹇ 2023 ﹈ 1 ᠳ᠋ᠦ᠋ᠭᠡᠷ ᠮᠠᠲ᠋ᠧᠷᠢᠶᠠᠯ︶ ᠤᠨ ᠱᠠᠭᠠᠷᠳᠠᠯᠭ᠎ᠠ ᠶᠣᠰᠣᠭᠠᠷ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠳᠠᠷᠠᠭᠠᠬᠢ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠯ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠡᠮᠨᠡᠯᠭᠡ ᠳᠤ ᠰᠠᠭᠤᠵᠤ ᠡᠮᠨᠡᠭᠦᠯᠬᠦ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠨ᠎ᠡ    ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠠᠳ ᠡᠮᠨᠡᠯᠭᠡ ᠳᠤ ᠰᠠᠭᠤᠬᠤ ᠡᠪᠡᠳᠴᠢᠲᠡᠨ ᠤ ᠵᠠᠷᠤᠳᠠᠯ ᠤᠨ ᠠᠰᠠᠭᠤᠳᠠᠯ ᠠᠴᠠ ᠪᠣᠯᠵᠣ ᠡᠮᠨᠡᠨ ᠵᠠᠰᠠᠬᠤ ᠶᠢ ᠨᠥᠯᠥᠭᠡᠯᠡᠬᠦ ᠥᠬᠡᠶ ᠶᠢ ᠪᠠᠲᠤᠯᠠᠬᠤ ᠦᠭᠡᠢ ᠶᠢᠨ ᠲᠥᠯᠥᠭᠡ᠂ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠤ ᠪᠣᠶ ᠪᠥᠬᠦᠶ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠣᠨᠣᠰᠢᠯᠠᠨ ᠡᠮᠨᠡᠬᠦ ᠲᠥᠰᠦᠯ ᠳᠤ ᠨᠡᠶᠢᠴᠡᠬᠦ ᠡᠮᠨᠡᠯᠭᠡ ᠳᠤ ᠰᠠᠭᠤᠬᠤ ᠡᠮᠴᠢᠯᠡᠭᠡᠨ ᠤ ᠵᠠᠷᠤᠳᠠᠯ ᠳᠤ᠂ ᠡᠮᠦᠨᠡᠬᠢ ᠬᠤᠭᠤᠴᠠᠭᠠᠨ ᠤ ᠵᠠᠷᠤᠳᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠠᠴᠠ ᠲᠣᠭᠲᠠᠭᠠᠯ ᠶᠣᠰᠣᠭᠠᠷ ᠲᠥᠯᠥᠭᠰᠡᠨ ᠤ ᠳᠠᠷᠠᠭ᠎ᠠ᠂ ᠬᠤᠪᠢ ᠬᠥᠮᠦᠨ ᠤ ᠡᠭᠦᠷᠭᠡᠯᠡᠬᠦ ᠬᠡᠰᠡᠭ ᠲᠤ ᠡᠳ᠋ ᠤᠨ ᠵᠠᠰᠠᠭ ᠠᠴᠠ ᠨᠥᠬᠦᠪᠥᠷᠢ ᠥᠭᠴᠦ᠂ ᠬᠡᠷᠡᠭᠰᠡᠬᠦ ᠮᠥᠩᠭᠦ ᠶᠢ ᠣᠷᠣᠨ ᠨᠤᠲᠤᠭ ᠤᠨ ᠡᠳ᠋ ᠤᠨ ᠵᠠᠰᠠᠭ ᠠᠴᠠ ᠤᠷᠢᠳᠠᠪᠠᠷ ᠥᠭᠭᠦᠨ᠎ᠡ᠃ ᠲᠣᠰ ᠲᠥᠷᠥ ᠶᠢᠨ ᠪᠣᠳᠣᠯᠭ᠎ᠠ ᠶᠢ ᠡᠪᠡᠳᠴᠢᠲᠡᠨ ᠤ ᠡᠮᠨᠡᠯᠭᠡ ᠳᠤ ᠤᠷᠤᠭᠰᠠᠨ ᠴᠠᠭ ᠠᠴᠠ ᠪᠤᠳᠤᠵᠤ᠂ ᠤᠷᠢᠳᠠᠪᠠᠷ 2023 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃    ᠬᠤᠶᠠᠷ᠂ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠳᠡᠨ ᠤ ᠡᠭᠦᠳᠡᠨ ᠡᠮᠨᠡᠯᠭᠡ ᠳᠥᠷᠬᠡᠨ ᠡᠮᠨᠡᠯᠭᠡ ᠶᠢᠨ ᠵᠠᠷᠣᠳᠡᠯ ᠤᠨ ᠲᠣᠰᠬᠠᠢ ᠪᠠᠳᠣᠯᠠᠭ᠎ᠠ ᠶᠢ ᠭᠡᠷᠡᠭᠵᠢᠬᠦᠯᠦᠨ᠎ᠡ    ᠡᠪᠡᠳᠴᠢᠳᠡᠨ ᠤ ᠦᠨᠳᠣᠰᠣᠨ ᠱᠠᠳᠣᠨ ᠳᠤ ᠡᠪᠡᠳᠴᠢᠨ ᠦᠵᠡᠬᠦᠯᠬᠦ ᠶᠢ ᠬᠦᠳᠦᠯᠦᠨ ᠵᠢᠯᠥᠭᠤᠳᠬᠤ ᠶᠢᠨ ᠲᠣᠰᠠᠳᠡ᠂ ᠡᠮᠴᠢᠯᠡᠭᠡᠨ ᠤ ᠲᠠᠭᠠᠳᠬᠠᠯ ᠤᠨ ᠮᠠᠯᠵᠢᠬᠤ ᠳᠡᠷᠢᠶᠡᠯᠠᠬᠤ ᠣᠷᠣᠨ᠂ ᠬᠤᠳᠡ ᠶᠢᠨ ᠨᠡᠶᠢᠭᠡᠮ ᠲᠤᠭᠤᠷᠢᠭ ᠵᠡᠷᠭᠡ ᠦᠨᠳᠣᠰᠣᠨ ᠱᠠᠳᠣᠨ ᠤ ᠡᠮᠴᠢᠯᠡᠭᠡᠨ ᠤ ᠪᠠᠶᠢᠭᠤᠯᠥᠮᠵᠢ ︵ᠬᠤᠶᠠᠳᠣᠭᠠᠷ ᠳᠡᠰ ᠵᠢᠴᠢ ᠲᠣᠷᠣᠠᠠᠰᠢ ᠬᠢ ᠡᠮᠴᠢᠯᠡᠭᠡᠨ ᠤ ᠪᠠᠶᠢᠭᠤᠯᠥᠮᠵᠢ︶ ᠳᠤ ᠬᠠᠷᠡᠭᠠᠯᠵᠠᠵᠦ ᠳᠡᠮᠵᠢᠬᠦ ᠡᠷᠴᠢᠮ ᠢ ᠴᠢᠩᠭᠠᠷᠡᠭᠤᠯᠵᠦ᠂ ᠦᠨᠳᠣᠰᠣᠨ ᠱᠠᠳᠣᠨ ᠤ ᠡᠮᠴᠢᠯᠡᠭᠡᠨ ᠤ ᠲᠠᠭᠠᠳᠬᠠᠯ ᠤᠨ ᠲᠣᠠᠠᠳ᠋ᠬᠠᠰᠠᠨ ᠡᠮᠴᠢᠯᠡᠭᠡᠨ ᠤ ᠪᠠᠶᠢᠭᠤᠯᠥᠮᠵᠢ ᠳᠤ ᠭᠠᠷᠣᠠᠠᠰᠠᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠡᠯ ᠵᠢᠴᠢ ᠰᠡᠵᠢᠭᠯᠡᠯᠳᠡᠢ ᠡᠪᠡᠳᠴᠢᠳᠡᠨ ᠤ ᠡᠭᠦᠳᠡᠨ ᠡᠮᠨᠡᠯᠭᠡ ᠶᠢᠨ ᠵᠠᠷᠣᠳᠡᠯ ᠳᠤ ᠲᠣᠰᠬᠠᠢ ᠪᠠᠳᠣᠯᠠᠭ᠎ᠠ ᠭᠡᠷᠡᠭᠵᠢᠬᠦᠯᠵᠦ᠂ ᠲᠠᠭᠠᠳᠬᠠᠯ ᠳᠤ ᠣᠷᠣᠯᠴᠬᠠᠰᠠᠨ ᠡᠪᠡᠳᠴᠢᠳᠡᠨ ᠤ ᠦᠨᠳᠣᠰᠣᠡ ᠱᠠᠳᠣᠨ ᠤ ᠡᠮᠴᠢᠯᠡᠭᠡᠨ ᠤ ᠲᠠᠭᠠᠳᠬᠠᠯ ᠤᠨ ᠲᠣᠠᠠᠳ᠋ᠬᠠᠰᠠᠨ ᠡᠮᠴᠢᠯᠡᠭᠡᠨ ᠤ ᠪᠠᠶᠢᠭᠤᠯᠥᠮᠵᠢ ᠳᠤ ᠬᠡᠷᠡᠭᠯᠡᠬᠦ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠦᠷᠢᠯᠡᠯ ᠢ ᠠᠪᠤᠷᠡᠨ ᠡᠮᠨᠡᠬᠦᠯᠬᠦ ᠳᠤ ᠬᠡᠷᠡᠭᠯᠡᠬᠦ ᠡᠭᠦᠳᠡᠨ ᠡᠮᠨᠡᠯᠭᠡ ᠪᠠᠴᠢᠮ ᠡᠮᠨᠡᠯᠭᠡ ᠶᠢᠨ ᠵᠠᠷᠣᠳᠡᠯ ᠳᠤ ᠡᠬᠢᠯᠡᠨ ᠲᠣᠰᠢᠶᠡᠬᠤ ᠱᠣᠭᠤᠮ ᠪᠠ ᠳᠡᠭᠡᠳᠦ ᠬᠢᠵᠠᠭᠠᠷ ᠭᠠᠷᠭᠠᠬᠤ ᠦᠭᠡᠢ᠂ ᠳᠡᠩᠰᠡ ᠳᠡᠶᠢᠯᠬᠤ ᠬᠠᠷᠢᠴᠡᠯ 70% ᠃ ᠲᠣᠰ ᠲᠥᠷᠥ ᠶᠢᠨ ᠪᠣᠳᠣᠯᠭ᠎ᠠ ᠶᠢ ᠤᠷᠢᠳᠠᠪᠠᠷ 2023 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠪᠤᠰᠤᠳ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠡᠭᠦᠳᠡᠨ ᠡᠮᠨᠡᠯᠭᠡ ᠪᠠᠴᠢᠮ ᠡᠮᠨᠡᠯᠭᠡ ᠤᠨ ᠵᠠᠷᠤᠳᠠᠯ ᠢ ᠪᠤᠰᠤᠳ ᠬᠥᠬᠡᠭᠴᠢᠨ ᠲᠥᠷᠥᠯ ᠤᠨ ᠬᠠᠯᠳᠠᠪᠤᠷᠢᠲᠤ ᠡᠪᠡᠳᠴᠢᠨ ᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃    ᠭᠤᠷᠪᠠ᠂ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ    ᠣᠳᠣᠬᠠᠨ ᠤ ᠬᠢᠵᠢᠭ ᠤᠨ ᠪᠠᠶᠢᠳᠠᠯ ᠳᠤ ᠵᠣᠬᠢᠴᠠᠵᠤ᠂ ᠡᠪᠡᠳᠴᠢᠲᠡᠨ ᠤ ᠡᠮ ᠬᠡᠷᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠲᠦᠷ ᠴᠠᠭ ᠥᠷᠭᠡᠳᠬᠡᠨ᠎ᠡ ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠣᠨᠣᠰᠢᠯᠠᠨ ᠡᠮᠨᠡᠬᠦ ᠲᠥᠰᠦᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠠᠮᠢᠶ᠎ᠠ ᠪᠥᠬᠦᠶ ᠡᠮᠨᠡᠨ ᠵᠠᠰᠠᠬᠤ ᠡᠮ ᠤᠨ ᠵᠦᠢᠯ ᠤᠨ ᠨᠥᠭᠡᠴᠡᠯᠡᠯᠲᠡ ᠶᠢᠨ ᠯᠠᠪᠯᠠᠯᠲᠠ ᠶᠢᠨ ᠭᠠᠷᠴᠠᠭ︾ ᠵᠡᠷᠭᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠠᠴᠠ ᠭᠠᠳᠠᠨᠠᠬᠢ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠡᠮᠨᠡᠨ ᠵᠠᠰᠠᠬᠤ ᠡᠮ ᠤᠨ ᠵᠦᠢᠯ ᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠤᠭᠰᠠᠨ ᠤ ᠳᠠᠷᠠᠭ᠎ᠠ ᠲᠦᠷ ᠴᠠᠭ ᠮᠠᠨ ᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠲᠦᠷ ᠴᠠᠭ ᠤᠨ ᠴᠢᠨᠠᠷᠲᠠᠶ ᠡᠮᠨᠡᠨ ᠵᠠᠰᠠᠬᠤ ᠡᠮ ᠤᠨ ᠵᠦᠢᠯ ᠤᠨ ᠭᠠᠷᠴᠠᠭ ᠢ ᠲᠣᠭᠲᠠᠭᠠᠵᠤ᠂ ᠲᠠᠩᠰᠠ ᠲᠠᠶᠢᠯᠬᠤ ᠲᠥᠷᠥᠯ ᠵᠦᠢᠯ ᠵᠢᠴᠢ ᠳᠥᠯᠥᠬᠦ ᠵᠡᠷᠭᠡ ᠳᠡᠰ ᠢ ᠲᠣᠳᠣᠷᠬᠠᠶᠢᠯᠠᠵᠤ᠂ ᠲᠦᠷ ᠴᠠᠭ ᠤᠨ ᠭᠠᠷᠴᠠᠭ ᠢ ᠤᠷᠢᠳᠠᠪᠠᠷ 2023 ᠣᠨ ᠤ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃    ᠳᠥᠷᠪᠡ᠂ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠤ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ ᠶᠢ ᠪᠠᠲᠤᠯᠠᠨ᠎ᠠ    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠬᠠᠩᠭᠠᠬᠤ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠰ ᠢ ᠴᠠᠭ ᠲᠤᠬᠠᠶ ᠳᠤᠨᠢ ᠨᠡᠶᠢᠲᠡᠯᠡᠵᠦ᠂ ᠠᠵᠢᠯ ᠲᠥᠷᠥᠯ ᠤᠨ ᠰᠠᠯᠠᠭ᠎ᠠ ᠮᠥᠴᠢᠷ ᠠᠴᠠ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠳᠤ ᠢᠨᠲ᠋ᠧᠷ ᠰᠦᠯᠵᠢᠶ᠎ᠡ ᠪᠠᠷ ᠣᠨᠣᠰᠢᠯᠠᠬᠤ ᠦᠢᠯᠡᠴᠢᠯᠡᠭᠡ ᠶᠢᠨ ᠨᠡᠭᠡᠭᠡᠯᠲᠡ ᠶᠢ ᠵᠥᠪᠰᠢᠶᠡᠷᠡᠭᠰᠡᠨ ᠢ ᠴᠢᠭᠯᠡᠭᠦᠯᠵᠦ᠂ ᠲᠣᠭᠲᠠᠭᠠᠯ ᠶᠣᠰᠣᠭᠠᠷ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠠᠮᠢᠶ᠎ᠠ ᠪᠦᠬᠦᠢ ᠡᠪᠡᠳᠴᠢᠨ ᠤ ᠢᠯᠡᠷᠡᠯ       ᠭᠠᠷᠤᠭᠰᠠᠨ᠂ ︽ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠭᠰᠠᠳ ᠤᠨ ᠬᠡᠷ ᠲᠤᠨᠢ ᠡᠮᠨᠡᠨ ᠵᠠᠰᠠᠬᠤ ᠵᠦᠭᠯᠡᠭᠦᠷ︾ ᠳᠤ ᠨᠡᠶᠢᠴᠡᠭᠰᠡᠨ ᠡᠪᠡᠳᠴᠢᠲᠡᠨ ᠳᠤ ᠡᠮᠴᠢᠯᠡᠭᠡᠨ ᠤ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠵᠦ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠨ᠎ᠠ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠡᠪᠡᠳᠴᠢᠲᠡᠨ ᠤ ᠢᠨᠲ᠋ᠧᠷ ᠰᠦᠯᠵᠢᠶᠡᠨ ᠳᠤ ᠠᠩᠬ᠎ᠠ ᠣᠨᠣᠰᠢᠯᠠᠨ ᠡᠮᠨᠡᠬᠦ ᠵᠠᠷᠤᠳᠠᠯ ᠵᠢᠴᠢ ᠡᠮ ᠤᠨ ᠵᠦᠢᠯ ᠤᠨ ᠵᠠᠷᠤᠳᠠᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠨᠢᠭᠡᠳᠦᠯᠲᠡᠶ ᠦᠨ᠎ᠡ ᠬᠠᠩᠰᠢ ᠵᠢᠴᠢ ᠳᠥᠯᠥᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠠᠮᠢᠶ᠎ᠠ ᠪᠥᠬᠦᠶ ᠡᠪᠡᠳᠴᠢᠨ ᠤ ᠪᠠᠶᠢᠳᠠᠯ ᠢ ᠳᠠᠬᠢᠨ ᠡᠮᠨᠡᠭᠦᠯᠬᠦ ᠦᠶ᠋ᠯᠡᠴᠢᠯᠡᠭᠡ ᠶᠢ ᠮᠥᠨ ᠬᠦ ᠣᠲᠣ ᠶᠢᠨ ᠬᠡᠷᠡᠭᠵᠢᠭᠦᠯᠵᠦ ᠪᠠᠶᠢᠭ᠎ᠠ ᠢᠨᠲ᠋ᠧᠷ ᠰᠦᠯᠵᠢᠶ᠎ᠡ ᠶᠢᠨ ᠳᠠᠬᠢᠨ ᠡᠮᠨᠡᠭᠦᠯᠬᠦ ᠦᠨ᠎ᠡ ᠬᠠᠩᠰᠢ ᠵᠢᠴᠢ ᠳᠥᠯᠥᠬᠦ ᠲᠥᠷᠥ ᠶᠢᠨ ᠪᠣᠳᠣᠯᠭ᠎ᠠ ᠪᠠᠷ ᠬᠡᠷᠡᠭᠵᠢᠭᠦᠯᠦᠨ᠎ᠡ᠃    ᠲᠠᠪᠤ᠂ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ    ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠢ ᠡᠮᠨᠡᠨ ᠵᠠᠰᠠᠬᠤ ᠳᠤ ᠬᠡᠷᠡᠭᠰᠡᠬᠦ ᠡᠮ ᠤᠨ ᠵᠦᠢᠯᠡᠰ ᠵᠡᠷᠭᠡ ᠤᠨ ᠦᠨ᠎ᠡ ᠬᠠᠩᠰᠢ ᠶᠢ ᠬᠡᠯᠡᠯᠴᠡᠭᠡ ᠬᠢᠬᠦ ᠪᠤᠶᠤ ᠵᠦᠪᠳᠡᠯᠴᠡᠬᠦ᠂ ᠲᠦᠪᠯᠡᠷᠡᠭᠦᠯᠦᠨ ᠬᠤᠳᠠᠯᠳᠤᠨ ᠠᠪᠬᠤ᠂ ᠰᠦᠯᠵᠢᠶᠡᠨ ᠳᠤ ᠬᠤᠯᠪᠤᠨ ᠬᠤᠳᠠᠯᠳᠤᠨ ᠠᠪᠬᠤ᠂ ᠪᠦᠷᠢᠳᠭᠡᠨ ᠳᠠᠩᠰᠠᠯᠠᠵᠤ ᠬᠤᠳᠠᠯᠳᠤᠨ ᠠᠪᠬᠤ᠂ ᠦᠨ᠎ᠡ ᠬᠠᠩᠰᠢ ᠶᠢ ᠬᠢᠨᠠᠨ ᠰᠢᠨᠵᠢᠬᠦ ᠵᠡᠷᠭᠡ ᠠᠵᠢᠯ ᠢ ᠦᠷᠭᠦᠯᠵᠢᠯᠡᠨ ᠰᠠᠢᠲᠤᠷ ᠬᠢᠵᠦ᠂ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠢ ᠡᠮᠨᠡᠨ ᠵᠠᠰᠠᠬᠤ ᠶᠢᠨ ᠦᠪᠡᠷ ᠤᠨ ᠥᠷᠲᠡᠭ ᠢ ᠨᠢ ᠪᠠᠭᠤᠷᠠᠭᠤᠯᠬᠤ ᠬᠡᠷᠡᠭᠲᠡᠢ᠃ ᠡᠯ᠎ᠡ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠰᠠᠭᠤᠷᠢ ᠮᠥᠩᠭᠦᠨ ᠤ ᠠᠵᠢᠯᠯᠠᠭᠠᠨ ᠤ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠣᠷᠣᠯᠭ᠎ᠠ ᠨᠢ ᠵᠠᠷᠤᠯᠭ᠎ᠠ ᠳᠠᠭᠠᠨ ᠬᠦᠷᠬᠦ ᠦᠭᠡᠢ ᠨᠢᠭᠡᠳᠦᠯᠲᠡᠢ ᠲᠥᠯᠥᠪᠯᠡᠬᠦ ᠣᠷᠣᠨ ᠦᠨᠡᠬᠡᠷ ᠭᠠᠷᠪᠠᠯ᠂ ᠣᠷᠣᠨ ᠨᠤᠲᠤᠭ ᠤᠨ ᠡᠳ᠋ ᠤᠨ ᠵᠠᠰᠠᠭ ᠠᠴᠠ ᠵᠣᠬᠢᠬᠤ ᠨᠥᠬᠦᠪᠦᠷᠢ ᠣᠯᠭᠤᠵᠤ ᠪᠣᠯᠣᠨ᠎ᠠ᠃    ᠵᠢᠷᠭᠤᠭ᠎ᠠ᠂ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ    ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠣᠷᠳᠣ ᠬᠤᠭᠤᠴᠠᠭᠠᠨ ᠤ ᠵᠣᠷ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠠᠵᠢᠯ ᠤᠨ ᠡᠩ ᠤᠨ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠪᠠᠴᠢᠮ ᠵᠦᠢᠯᠡᠰ ᠢ ᠴᠠᠭ ᠲᠤᠬᠠᠶ ᠳᠤᠨᠢ ᠭᠦᠢᠴᠡᠳᠬᠡᠬᠦ᠂ ᠣᠨᠴᠠᠭᠠᠶ ᠵᠦᠢᠯᠡᠰ ᠢ ᠠᠷᠠᠳ ᠲᠤ ᠲᠥᠬᠦᠮ ᠦᠵᠡᠭᠦᠯᠬᠦ᠂ ᠪᠠᠴᠢᠮ ᠪᠤᠰᠤ ᠵᠦᠢᠯᠡᠰ ᠢ ᠬᠤᠶᠢᠰᠢᠯᠠᠭᠤᠯᠤᠨ ᠭᠦᠢᠴᠡᠳᠬᠡᠬᠦ᠂ ᠳᠠᠯᠳᠠ ᠬᠡᠮ ᠢ ᠠᠷᠢᠯᠭᠠᠬᠤ ᠳᠤ ᠰᠠᠨᠠᠭ᠎ᠠ ᠠᠮᠤᠷ ᠭᠦᠢᠴᠡᠳᠬᠡᠬᠦ ᠶᠢ ᠬᠡᠷᠡᠭᠵᠢᠭᠦᠯᠦᠨ᠎ᠡ᠃ ᠡᠯ᠎ᠡ ᠨᠢᠭᠡᠳᠦᠯᠲᠡᠶ ᠲᠥᠯᠥᠪᠯᠡᠬᠦ ᠣᠷᠣᠨ ᠬᠡᠷᠡᠭᠴᠡᠭᠡ ᠪᠠᠨ ᠦᠨᠳᠦᠰᠦᠯᠡᠨ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠡᠮᠨᠡᠨ ᠵᠠᠰᠠᠬᠤ ᠴᠢᠳᠠᠪᠤᠷᠢ ᠲᠠᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ︽ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠢ ᠬᠦᠯᠢᠶᠡᠨ ᠠᠪᠴᠤ ᠡᠮᠨᠡᠬᠦ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳ᠋ᠦᠩᠨᠡᠨ ᠪᠤᠳᠤᠬᠤ ᠲᠦᠷ ᠴᠠᠭ ᠤᠨ ᠲᠤᠰᠬᠠᠶ ᠵᠥᠪᠯᠡᠯᠴᠡᠭᠡᠷ︾ ᠲᠣᠭᠲᠠᠵᠤ᠂ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠠᠮᠢᠶ᠎ᠠ ᠪᠥᠬᠦᠶ ᠣᠨᠣᠰᠢᠯᠠᠯᠲᠠ᠂ ᠳ᠋ᠦᠩᠨᠡᠨ ᠪᠤᠳᠤᠬᠤ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠪᠠ ᠰᠦᠯᠵᠢᠶᠡᠨ ᠳᠤ ᠠᠴᠢᠶᠠᠯᠠᠬᠤ᠂ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳ᠋ᠦᠩᠨᠡᠨ ᠪᠤᠳᠤᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠷᠲᠠᠨ ᠭᠦᠢᠴᠡᠳᠬᠡᠬᠦ ᠬᠦᠴᠦᠨ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠡᠯ᠎ᠡ ᠱᠠᠲᠤᠨ ᠤ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ ᠳᠠᠭᠠᠳᠬᠠᠯ ᠳᠤ ᠣᠷᠣᠯᠴᠠᠬᠤ ᠤᠬᠠᠭᠤᠯᠤᠨ ᠳᠠᠶᠢᠴᠢᠯᠠᠬᠤ ᠵᠡᠷᠭᠡ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠠᠶᠢᠲᠤᠷ ᠬᠢᠬᠦ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠮᠠᠯᠵᠢᠬᠤ ᠲᠠᠷᠢᠶᠠᠯᠠᠬᠤ ᠣᠷᠣᠨ᠂ ᠬᠤᠲᠠ ᠶᠢᠨ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠤᠬᠠᠭᠤᠯᠭ᠎ᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠭᠦᠢᠴᠡᠳᠬᠡᠬᠦ ᠬᠠᠮᠢᠶᠠᠷᠤᠯᠲᠠ ᠶᠢ ᠰᠤᠯᠠᠷᠠᠭᠤᠯᠬᠤ ᠥᠬᠡᠶ᠂ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠲᠠᠰᠤᠷᠠᠯᠲᠠ ᠥᠬᠡᠶ ᠪᠠᠶᠢᠯᠭᠠᠬᠤ ᠶᠢ ᠦᠨᠡᠨᠬᠦ ᠪᠡᠶᠡᠯᠡᠭᠦᠯᠦᠨ᠎ᠡ᠃    ᠳᠣᠯᠤᠭ᠎ᠠ᠂ ᠠᠵᠢᠯ ᠤᠨ ᠱᠠᠭᠠᠷᠳᠠᠯᠭ᠎ᠠ    ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠸᠢᠷᠦ᠋ᠰ ᠤᠨ ᠬᠤᠪᠢᠰᠤᠯᠲᠠ᠂ ᠬᠢᠵᠢᠭ ᠤᠨ ᠪᠠᠶᠢᠳᠠᠯ ᠪᠠ ᠮᠠᠨ ᠤ ᠤᠯᠤᠰ ᠤᠨ ᠰᠡᠷᠭᠡᠶᠢᠯᠡᠨ ᠡᠵᠡᠮᠳᠡᠬᠦ ᠠᠵᠢᠯ ᠢ ᠶᠡᠷᠦᠩᠬᠡᠶᠢᠯᠡᠨ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠵᠠᠷᠤᠳᠠᠯ ᠢ ᠬᠢᠨᠠᠨ ᠬᠠᠷᠭᠤᠭᠤᠯᠬᠤ᠂ ᠳ᠋ᠦᠩᠨᠡᠨ ᠪᠤᠳᠤᠬᠤ ᠠᠵᠢᠯ ᠢ ᠬᠠᠷᠢᠭᠤᠴᠠᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠰᠢᠯᠵᠢᠭᠦᠯᠦᠨ ᠥᠭᠬᠦ ᠶᠢ ᠬᠠᠷᠢᠭᠤᠴᠠᠨ᠎ᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠭᠰᠠᠨ ᠡᠪᠡᠳᠴᠢᠲᠡᠨ ᠤ ᠮᠡᠳᠡᠭᠡ ᠵᠠᠩᠭᠢ᠂ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠠᠵᠢᠯ ᠢ ᠬᠠᠷᠢᠭᠤᠴᠠᠬᠤ ᠶᠢᠨ ᠬᠠᠮᠲᠤ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠡᠪᠡᠳᠴᠢᠲᠡᠨ ᠢ ᠮᠠᠭᠠᠳᠯᠠᠨ ᠲᠣᠭᠲᠠᠭᠠᠬᠤ᠂ ᠮᠡᠳᠡᠭᠡ ᠵᠠᠩᠭᠢ ᠶᠢ ᠳᠠᠩᠰᠠᠯᠠᠬᠤ ᠪᠠ ᠳᠡᠭᠡᠭᠰᠢ ᠳᠠᠮᠵᠢᠭᠤᠯᠬᠤ ᠶᠢ ᠰᠠᠶᠢᠲᠤᠷ ᠬᠢᠬᠦ ᠬᠡᠷᠡᠭᠲᠡᠶ᠃    ᠲᠣᠰ ᠮᠡᠳᠡᠭᠳᠡᠯ ᠤᠨ ᠵᠦᠢᠯᠡᠰ ᠢ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ        2023 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号