ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠄ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/15
  2023 ᠣᠨ ᠠᠴᠠ ᠨᠠᠭᠠᠰᠢ᠂ ᠰᠢᠨ᠎ᠡ ᠴᠠᠭ ᠦᠶ᠎ᠡ ᠶᠢᠨ ᠪᠠᠶᠢᠭᠤᠯᠭ᠎ᠠ ᠨᠢᠭᠡᠴᠢ ᠶᠢᠨ ᠨᠠᠮ ᠤᠨ ᠭᠡᠰᠢᠭᠦᠨ ᠤ ᠡᠩᠨᠡᠭᠡ ᠶᠢᠨ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠶᠢᠨ ᠲᠥᠯᠥᠭᠡ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠨ᠂ ︽ᠵᠣᠩᠬᠢᠯᠠᠬᠤ ᠤᠯᠠᠨ ᠲᠣᠭᠠᠲᠠᠨ︾ ᠢ ᠰᠠᠶᠢᠲᠤᠷ ᠬᠠᠮᠢᠶᠠᠷᠴᠤ᠂ ᠲᠦᠩᠯᠢᠶᠣᠤ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠶᠢᠨ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠨᠠᠮ ᠤᠨ ᠭᠡᠰᠢᠭᠦᠨ ᠲᠦᠷᠦᠭᠦᠯᠡᠨ ᠬᠢᠵᠦ᠂ ᠥᠷᠭᠡᠨ ᠤᠯᠠᠨ ᠨᠠᠮ ᠤᠨ ᠭᠡᠰᠢᠭᠦᠨ ᠬᠥᠮᠦᠨ ᠪᠦᠬᠦᠨ ᠣᠷᠣᠯᠴᠠᠵᠤ᠂ ᠠᠵᠢᠯ ᠤᠨ ᠭᠤᠣᠯᠳᠠᠯᠭ᠎ᠠ ᠪᠠᠨ ᠦᠨᠳᠦᠰᠦᠨ ᠱᠠᠳᠤ ᠲᠡᠰᠢ        ᠰᠢᠯᠵᠢᠭᠦᠯᠵᠦ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠦᠨᠳᠦᠰᠦᠨ ᠱᠠᠳᠤ ᠲᠡᠰᠢ ᠬᠡᠯᠪᠠᠶᠢᠯᠭᠡᠬᠦ᠂ ᠡᠬᠢ ᠪᠠᠶᠠᠯᠢᠭ ᠤᠨ ᠬᠦᠴᠦᠨ ᠢ ᠦᠨᠳᠦᠰᠦᠨ ᠱᠠᠳᠤ ᠲᠡᠰᠢ ᠲᠠᠯᠪᠢᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠬᠤᠶᠠᠷ ᠢ ᠠᠭᠤᠰᠤᠯᠴᠠᠭᠤᠯᠬᠤ᠂ ᠵᠡᠷᠭᠡᠪᠡᠷ ᠠᠬᠢᠭᠤᠯᠬᠤ ᠶᠢ ᠬᠦᠴᠦᠲᠡᠢ ᠲᠦᠯᠬᠢᠨ ᠠᠬᠢᠭᠤᠯᠵᠤ᠂ ᠪᠦᠬᠦ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠶᠢ ᠪᠠᠲᠤᠳᠬᠠᠪᠠ᠃
医保事业高质量发展1.jpg
    ᠲᠦᠩᠯᠢᠶᠣᠣ ᠬᠤᠲᠠ ᠶᠢᠨ ᠡᠮᠴᠢᠯᠡᠭᠡᠨ ᠤ ᠳᠠᠭᠠᠳᠭᠠᠯ ᠤᠨ ᠲᠥᠪ ᠤᠨ ᠠᠵᠢᠯᠲᠠᠨ ᠳᠠᠭᠠᠳᠭᠠᠯ ᠳᠤ ᠣᠷᠣᠯᠴᠠᠭᠰᠠᠨ ᠣᠯᠠᠨ ᠲᠦᠮᠡᠨ ᠳᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠠᠶᠢᠭ᠎ᠠ᠃   ︵ᠰᠡᠭᠦᠳᠡᠷᠯᠡᠭᠰᠡᠨ ᠨᠢ᠄ ᠬᠤ᠋ ᠪᠥᠸᠧ ᠢᠤᠢ︶    ᠦᠢᠯᠡᠴᠢᠯᠡᠭᠡᠨ ᠤ ᠴᠣᠩᠬᠤ ᠶᠢ ᠨᠢᠭᠡᠳᠦᠭᠡᠷ ᠹᠷᠣᠨᠲ ᠲᠤ ᠬᠦᠷᠲᠡᠯ᠎ᠡ ᠥᠷᠭᠡᠳᠬᠡᠪᠡ᠃ ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ 122 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠵᠢᠴᠢ 2120 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ 16 ᠵᠦᠢᠯ ᠤᠨ ᠲᠤᠬᠠᠶᠢᠯᠠᠭᠰᠠᠨ ᠠᠵᠢᠯ ᠢ ᠳᠣᠷᠣᠭᠰᠢ ᠰᠢᠯᠵᠢᠭᠦᠯᠵᠦ᠂ ᠡᠯ᠎ᠡ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠭᠰᠡᠨ ᠰᠠᠭᠤᠷᠢᠨ ᠳᠡᠭᠡᠷ᠎ᠡ᠂ ᠡᠭᠦᠨ ᠤ ᠬᠠᠮᠲᠤ ︽ᠪᠠᠩᠬᠢ ᠶᠢᠨ ᠦᠢᠯᠡᠴᠢᠯᠡᠭᠡ︾ ᠶᠢ ᠥᠷᠭᠡᠳᠬᠡᠵᠦ᠂ ︽ᠠᠵᠤ ᠠᠬᠤᠶᠢᠯᠠᠯ ᠤᠨ ᠦᠢᠯᠡᠴᠢᠯᠡᠭᠡ︾ ᠳᠤ ᠥᠷᠲᠡᠭᠡ ᠭᠠᠷᠭᠠᠨ᠂ ︽ᠡᠮ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠭᠡ︾ ᠶᠢᠨ ᠵᠢᠭᠰᠠᠭᠠᠯ ᠤᠨ ᠭᠠᠵᠠᠷ ᠪᠠᠶᠢᠭᠤᠯᠵᠤ᠂ ︽15 ᠮᠢᠨᠦ᠋ᠲ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠡᠪᠴᠢᠶ᠎ᠡ︾ ᠶᠢ ᠬᠠᠮᠲᠤ ᠪᠠᠷ ᠪᠠᠶᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ︽ᠣᠶᠢᠷ᠎ᠠ ᠬᠠᠪᠢ ᠳᠠᠭᠠᠨ ᠭᠦᠢᠴᠡᠳᠭᠡᠬᠦ︾᠂ ︽ᠲᠤᠬᠠᠶ ᠶᠢᠨ ᠲᠠᠯᠠᠪᠠᠢ ᠳᠤ ᠭᠦᠢᠴᠡᠳᠭᠡᠬᠦ︾᠂ ︽ᠬᠡᠷ ᠤᠨ ᠡᠭᠦᠳᠡᠨ ᠳᠡᠭᠡᠨ ᠭᠦᠢᠴᠡᠳᠭᠡᠬᠦ︾ ᠳᠤ ᠨᠠᠩ ᠲᠥᠬᠦᠮ ᠪᠣᠯᠭᠠᠪᠠ᠃ ᠡᠮᠴᠢᠯᠡᠭᠡᠨ ᠤ ᠳᠠᠭᠠᠳᠬᠠᠯ ᠤᠨ ᠴᠣᠩᠬᠤᠨ ᠤ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠡᠯ᠎ᠡ ᠱᠠᠲᠤᠨ ᠤ ᠨᠠᠮ ᠤᠨ ᠭᠡᠰᠢᠭᠦᠨ ᠭᠤᠤᠯᠯᠠᠭᠴᠢ ᠶᠠᠷᠢᠶᠠᠨ ᠤ ᠲᠠᠪᠴᠠᠩ ᠳᠤ ᠭᠠᠷᠴᠤ᠂ ︽ᠡᠮᠴᠢᠯᠡᠭᠡᠨ ᠤ ᠳᠠᠭᠠᠳᠬᠠᠯ ᠤᠨ ᠬᠢᠴᠢᠶᠡᠯ ᠤᠨ ᠲᠠᠩᠬᠢᠮ︾ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠵᠦ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠴᠣᠩᠬᠤᠨ ᠳᠤ ᠴᠢᠭᠯᠡᠭᠦᠯᠦᠨ᠂ ︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾ ᠭᠠᠷᠭᠠᠵᠤ᠂ ︽ᠪᠡᠶ᠎ᠡ ᠶᠢᠨ ᠭᠠᠷᠤᠯ ᠢ          ᠲᠣᠳᠣᠷᠠᠭᠤᠯᠬᠤ᠂ ᠡᠭᠦᠷᠭᠡ ᠬᠠᠷᠢᠭᠤᠴᠠᠯᠭ᠎ᠠ ᠶᠢ ᠲᠣᠳᠣᠷᠠᠭᠤᠯᠬᠤ᠂ ᠠᠮᠠᠯᠠᠯᠲᠠ ᠪᠠᠨ ᠲᠣᠳᠣᠷᠠᠭᠤᠯᠬᠤ︾ ᠵᠡᠷᠭᠡ ︽ᠭᠤᠷᠪᠠ ᠶᠢ ᠲᠣᠳᠣᠷᠠᠭᠤᠯᠬᠤ︾ ᠦᠢᠯᠡᠴᠢᠯᠡᠭᠡ ᠶᠢ ᠬᠡᠷᠡᠭᠵᠢᠭᠦᠯᠵᠦ᠂ ᠠᠩᠬ᠎ᠠ ᠠᠰᠠᠭᠤᠬᠤ ᠳᠤ ᠬᠠᠷᠢᠭᠤᠴᠠᠬᠤ᠂ ᠴᠠᠭ ᠬᠢᠵᠠᠭᠠᠷᠯᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠮᠡᠳᠡᠭᠳᠡᠬᠦ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠴᠢᠨᠠᠷ ᠰᠠᠶᠢᠲᠠᠢ ᠦᠢᠯᠡᠴᠢᠯᠡᠭᠡ ᠪᠠᠷ ᠳᠠᠮᠵᠢᠭᠤᠯᠵᠤ᠂ ︽ᠦᠢᠯᠡᠴᠢᠯᠡᠭᠡ ᠶᠢ ᠳᠡᠷᠭᠡᠳᠡ ᠨᠢ ᠪᠠᠶᠢᠯᠭᠠᠬᠤ︾ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ᠃ ᠣᠳᠣᠬᠠᠨ ᠳᠤ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠤᠶᠢᠯᠡᠴᠢᠯᠡᠭᠡᠨ ᠤ ᠥᠷᠲᠡᠭᠡ ᠴᠢᠭ ᠲᠣᠭᠲᠠᠭᠤᠨ ᠢᠶᠠᠷ ᠠᠵᠢᠯᠯᠠᠵᠤ᠂ 9 ᠳ᠋ᠦ᠋ᠭᠡᠷ ᠰᠠᠷ᠎ᠠ ᠪᠣᠯᠲᠠᠯ᠎ᠠ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠤᠶᠢᠯᠡᠴᠢᠯᠡᠭᠡᠨ ᠤ ᠥᠷᠲᠡᠭᠡ 57327 ᠬᠤᠪᠢ ᠲᠤᠬᠠᠶᠢᠯᠠᠭᠰᠠᠨ ᠠᠵᠢᠯ ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠤᠶᠢᠯᠡᠴᠢᠯᠡᠭᠡᠨ ᠤ ᠴᠡᠭ 38372 ᠬᠤᠪᠢ ᠲᠤᠬᠠᠶᠢᠯᠠᠭᠰᠠᠨ ᠠᠵᠢᠯ ᠢ ᠳᠠᠭᠠᠭᠠᠨ ᠡᠷᠭᠢᠯᠡᠵᠦ᠂ ᠡᠮᠴᠢᠯᠡᠭᠡᠨ ᠤ ᠳᠠᠭᠠᠳᠬᠠᠯ ᠤᠨ ᠤᠶᠢᠯᠡᠴᠢᠯᠡᠭᠡ ᠶᠢ ᠣᠶᠢᠷ᠎ᠠ ᠬᠠᠪᠢ ᠳᠤᠨᠢ ᠡᠷᠭᠢᠯᠡᠵᠦ ᠠᠭᠠᠵᠢᠮ ᠢᠶᠠᠷ ᠲᠦᠩᠯᠢᠶᠣᠤ ᠬᠤᠲᠠ ᠶᠢᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ︽ᠬᠠᠮᠤᠭ ᠤᠨ ᠰᠢᠯᠢᠳᠡᠭ ᠲᠠᠶᠢᠯᠪᠤᠷᠢ︾ ᠪᠤᠯᠭᠠᠪᠠ᠃  ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠢᠭᠡᠳᠦᠭᠡᠷ ᠹᠷᠣᠨᠲ ᠲᠤ ᠪᠦᠷᠬᠦᠭᠦᠯᠪᠡ᠃ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠮᠡᠳᠡᠬᠦ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽1 + 2 + 7︾ ᠨᠡᠭᠡᠭᠡᠯᠲᠡᠲᠦ ᠮᠠᠶ᠋ᠢᠭ ᠤᠨ ᠤᠬᠠᠭᠤᠯᠭ᠎ᠠ ᠶᠢᠨ ᠰᠢᠨ᠎ᠡ ᠵᠠᠭᠪᠤᠷ ᠢ ᠢᠳᠡᠪᠬᠢᠲᠡᠶ ᠪᠣᠶ ᠪᠣᠯᠭᠠᠵᠤ᠂ ︽ᠪᠥᠬᠦ ᠠᠷᠠᠳ ᠤᠨ ᠡᠮᠴᠢᠯᠡᠭᠡᠨ ᠤ ᠳᠠᠭᠠᠳᠬᠠᠯ ᠭᠠᠷ ᠬᠤᠯᠪᠣᠬᠤ ᠡᠮᠴᠢᠯᠡᠭᠡᠨ ᠤ ᠳᠠᠭᠠᠳᠬᠠᠯ ᠤᠨ ᠰᠡᠳᠬᠢᠯ ᠢ ᠬᠤᠯᠪᠣᠬᠤ︾ 1 ᠭᠤᠤᠯ ᠰᠡᠳᠦᠪ ᠤᠨ ᠲᠣᠭᠤᠷᠢᠨ ᠳᠤ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ 2 ᠶᠡᠭᠡ ᠵᠢᠭᠰᠠᠭᠠᠯ ᠤᠨ ᠭᠠᠵᠠᠷ ᠢ ᠪᠤᠵᠠᠭᠠᠶᠢᠷᠠᠭᠤᠯᠵᠤ᠂ ᠪᠥᠬᠦ ᠨᠠᠮ ᠤᠨ ᠭᠡᠰᠢᠭᠦᠨ ᠢ ᠳᠠᠶᠢᠴᠢᠯᠠᠨ ᠪᠣᠳᠠᠲᠠᠶ ᠲᠠᠢ ᠪᠠᠨ ᠤᠶᠠᠯᠳᠤᠭᠤᠯᠤᠨ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠶᠢ ᠥᠷᠨᠢᠭᠦᠯᠵᠦ᠂ ︽ᠬᠥᠮᠦᠨ ᠪᠦᠬᠦᠨ ᠡᠮᠴᠢᠯᠡᠭᠡᠨ ᠤ ᠳᠠᠭᠠᠳᠬᠠᠯ ᠤᠨ ᠤᠬᠠᠭᠤᠯᠤᠭᠴᠢ ᠪᠣᠯᠬᠤ︾ ᠠᠮᠢᠳᠤᠯᠢᠭ ᠪᠠᠶᠢᠳᠠᠯ ᠢ ᠪᠣᠶ ᠪᠣᠯᠭᠠᠪᠠ᠃ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ︽ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠪᠠᠶᠢᠭᠤᠯᠤᠮᠵᠢ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠴᠡᠴᠡᠷᠯᠢᠭ ᠲᠤ ᠣᠷᠣᠭᠤᠯᠬᠤ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ︾ ᠵᠡᠷᠭᠡ ︽ᠳᠣᠯᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠪᠡ᠃ ︽ᠬᠤᠳᠠᠯᠳᠤᠭᠠᠨ ᠤ ᠲᠣᠭᠤᠷᠢᠭ ᠲᠤ ᠣᠷᠣᠬᠤ︾ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠢᠭᠡ ᠰᠠᠭᠤᠭᠠᠯᠢ ᠠᠷᠠᠳ᠂ ︽ᠲᠦᠩᠯᠢᠶᠣᠤ ᠬᠤᠳᠠ ᠶᠢᠨ ᠡᠮᠴᠢᠯᠡᠭᠡᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠦᠨᠡᠬᠡᠷ ᠰᠠᠶᠢᠨ᠂ ᠭᠦᠶᠦᠬᠦ ᠦᠭᠡᠢ ᠪᠠᠷ ᠳᠠᠭᠠᠳᠬᠠᠯ ᠤᠨ ᠰᠦᠢᠳᠬᠡᠯ ᠲᠤᠰᠢᠶᠠᠪᠠ᠂ ᠦᠨᠡᠬᠡᠷ ᠲᠦᠭᠦᠮ ᠪᠣᠯᠵᠠᠢ︾ ᠭᠡᠪᠡ᠃
医保事业高质量发展2.jpg
     ᠲᠦᠩᠯᠢᠶᠣᠣ ᠬᠤᠲᠠ ᠶᠢᠨ ᠬᠤᠲᠠ ᠶᠢᠨ ᠰᠢᠭᠤᠳ ᠬᠠᠷᠢᠶ᠎ᠠ ᠡᠮᠴᠢᠯᠡᠭᠡᠨ ᠤ ᠳᠠᠭᠠᠳᠭᠠᠯ ᠤᠨ ᠰᠢᠰᠲ᠋ᠧᠮ᠂ ᠨᠡᠭᠡᠭᠡᠯᠲᠡ ᠶᠢᠨ ᠲᠣᠭᠤᠷᠢᠭ ᠤᠨ ᠡᠮᠴᠢᠯᠡᠭᠡᠨ ᠤ ᠳᠠᠭᠠᠳᠭᠠᠯ ᠤᠨ ᠲᠣᠪᠴᠢᠶ᠎ᠠ ᠬᠤᠳᠠᠯᠳᠤᠭᠠᠨ ᠤ ᠲᠣᠭᠤᠷᠢᠭ ᠲᠤ ᠬᠦᠷᠴᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃   ︵ᠰᠡᠭᠦᠳᠡᠷᠯᠡᠭᠰᠡᠨ ᠨᠢ᠄ ᠬᠤ᠋ ᠪᠥᠸᠧ ᠢᠤᠢ︶    ᠡᠮᠴᠢᠯᠡᠭᠡᠨ ᠤ ᠳᠠᠭᠠᠳᠭᠠᠯ ᠤᠨ ᠰᠠᠭᠤᠷᠢ ᠮᠥᠩᠭᠦ ᠶᠢ ᠨᠢᠭᠡᠳᠦᠭᠡᠷ ᠹᠷᠣᠨᠲ ᠲᠤ ᠬᠦᠷᠭᠡᠨ᠎ᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠣᠶᠤᠨᠴᠢ ᠠᠬᠤᠶ ᠪᠠᠶᠢᠳᠠᠯ ᠢ ᠬᠢᠨᠠᠨ ᠡᠵᠡᠮᠳᠡᠬᠦ ᠬᠠᠮᠢᠶᠠᠷᠤᠯᠲᠠ ᠶᠢᠨ ᠲᠤᠷᠰᠢᠯᠲᠠ ᠶᠢᠨ ᠠᠶᠢᠮᠠᠭ ᠬᠤᠲᠠ ᠪᠣᠯᠤᠭᠰᠠᠨ ᠤ ᠬᠤᠪᠢ ᠳᠤ᠂ ᠲᠦᠩᠯᠢᠶᠣᠤ ᠬᠤᠲᠠ ᠭᠤᠷᠪᠠᠳᠠᠬᠢ ᠡᠲᠡᠭᠡᠳ ᠤᠨ ᠮᠡᠷᠭᠡᠵᠢᠯ ᠤᠨ ᠺᠣᠮᠫᠠᠨᠢ ᠳᠤ ᠲᠦᠰᠢᠭᠯᠡᠨ᠂ ᠣᠶᠤᠨᠴᠢ ᠬᠠᠷᠠᠭᠠᠨ ᠳᠠᠪᠲᠠᠮᠵᠢ᠂ ᠠᠮᠢᠳᠤ ᠪᠣᠳᠠᠰ ᠢ ᠢᠯᠭᠠᠨ ᠲᠠᠨᠢᠬᠤ᠂ ᠦᠢᠯᠡ ᠠᠵᠢᠯᠯᠠᠭᠠᠨ ᠤ ᠵᠠᠳᠠᠯᠤᠯᠲᠠ᠂ ᠶᠡᠭᠡ ᠲᠤᠭ᠎ᠠ ᠪᠠᠷᠢᠮᠲᠠ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠣᠶᠤᠨᠴᠢ ᠠᠬᠤᠶ ᠪᠠᠶᠢᠳᠠᠯ ᠢ ᠬᠢᠨᠠᠨ ᠡᠵᠡᠮᠳᠡᠬᠦ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠣᠶᠤᠨᠴᠢ ᠠᠬᠤᠶ ᠪᠠᠶᠢᠳᠠᠯ ᠢ ᠬᠢᠨᠠᠨ ᠡᠵᠡᠮᠳᠡᠬᠦ ᠰᠢᠰᠲ᠋ᠧᠮ ᠢ ᠨᠠᠶᠢᠳᠠᠪᠤᠷᠢᠵᠢᠭᠤᠯᠤᠨ ᠬᠡᠷᠡᠭᠯᠡᠬᠦ ᠶᠢ ᠨᠢᠭᠡᠨᠲᠡ ᠪᠡᠶᠡᠯᠡᠭᠦᠯᠪᠡ᠃ 2023 ᠣᠨ ᠤ 7 ᠳ᠋ᠤᠭᠠᠷ ᠰᠠᠷ᠎ᠠ ᠳᠤ 20 ᠡᠮᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠣᠶᠤᠨᠴᠢ ᠪᠠᠶᠢᠳᠠᠯ ᠢ ᠬᠢᠨᠠᠨ ᠡᠵᠡᠮᠳᠡᠬᠦ ᠬᠤᠪᠢᠶᠠᠷᠢ ᠰᠢᠰᠲ᠋ᠧᠮ ᠳᠤ ᠵᠠᠯᠭᠠᠨ ᠣᠷᠣᠭᠤᠯᠵᠤ᠂ ᠡᠮᠨᠡᠯᠭᠡ ᠳᠤ ᠰᠠᠭᠤᠭᠰᠠᠨ        ᠦᠵᠡᠭᠳᠡᠯ᠂ ᠴᠢᠰᠤ ᠨᠡᠪᠲᠡᠷᠡᠬᠦ ᠦᠵᠡᠭᠳᠡᠯ᠂ ᠡᠷᠡᠭᠦᠯᠵᠢᠯ ᠤᠨ ᠲᠠᠯᠠᠪᠠᠢ ᠳᠤ ᠨᠡᠶᠢᠲᠡ 214 ᠤᠶᠤᠨᠲᠤ ᠲᠠᠯᠠᠪᠠᠶ ᠶᠢᠨ ᠰᠢᠯᠵᠢᠮᠡᠯ ᠦᠵᠦᠭᠦᠷ ᠪᠠ 28 ᠬᠢᠨᠠᠨ ᠡᠵᠡᠮᠳᠡᠬᠦ ᠳᠦᠷᠰᠦ ᠰᠢᠩᠭᠡᠭᠡᠬᠦ ᠮᠠᠰᠢᠨ ᠢ ᠪᠠᠶᠢᠷᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠡᠮᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ︽ᠮᠡᠬᠡᠯᠡᠵᠦ ᠴᠢᠳᠠᠬᠤ ᠥᠬᠡᠶ᠂ ᠮᠡᠬᠡᠯᠡᠵᠦ ᠪᠣᠯᠬᠤ ᠥᠬᠡᠶ᠂ ᠮᠡᠬᠡᠯᠡᠬᠦ ᠶᠢ ᠪᠤᠳᠤᠬᠤ ᠥᠬᠡᠶ︾ ᠭᠡᠬᠦ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃  ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠠᠩ ᠥᠨᠳᠥᠷ ᠵᠣᠭᠰᠣᠴᠠ᠂ ᠨᠠᠩ ᠥᠷᠭᠡᠨ ᠬᠠᠷᠠᠭ᠎ᠠ᠂ ᠨᠠᠩ ᠭᠦᠨᠵᠡᠭᠡᠶ ᠪᠣᠳᠣᠯᠬᠢᠯᠠᠯ ᠢᠶᠠᠷ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠨᠠᠩ ᠥᠨᠳᠥᠷ ᠲᠦᠪᠰᠢᠨ ᠳᠠᠰᠢ ᠬᠥᠭᠵᠢᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠦᠷᠭᠦᠯᠵᠢᠯᠡᠨ ᠬᠥᠭᠵᠢᠭᠡᠵᠦ᠂ ᠡᠮᠴᠢᠯᠡᠭᠡᠨ ᠤ ᠪᠠᠲᠤᠯᠠᠭ᠎ᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠰᠠᠶᠢᠲᠤᠷ ᠠᠳᠬᠤᠨ᠎ᠠ᠃ 
 
ᠢᠷᠡᠯᠲᠡ᠄ ᠥᠪᠥᠷ ᠮᠣᠩᠭᠤᠯ ᠤᠨ ᠰᠤᠷᠤᠯᠴᠠᠬᠤ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号