ᠥᠪᠥᠷ ᠮᠣᠩᠭᠤᠯ ᠤᠨ 16 ᠵᠦᠢᠯ ᠤᠨ ᠡᠮᠴᠢᠯᠡᠭᠡᠨ ᠤ ᠳᠠᠭᠠᠳᠬᠠᠯ ᠤᠨ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠪᠠᠷ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/12/14
  ᠥᠪᠥᠷ ᠮᠣᠩᠭᠤᠯ ᠤᠨᠳᠤᠤ ᠭᠠᠵᠠᠷ ᠤᠨ ᠣᠷᠣᠯᠠᠨ ᠬᠤᠷᠢᠶᠠᠬᠤ ᠮᠠᠲ᠋ᠧᠷᠢᠶᠠᠯ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ ᠥᠷᠲᠡᠭᠡ ᠮᠠᠶ᠋ᠢᠭ︾ ᠤᠨ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ 16 ᠵᠦᠢᠯ ᠤᠨ ᠡᠮᠴᠢᠯᠡᠭᠡᠨ ᠤ ᠳᠠᠭᠠᠳᠬᠠᠯ ᠤᠨ ᠵᠦᠢᠯᠡᠰ ᠢ ᠰᠦᠯᠵᠢᠶᠡᠨ ᠭᠠᠳᠠᠨᠠᠬᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠶᠡᠷᠦᠩᠬᠡᠶᠢᠯᠡᠭᠰᠡᠨ ᠴᠣᠩᠬᠤᠪᠴᠢ ᠳᠤ ᠭᠥᠯᠢᠶᠡᠨ ᠠᠪᠴᠤ ᠰᠢᠢᠳᠪᠦᠷᠢᠯᠡᠨ᠂ ᠳᠠᠭᠠᠳᠬᠠᠯ ᠳᠤ ᠣᠷᠣᠯᠴᠠᠭᠰᠠᠨ ᠨᠢᠭᠡᠴᠢ ᠪᠠ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ︽ᠣᠶᠢᠷ᠎ᠠ ᠬᠠᠪᠢ ᠳᠠᠭᠠᠨ᠂ ᠲᠥᠬᠦᠮ᠂ ᠥᠨᠳᠥᠷ ᠪᠦᠲᠦᠮᠵᠢᠲᠡᠶ︾ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃  16 ᠵᠦᠢᠯ ᠤᠨ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠡᠮᠴᠢᠯᠡᠭᠡᠨ ᠤ ᠳᠠᠭᠠᠳᠬᠠᠯ ᠤᠨ ᠵᠦᠢᠯᠡᠰ ᠲᠤ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠤᠨ ᠳᠠᠩᠰᠠᠯᠠᠬᠤ ᠪᠠᠭᠲᠠᠨ᠎ᠠ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠤᠨ ᠳᠠᠩᠰᠠᠯᠠᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠤᠨ ᠳᠠᠩᠰᠠᠯᠠᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠳᠠᠩᠰᠠᠯᠠᠯ᠂ ︽ᠳᠠᠭᠠᠳᠬᠠᠯ ᠳᠤ ᠣᠷᠣᠯᠴᠠᠬᠤ ᠭᠡᠷᠡᠴᠢ ᠪᠠᠷᠢᠮᠲᠠ︾ ᠭᠠᠷᠭᠠᠵᠤ ᠥᠭᠬᠦ᠂ ᠰᠢᠯᠵᠢᠭᠦᠯᠦᠨ ᠦᠷᠭᠦᠯᠵᠢᠯᠡᠭᠦᠯᠬᠦ ᠭᠠᠷᠳᠠᠮ ᠢ ᠭᠦᠢᠴᠡᠳᠭᠡᠬᠦ᠂ ᠣᠨᠳᠣᠣ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠭᠤᠭᠰᠠᠳ ᠤᠨ       ᠳᠠᠩᠰᠠᠯᠠᠯ᠂ ᠣᠨᠳᠣᠣ ᠭᠠᠵᠠᠷ ᠲᠤ ᠤᠷᠲᠤ ᠬᠤᠭᠤᠴᠠᠭ᠎ᠠ ᠪᠠᠷ ᠰᠠᠭᠤᠭᠰᠠᠨ ᠬᠥᠮᠦᠰ ᠤᠨ ᠳᠠᠩᠰᠠᠯᠠᠯ᠂ ᠤᠨᠳᠤᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠤ ᠳᠠᠩᠰᠠᠯᠠᠯ᠂ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠦᠭᠴᠢ ᠶᠢᠨ ᠳᠠᠩᠰᠠᠯᠠᠯ᠂ ᠡᠭᠦᠳᠡᠨ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ᠂ ᠡᠮᠨᠡᠯᠭᠡ ᠳᠤ ᠰᠠᠭᠤᠭᠰᠠᠨ ᠵᠠᠷᠤᠳᠠᠯ ᠢ ᠳᠠᠩᠰᠠᠨ ᠠᠴᠠ ᠲᠠᠶᠢᠯᠬᠤ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠥᠭᠬᠦ᠂ ᠦᠷᠡᠵᠢᠯ ᠤᠨ ᠡᠮᠴᠢᠯᠡᠭᠡᠨ ᠵᠠᠷᠤᠳᠠᠯ ᠢ ᠥᠭᠬᠦ᠂ ᠲᠥᠯᠥᠪᠯᠡᠭᠡᠲᠦ ᠦᠷᠡᠵᠢᠯ ᠤᠨ ᠡᠮ ᠡᠮᠨᠡᠯᠭᠡ ᠶᠢᠨ ᠵᠠᠷᠤᠳᠠᠯ ᠢ ᠥᠭᠬᠦ᠂ ᠦᠷᠡᠵᠢᠯ ᠤᠨ ᠨᠡᠮᠡᠭᠦᠷᠢ ᠮᠥᠩᠭᠦ ᠥᠭᠬᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ︽ᠲᠦᠷᠭᠡᠨ ᠭᠦᠢᠴᠡᠳᠭᠡᠬᠦ︾ ᠶᠢ ᠰᠠᠶᠢᠲᠤᠷ ᠡᠷᠭᠢᠯᠡᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠡᠮᠴᠢᠯᠡᠭᠡᠨ ᠤ ᠳᠠᠭᠠᠳᠬᠠᠯ ᠤᠨ ᠵᠦᠢᠯᠡᠰ ᠢ ᠭᠦᠢᠴᠡᠳᠭᠡᠬᠦ ᠪᠠᠶᠢᠳᠠᠯ ᠤᠨ ᠭᠤᠶᠤᠴᠢᠯᠠᠯ ᠤᠨ ᠮᠠᠲ᠋ᠧᠷᠢᠶᠠᠯ᠂ ᠭᠦᠢᠴᠡᠳᠭᠡᠬᠦ ᠴᠠᠭ ᠤᠨ ᠬᠢᠵᠠᠭᠠᠷ᠂ ᠮᠠᠲ᠋ᠧᠷᠢᠶᠠᠯ ᠤᠨ ᠬᠡᠪ ᠵᠠᠭᠪᠤᠷ ᠵᠡᠷᠭᠡ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠪᠠᠷᠢᠮᠵᠢᠶ᠎ᠠ ᠶᠢ       ᠨᠢᠭᠡᠳᠬᠡᠵᠦ᠂ ᠠᠳᠠᠯᠢ ᠵᠦᠢᠯᠡᠰ ᠢ ᠪᠥᠬᠦ ᠣᠷᠣᠨ ᠤ ᠡᠯ᠎ᠡ ᠭᠠᠵᠠᠷ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ︽ᠵᠥᠷᠢᠶ᠎ᠡ ᠥᠬᠡᠶ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠭᠡᠬᠦ︾ ᠶᠢ ᠪᠡᠶᠡᠯᠡᠭᠦᠯᠪᠡ᠃ ᠡᠭᠦᠨ ᠤ ᠬᠠᠮᠲᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠠᠵᠢᠯᠯᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠷᠠᠭᠤᠯᠵᠤ᠂ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠶᠢᠮᠠᠭ ᠬᠤᠲᠠ ᠠᠯᠤᠰᠯᠠᠨ ᠰᠠᠭᠤᠭ᠎ᠠ ᠳᠠᠭᠠᠳᠬᠠᠯ ᠳᠤ ᠣᠷᠣᠯᠴᠠᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠭᠤᠭ᠎ᠠ ᠭᠠᠵᠠᠷ ᠤᠨ ᠣᠶᠢᠷ᠎ᠠ ᠬᠠᠪᠢ ᠳᠤᠨᠢ ᠭᠦᠢᠴᠡᠳᠭᠡᠯᠭᠡᠬᠦ ᠬᠡᠷᠡᠭᠲᠡᠶ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号