ᠲᠢᠲᠢᠮ ᠰᠤᠳᠠᠯ ᠤᠨ ᠵᠠᠮᠴᠢᠯᠠᠭᠤᠷ ᠰᠢᠷᠬᠡᠭ ᠵᠡᠷᠭᠡ ᠶᠢᠰᠦᠨ ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠪᠠ ᠬᠡᠷᠡᠭᠯᠡᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/12/19
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠵᠠᠰᠠᠯᠲᠠ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠵᠡᠷᠭᠡ ᠨᠠᠢᠮᠠᠨ ᠰᠠᠯᠠᠭ᠎ᠠ ᠮᠥᠴᠢᠷ ᠤᠨ ︽ᠤᠯᠤᠰ ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ︵ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ﹇2021﹈ 31 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠢᠲᠢᠮ ᠰᠤᠳᠠᠯ ᠢᠶᠠᠷ ᠬᠥᠲᠥᠯᠥᠨ ᠵᠢᠯᠣᠭᠤᠳᠬᠤ ᠰᠢᠷᠬᠡᠭ ᠵᠡᠷᠭᠡ ᠡᠮᠴᠢᠯᠡᠭᠡᠨ ᠤ ᠶᠢᠰᠦᠨ ᠲᠥᠷᠥᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠶᠠᠪᠤᠴᠠ ᠳᠤ ᠰᠣᠩᠭᠤᠭᠰᠠᠨ ᠦᠷ᠎ᠡ ᠳ᠋ᠦᠩ ᠢ ᠮᠠᠨ ᠤ ᠣᠷᠣᠨ ᠳᠤ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠪᠡ᠄  ᠨᠢᠭᠡ᠂ ᠬᠡᠷᠡᠭᠵᠢᠭᠦᠯᠬᠦ ᠬᠡᠪᠴᠢᠶ᠎ᠡ ᠪᠠ ᠭᠦᠢᠴᠡᠳᠬᠡᠬᠦ ᠴᠠᠭ ᠬᠤᠭᠤᠴᠠᠭ᠎ᠠ᠃  ︵ᠨᠢᠭᠡ︶ ᠬᠡᠷᠡᠭᠵᠢᠭᠦᠯᠬᠦ ᠬᠡᠪᠴᠢᠶ᠎ᠡ᠄ ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠪᠣᠯᠤᠨ ᠡᠮᠴᠢᠯᠡᠭᠡᠨ ᠤ ᠳᠠᠭᠠᠳᠬᠠᠯ ᠤᠨ ᠲᠤᠭᠲᠠᠭᠰᠠᠨ ᠴᠡᠭ ᠤᠨ ᠨᠡᠶᠢᠭᠡᠮ ᠤᠨ ᠬᠢᠨ ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ᠬᠡᠷᠡᠭᠲᠡᠶ᠃  ︵ᠬᠤᠶᠠᠷ︶ ᠭᠦᠢᠴᠡᠳᠬᠡᠬᠦ ᠴᠠᠭ᠄ 2024 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ ᠤᠨ ᠲᠡᠭ ᠴᠠᠭ᠃  ᠨᠢᠭᠡ᠂ ᠬᠡᠷᠡᠭᠵᠢᠭᠦᠯᠬᠦ ᠬᠡᠪᠴᠢᠶ᠎ᠡ ᠪᠠ ᠭᠦᠢᠴᠡᠳᠬᠡᠬᠦ ᠴᠠᠭ ᠬᠤᠭᠤᠴᠠᠭ᠎ᠠ᠃  ︵ᠨᠢᠭᠡ︶ ᠬᠡᠷᠡᠭᠵᠢᠭᠦᠯᠬᠦ ᠬᠡᠪᠴᠢᠶ᠎ᠡ᠄ ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠪᠣᠯᠤᠨ ᠡᠮᠴᠢᠯᠡᠭᠡᠨ ᠤ ᠳᠠᠭᠠᠳᠬᠠᠯ ᠤᠨ ᠲᠤᠭᠲᠠᠭᠰᠠᠨ ᠴᠡᠭ ᠤᠨ ᠨᠡᠶᠢᠭᠡᠮ ᠤᠨ ᠬᠢᠨ ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ᠬᠡᠷᠡᠭᠲᠡᠶ᠃  ︵ᠬᠤᠶᠠᠷ︶ ᠭᠦᠢᠴᠡᠳᠬᠡᠬᠦ ᠴᠠᠭ᠄ 2024 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ ᠤᠨ ᠲᠡᠭ ᠴᠠᠭ᠃  ᠬᠤᠶᠠᠷ᠂ ᠬᠤᠳᠠᠯᠳᠤᠨ ᠠᠪᠬᠤ ᠲᠥᠷᠥᠯ ᠵᠦᠢᠯ  ︵ᠨᠢᠭᠡ︶ ᠲᠢᠲᠢᠮᠯᠢᠭ ᠰᠤᠳᠠᠯ ᠤᠨ ᠬᠥᠲᠥᠯᠥᠭᠴᠢ ᠰᠢᠷᠬᠡᠭ︔  ︵ᠬᠤᠶᠠᠷ︶ ᠲᠢᠲᠢᠮ ᠰᠤᠳᠠᠯ ᠲᠡᠯᠡᠬᠦ ᠪᠥᠮᠪᠥᠭᠡᠨ ᠤᠭᠤᠲᠠ︔  ︵ᠭᠤᠷᠪᠠ︶ ᠲᠢᠲᠢᠮ ᠰᠤᠳᠠᠯ ᠤᠨ ᠡᠮ ᠤᠨ ᠪᠥᠮᠪᠥᠭᠡᠨ ᠤᠭᠤᠲᠠ︔  ︵ᠳᠥᠷᠪᠡ︶ ᠲᠠᠷᠢᠬᠢᠨ ᠤ ᠬᠠᠲᠠᠭᠤ ︵ᠨᠤᠭᠤᠰᠤᠨ ᠤ︶ ᠪᠦᠷᠬᠦᠪᠴᠢ ᠪᠠ ᠢᠪᠡᠷᠬᠡᠢ ᠶᠢᠨ ᠨᠥᠬᠦᠪᠥᠷᠢ ᠬᠠᠪᠲᠠᠭᠠᠢ︔  ︵ᠲᠠᠪᠤ︶ ᠨᠢᠭᠡ ᠯᠡ ᠤᠳᠠᠭ᠎ᠠ ᠳᠤ ᠨᠠᠮᠵᠢᠭᠤᠨ ᠰᠤᠳᠠᠯ ᠢᠶᠠᠷ ᠦᠯᠡᠳᠡᠭᠡᠬᠦ ᠵᠡᠭᠦᠦ ᠶᠢ ᠬᠡᠷᠡᠭᠯᠡᠨ᠎ᠡ︔  ︵ᠵᠢᠷᠭᠤᠭ᠎ᠠ︶ ᠡᠯᠢᠭᠡᠨ ᠡᠳ᠋ ᠤᠨ ᠮᠠᠯᠠᠭᠠᠢ︔  ︵ᠳᠣᠯᠤᠭ᠎ᠠ︶ ᠰᠢᠩᠭᠡᠨ ᠶᠡᠭᠦᠯᠡᠬᠦ ᠵᠠᠯᠭᠠᠬᠤ ᠬᠤᠭᠤᠯᠠᠶ︔  ︵ᠨᠠᠢᠮᠠ︶ ᠵᠡᠭᠦᠦ ᠦᠭᠡᠢ ᠵᠠᠯᠭᠠᠭᠤᠷ︔  ︵ᠶᠢᠰᠦ︶ ᠨᠢᠭᠡ ᠯᠡ ᠤᠳᠠᠭ᠎ᠠ ᠬᠡᠷᠡᠭᠯᠡᠬᠦ ᠴᠢᠰᠤ ᠶᠡᠭᠦᠯᠡᠭᠦᠷ᠃ ︵ᠭᠠᠷᠴᠠᠭ ᠢ ᠳᠠᠭᠠᠯᠳᠤᠭᠤᠯᠤᠯ ᠳᠤ ᠦᠵᠡ︶  ᠭᠤᠷᠪᠠ᠂ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ  ᠲᠣᠰ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠬᠤᠳᠠᠯᠳᠤᠨ ᠠᠪᠬᠤ ᠦᠶᠡᠯᠡᠯ ᠨᠢ 1 ᠵᠢᠯ ᠪᠠᠶᠢᠵᠤ᠂ ᠬᠡᠷᠡᠭᠵᠢᠭᠦᠯᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠤᠯᠤᠰ ᠪᠠ ᠡᠯ᠎ᠡ ᠬᠤᠯᠪᠣᠭ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ ᠠᠰᠲᠠᠭᠠᠨ ᠮᠡᠳᠡᠭᠳᠡᠨ᠎ᠡ᠃ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠡᠷᠪᠡ ᠪᠦᠬᠦ ᠤᠯᠤᠰ ᠤᠨ ᠰᠢᠨ᠎ᠡ ᠪᠠᠷ ᠰᠣᠩᠭᠤᠨ ᠲᠣᠭᠲᠠᠭᠠᠭᠰᠠᠨ ᠬᠠᠮᠤᠭ ᠤᠨ ᠳᠣᠣᠷ᠎ᠠ ᠦᠨ᠎ᠡ ᠭᠠᠷᠪᠠᠯ᠂ ᠥᠪᠡᠷᠲᠡᠭᠡᠨ ᠵᠠᠰᠠᠬᠤ ᠣᠷᠣᠨ ᠠᠴᠠ ᠦᠷᠭᠦᠯᠵᠢᠯᠡᠨ ᠭᠠᠷ ᠤᠨ ᠦᠰᠦᠭ ᠵᠢᠷᠤᠬᠤ ᠳᠠᠭᠠᠨ ᠬᠠᠮᠲᠤ ᠳᠤᠨᠢ ᠬᠠᠮᠲᠤᠷᠠᠨ ᠬᠥᠳᠡᠯᠦᠯᠴᠡᠬᠦ       ᠪᠣᠯᠤᠨ᠎ᠠ᠃  ᠳᠥᠷᠪᠡ᠂ ᠦᠢᠯᠡᠳᠬᠦᠨ ᠢᠶᠠᠨ ᠲᠣᠣᠷ ᠲᠤ ᠡᠯᠭᠦᠬᠦ᠂ ᠬᠤᠳᠠᠯᠳᠤᠨ ᠠᠪᠬᠤ ᠪᠠ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ  ︵ᠨᠢᠭᠡ︶ ᠲᠢᠲᠢᠮᠯᠢᠭ ᠰᠤᠳᠠᠯ ᠢᠶᠠᠷ ᠬᠥᠲᠥᠯᠥᠨ ᠵᠢᠯᠣᠭᠤᠳᠬᠤ ᠰᠢᠷᠬᠡᠭ᠂ ᠲᠢᠲᠢᠮᠯᠢᠭ ᠰᠤᠳᠠᠯ ᠢ ᠥᠷᠭᠡᠳᠬᠡᠬᠦ ᠪᠥᠮᠪᠥᠭᠡᠨ ᠤᠭᠤᠲᠠ᠂ ᠲᠢᠲᠢᠮᠯᠢᠭ ᠰᠤᠳᠠᠯ ᠢᠶᠠᠷ ᠡᠮᠲᠦ ᠪᠣᠳᠠᠰ ᠤᠨ ᠪᠥᠮᠪᠥᠭᠡᠨ ᠤᠭᠤᠲᠠ ᠵᠡᠷᠭᠡ 3 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠡᠭᠡᠷ᠎ᠡ ᠨᠢᠭᠡ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠦᠷᠭᠦᠯᠵᠢᠯᠡᠭᠦᠯᠵᠦ᠂ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠬᠡᠷ ᠢ ᠳᠠᠬᠢᠨ ᠰᠢᠨ᠎ᠡ ᠪᠠᠷ ᠲᠣᠭᠲᠠᠵᠤ᠂ ᠰᠣᠩᠭᠤᠭᠳᠠᠭᠰᠠᠨ ᠦᠨ᠎ᠡ ᠬᠠᠩᠰᠢ ᠶᠢ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠭᠤᠶᠤᠴᠢᠯᠠᠨ᠂ ᠪᠥᠬᠦ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠶᠢᠨ ᠬᠠᠮᠤᠭ ᠤᠨ ᠳᠤᠤᠷ᠎ᠠ ᠦᠨ᠎ᠡ ᠶᠢ ᠬᠤᠯᠪᠣᠭᠠᠯᠠᠨ ᠬᠡᠷᠡᠭᠯᠡᠨ᠎ᠡ᠃  ︵ᠬᠤᠶᠠᠷ︶ ᠬᠠᠲᠠᠭᠤ ᠲᠠᠷᠢᠬᠢ ︵ᠨᠤᠭᠤᠰᠤᠨ ᠤ︶ ᠶᠢᠨ ᠪᠦᠷᠬᠦᠪᠴᠢ ᠪᠠ ᠢᠪᠡᠷᠬᠡᠶ ᠶᠢᠨ ᠨᠥᠬᠦᠪᠥᠷᠢ ᠢᠯᠲᠠᠰᠤ ᠵᠡᠷᠭᠡ 6 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠣᠲᠣᠷ᠎ᠠ ᠠᠴᠠ ᠰᠣᠩᠭᠤᠭᠰᠠᠨ ᠦᠢᠯᠡᠳᠭᠦᠨ ᠢ ᠰᠣᠩᠭᠤᠭᠳᠠᠭᠰᠠᠨ ᠦᠨ᠎ᠡ ᠬᠠᠩᠰᠢ ᠪᠠᠷ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠯᠰᠡᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠳᠤ ᠰᠦᠯᠵᠢᠶᠡᠨ ᠳᠤ ᠣᠷᠣᠭᠤᠯᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠭᠤᠷᠪᠠᠨ ᠲᠠᠯ᠎ᠠ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠬᠡᠷ ᠢ ᠴᠠᠭ ᠲᠤᠬᠠᠶ ᠳᠤᠨᠢ ᠲᠣᠭᠲᠠᠬᠤ ᠶᠢᠨ ᠬᠠᠮᠲᠤ᠂ ᠵᠥᠪᠯᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ ᠶᠢ ᠴᠠᠭ ᠲᠤᠬᠠᠶ ᠳᠤᠨᠢ ᠪᠡᠶᠡᠯᠡᠭᠦᠯᠦᠨ᠎ᠡ᠃  ︵ᠭᠤᠷᠪᠠ︶ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠣᠩᠭᠤᠭᠳᠠᠭᠰᠠᠨ ᠦᠢᠯᠡᠳᠭᠦᠨ ᠢ ᠡᠮᠨᠡᠯᠭᠡ ᠳᠤ ᠣᠷᠣᠭᠤᠯᠬᠤ ᠵᠠᠮ ᠮᠥᠷ ᠢ ᠰᠢᠯᠤᠭᠤᠳᠬᠠᠨ᠂ ᠡᠮᠨᠡᠯᠭᠡ ᠳᠤ ᠣᠷᠣᠭᠤᠯᠬᠤ᠂ ᠬᠥᠮᠥᠷᠭᠡᠯᠡᠬᠦ ᠵᠡᠷᠭᠡ ᠭᠤᠭᠴᠤᠭ᠎ᠠ ᠳᠤ ᠰᠣᠩᠭᠤᠭᠳᠠᠭᠰᠠᠨ ᠠᠵᠤ ᠠᠬᠤᠶᠢᠯᠠᠯ ᠠᠴᠠ ᠨᠡᠮᠡᠯᠲᠡ ᠵᠠᠷᠤᠳᠠᠯ ᠬᠤᠷᠢᠶᠠᠵᠤ ᠪᠣᠯᠬᠤ ᠥᠬᠡᠶ᠃ ᠵᠠᠷᠤᠳᠠᠯ ᠢ ᠡᠵᠡᠮᠳᠡᠬᠦ᠂ ᠬᠡᠷᠡᠭᠯᠡᠬᠦ ᠦᠢᠯᠡᠳᠭᠦᠨ ᠤ ᠬᠡᠪ ᠪᠠᠷᠢᠮᠵᠢᠶ᠎ᠠ ᠲᠤᠭ᠎ᠠ ᠬᠡᠮᠵᠢᠶ᠎ᠡ ᠶᠢ ᠬᠢᠵᠠᠭᠠᠷᠯᠠᠬᠤ ᠵᠢᠴᠢ ᠲᠤᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠠᠩᠰᠠ ᠪᠠᠶᠢᠭᠤᠯᠬᠤ ᠵᠡᠷᠭᠡ ᠪᠠᠷ ᠰᠢᠯᠲᠠᠭ ᠪᠣᠯᠭᠠᠵᠤ ᠰᠣᠩᠭᠤᠭᠳᠠᠭᠰᠠᠨ ᠦᠢᠯᠡᠳᠭᠦᠨ ᠢ ᠬᠤᠳᠠᠯᠳᠤᠨ ᠠᠪᠬᠤ ᠪᠠ ᠬᠡᠷᠡᠭᠯᠡᠬᠦ ᠶᠢ ᠨᠥᠯᠥᠭᠡᠯᠡᠵᠦ ᠪᠣᠯᠬᠤ ᠥᠬᠡᠶ᠃ ᠵᠥᠪᠯᠡᠯᠴᠡᠭᠡᠷ ᠤᠨ ᠬᠤᠭᠤᠴᠠᠭᠠᠨ ᠳᠤ ᠵᠥᠪᠯᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ᠂ ᠵᠥᠪᠯᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ ᠶᠢ ᠪᠡᠶᠡᠯᠡᠭᠦᠯᠦᠭᠰᠡᠨ ᠤ ᠳᠠᠷᠠᠭ᠎ᠠ᠂ ᠡᠮᠴᠢᠯᠡᠭᠡᠨ ᠳᠤ ᠵᠦᠶ ᠵᠣᠬᠢᠰᠲᠠᠶ ᠬᠡᠷᠡᠭᠯᠡᠬᠦ ᠠᠴᠠ ᠡᠭᠦᠰᠴᠦ᠂ ᠴᠢᠨᠠᠷ ᠰᠠᠶᠢᠲᠠᠶ ᠦᠨ᠎ᠡ ᠲᠣᠬᠢᠷᠠᠮᠵᠢᠲᠠᠶ ᠰᠣᠩᠭᠤᠭᠳᠠᠭᠰᠠᠨ ᠦᠢᠯᠡᠳᠭᠦᠨ ᠢ ᠤᠷᠢᠳᠠᠪᠠᠷ ᠬᠤᠳᠠᠯᠳᠤᠨ ᠠᠪᠴᠤ ᠬᠡᠷᠡᠭᠯᠡᠬᠦ ᠬᠡᠷᠡᠭᠲᠡᠶ᠃ ᠵᠥᠪᠯᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ ᠠᠴᠠ ᠬᠡᠲᠦᠷᠡᠭᠰᠡᠨ ᠬᠡᠰᠡᠭ ᠢ ᠰᠣᠩᠭᠤᠭᠳᠠᠭᠰᠠᠨ ᠠᠵᠤ ᠠᠬᠤᠶᠢᠯᠠᠯ ᠮᠥᠨ ᠬᠦ ᠰᠣᠩᠭᠤᠭᠳᠠᠭᠰᠠᠨ ᠦᠨ᠎ᠡ ᠬᠠᠩᠰᠢ ᠪᠠᠷ ᠬᠠᠩᠭᠠᠬᠤ ᠬᠡᠷᠡᠭᠲᠡᠶ᠂ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠳᠦᠭᠦᠷᠬᠦ ᠪᠣᠯᠲᠠᠯ᠎ᠠ᠃ ᠬᠡᠯᠡᠯᠴᠡᠭᠡᠷ ᠬᠤᠭᠤᠴᠠᠭ᠎ᠠ ᠠᠴᠠ ᠭᠠᠳᠠᠨᠠᠬᠢ ᠬᠡᠷᠡᠭᠯᠡᠬᠦ ᠬᠡᠮᠵᠢᠶ᠎ᠡ ᠶᠢ ᠬᠡᠯᠡᠯᠴᠡᠭᠡᠷ ᠲᠤ ᠣᠷᠣᠭᠤᠯᠬᠤ ᠦᠭᠡᠢ᠃  ᠲᠠᠪᠤ᠂ ᠰᠣᠩᠭᠤᠭᠳᠠᠭᠰᠠᠨ ᠦᠢᠯᠡᠳᠭᠦᠨ ᠤ ᠡᠮᠴᠢᠯᠡᠭᠡᠨ ᠤ ᠳᠠᠭᠠᠳᠬᠠᠯ ᠢ ᠰᠢᠭᠤᠳ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠤᠨ᠎ᠠ᠃  ᠡᠯ᠎ᠡ ᠭᠠᠵᠠᠷ ᠤᠨ ᠬᠢᠨ ᠰᠣᠩᠭᠤᠭᠳᠠᠭᠰᠠᠨ ᠦᠢᠯᠡᠳᠭᠦᠨ ᠤ ᠰᠣᠩᠭᠤᠭᠳᠠᠭᠰᠠᠨ ᠦᠨ᠎ᠡ ᠬᠠᠩᠰᠢ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠯᠤᠭ᠎ᠠ ᠵᠥᠪᠳᠡᠯᠴᠡᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠦᠢᠯᠡᠳᠭᠦᠨ ᠵᠢᠴᠢ ᠲᠤᠭ᠎ᠠ ᠬᠡᠮᠵᠢᠶ᠎ᠡ ᠶᠢ ᠦᠨᠳᠦᠰᠦᠯᠡᠨ᠂ ᠵᠥᠪᠯᠡᠯᠴᠡᠭᠡᠷ ᠢᠶᠠᠷ ᠬᠤᠳᠠᠯᠳᠤᠨ ᠠᠪᠬᠤ ᠵᠣᠭᠤᠰ ᠤᠨ ᠲᠤᠭ᠎ᠠ ᠶᠢ ᠴᠠᠭ ᠲᠤᠬᠠᠶ ᠳᠤᠨᠢ ᠲᠥᠰᠦᠭᠡᠯᠡᠨ ᠪᠤᠳᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠤᠨ ᠳᠦᠷᠢᠮᠯᠡᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ﹇ 2019﹈ 60 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠰᠣᠩᠭᠤᠭᠳᠠᠭᠰᠠᠨ ᠠᠵᠤ ᠠᠬᠤᠶᠢᠯᠠᠯ ᠪᠤᠶᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠶᠢ ᠥᠷᠨᠢᠭᠦᠯᠬᠦ ᠬᠡᠷᠡᠭᠲᠡᠶ᠃  ᠵᠢᠷᠭᠤᠭ᠎ᠠ᠂ ᠰᠣᠩᠭᠤᠭᠳᠠᠭᠰᠠᠨ ᠦᠢᠯᠡᠳᠭᠦᠨ ᠤ ᠲᠣᠭᠲᠠᠭᠤᠨ ᠢᠶᠠᠷ ᠬᠠᠩᠭᠠᠬᠤ ᠶᠢ ᠦᠨᠡᠨᠬᠦ  ᠪᠠᠲᠤᠯᠠᠨ᠎ᠠ  ᠰᠣᠩᠭᠤᠭᠳᠠᠭᠰᠠᠨ ᠠᠵᠤ ᠠᠬᠤᠶᠢᠯᠠᠯ ᠪᠣᠯᠤᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠠᠩᠭᠠᠵᠤ ᠲᠣᠬᠢᠷᠠᠭᠤᠯᠤᠨ ᠬᠦᠷᠭᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠣᠩᠭᠤᠭᠳᠠᠭᠰᠠᠨ ᠠᠵᠤ ᠠᠬᠤᠶᠢᠯᠠᠯ ᠨᠢ ᠦᠢᠯᠡᠳᠬᠦᠨ ᠤ ᠶᠠᠰᠤ ᠴᠢᠨᠠᠷ᠂ ᠬᠠᠩᠭᠠᠯᠭ᠎ᠠ ᠶᠢ ᠪᠠᠲᠤᠯᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠭᠰᠠᠨ ᠤ ᠬᠤᠪᠢ ᠳᠤ᠂ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠬᠡᠷ ᠢᠶᠠᠨ ᠴᠢᠩᠭ᠎ᠠ ᠭᠦᠢᠴᠡᠳᠬᠡᠵᠦ᠂ ᠦᠢᠯᠡᠳᠪᠦᠷᠢᠯᠡᠯ ᠤᠨ ᠲᠥᠯᠥᠪᠯᠡᠭᠡ ᠪᠠᠨ ᠤᠷᠢᠳᠴᠢᠯᠠᠨ ᠰᠠᠶᠢᠲᠤᠷ ᠬᠢᠵᠦ᠂ ᠦᠢᠯᠡᠳᠪᠦᠷᠢᠯᠡᠬᠦ᠂ ᠪᠣᠷᠣᠯᠠᠭᠤᠯᠬᠤ ᠪᠦᠬᠦ ᠶᠠᠪᠤᠴᠠ ᠶᠢᠨ ᠡᠬᠡ ᠳᠠᠩᠰᠠ ᠪᠠᠶᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠬᠡᠷᠡᠭᠲᠡᠶ᠃ ᠰᠣᠩᠭᠤᠭᠳᠠᠭᠰᠠᠨ ᠠᠵᠤ ᠠᠬᠤᠶᠢᠯᠠᠯ ᠤᠨ ᠡᠵᠡᠨ ᠮᠡᠳᠡᠵᠦ ᠰᠣᠩᠭᠤᠭᠰᠠᠨ ᠦᠢᠯᠡᠳᠭᠦᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢᠶᠠᠨ ᠰᠣᠩᠭᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠩᠭᠤᠭᠳᠠᠭᠰᠠᠨ ᠠᠵᠤ ᠠᠬᠤᠶᠢᠯᠠᠯ ᠤᠨ ᠥᠪᠡᠰᠦᠪᠡᠨ ᠳᠣᠭᠢᠷᠠᠭᠤᠯᠤᠨ ᠬᠦᠷᠭᠡᠬᠦ ᠶᠢ ᠵᠣᠷᠢᠭᠵᠢᠭᠤᠯᠤᠨ᠎ᠠ᠃ ᠰᠣᠩᠭᠤᠭᠳᠠᠭᠰᠠᠨ ᠠᠵᠤ ᠠᠬᠤᠶᠢᠯᠠᠯ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠲᠣᠬᠢᠷᠠᠭᠤᠯᠤᠨ ᠬᠦᠷᠭᠡᠵᠦ ᠰᠣᠩᠭᠤᠭᠳᠠᠭᠰᠠᠨ ᠪᠦᠲᠦᠭᠡᠭᠳᠡᠬᠦᠨ ᠢ ᠡᠮᠴᠢᠯᠡᠭᠡᠨ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠶ᠃  ᠳᠣᠯᠤᠭ᠎ᠠ᠂ ᠬᠢᠨᠠᠯᠲᠠ ᠬᠠᠮᠢᠶᠠᠷᠤᠯᠲᠠ ᠶᠢᠨ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠎ᠠ  ᠡᠯ᠎ᠡ ᠭᠠᠵᠠᠷ ᠤᠨ ᠬᠢᠨ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠥᠬᠦᠶ ᠣᠨᠣᠰᠢᠯᠠᠨ ᠡᠮᠨᠡᠬᠦ ᠵᠦᠭᠯᠡᠭᠦᠷ᠂ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠵᠡᠷᠭᠡ ᠶᠢ ᠴᠢᠩᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠠᠮᠤᠷ ᠲᠦᠪᠰᠢᠨ᠂ ᠪᠦᠲᠦᠮᠵᠢᠲᠡᠶ᠂ ᠠᠷᠪᠢᠲᠠᠶ᠂ ᠲᠣᠬᠢᠷᠠᠮᠵᠢᠲᠠᠶ ᠪᠠᠶᠢᠬᠤ ᠵᠠᠷᠴᠢᠮ ᠢ ᠪᠠᠷᠢᠮᠲᠠᠯᠠᠨ᠂ ᠡᠮᠨᠡᠨ ᠵᠠᠰᠠᠬᠤ ᠠᠷᠭ᠎ᠠ ᠶᠢ ᠵᠦᠶ ᠵᠣᠬᠢᠰᠲᠠᠶ ᠰᠣᠩᠭᠤᠵᠤ᠂ ᠬᠤᠷᠣᠭᠳᠠᠯ ᠮᠠᠲ᠋ᠧᠷᠢᠶᠠᠯ ᠤᠨ ᠲᠥᠷᠥᠯ ᠵᠦᠢᠯ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠰᠣᠩᠭᠤᠭᠳᠠᠭᠰᠠᠨ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠭᠡᠷ᠎ᠡ ᠶᠢ ᠰᠠᠶᠢᠲᠤᠷ ᠭᠦᠢᠴᠡᠳᠬᠡᠵᠦ ᠳᠡᠶᠢᠯᠬᠦ ᠦᠭᠡᠶ ᠪᠠ ᠬᠤᠳᠠᠯᠳᠤᠭᠠᠨ ᠤ ᠬᠡᠭᠡᠯᠢ ᠬᠠᠭ᠋ᠤᠤᠯᠢ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠵᠤ ᠰᠢᠢᠳᠭᠡᠯ ᠣᠯᠤᠭᠰᠠᠨ ᠰᠣᠩᠭᠤᠭᠳᠠᠭᠰᠠᠨ ᠠᠵᠤ ᠠᠬᠤᠶᠢᠯᠠᠯ ᠢ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠬᠤ ᠢᠲᠡᠭᠡᠮᠵᠢ ᠶᠢᠨ ᠦᠨᠡᠯᠡᠯᠲᠡ ᠶᠢᠨ ᠲᠡᠮᠳᠡᠭᠯᠡᠯ ᠳᠤ ᠣᠷᠣᠭᠤᠯᠬᠤ ᠶᠢᠨ ᠬᠠᠮᠲᠤ ᠬᠦᠨᠳᠦ ᠨᠣᠴᠢᠲᠠᠶ ᠬᠡᠮᠵᠢᠶ᠎ᠡ ᠶᠢ ᠨᠢ ᠦᠨᠳᠦᠰᠦᠯᠡᠨ ᠵᠣᠬᠢᠬᠤ ᠵᠠᠯᠬᠠᠭᠠᠨ ᠴᠡᠭᠡᠷᠯᠡᠭᠦᠯᠬᠦ ᠬᠡᠷᠡᠭᠲᠡᠶ᠃ ᠴᠠᠭ ᠲᠠᠭᠠᠨ ᠲᠣᠬᠢᠷᠠᠭᠤᠯᠤᠨ ᠬᠦᠷᠭᠡᠭᠰᠡᠨ ᠦᠭᠡᠶ ᠠᠵᠤ ᠠᠬᠤᠶᠢᠯᠠᠯ ᠳᠤ ᠰᠠᠨᠠᠭᠤᠯᠬᠤ᠂ ᠪᠣᠯᠵᠣᠨ ᠶᠠᠷᠢᠯᠴᠠᠬᠤ᠂ ᠲᠣᠬᠢᠷᠠᠭᠤᠯᠤᠨ ᠬᠦᠷᠭᠡᠬᠦ ᠪᠤᠶᠤ ᠰᠣᠩᠭᠤᠭᠳᠠᠬᠤ ᠬᠢᠷᠢ ᠬᠡᠮ ᠢ ᠲᠦᠷ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃  ᠳᠠᠭᠠᠯᠳᠤᠭᠤᠯᠤᠯ 1᠄ ᠲᠢᠲᠢᠮ ᠰᠤᠳᠠᠯ ᠤᠨ ᠬᠥᠲᠥᠯᠥᠭᠴᠢ ᠲᠣᠷᠭᠠᠨ ᠪᠦᠰᠡ ᠶᠢ ᠬᠤᠳᠠᠯᠳᠤᠨ ᠠᠪᠬᠤ ᠳᠤ ᠰᠣᠩᠭᠤᠭᠰᠠᠨ ᠭᠠᠷᠴᠠᠭ  2᠄ ᠲᠢᠲᠢᠮ ᠰᠤᠳᠠᠯ ᠲᠡᠯᠡᠬᠦ ᠪᠥᠮᠪᠥᠭᠡᠨ ᠤᠭᠤᠲᠠ ᠶᠢ ᠬᠤᠳᠠᠯᠳᠤᠨ ᠠᠪᠬᠤ ᠳᠤ ᠰᠣᠩᠭᠤᠭᠰᠠᠨ ᠭᠠᠷᠴᠠᠭ  3 . ᠲᠢᠲᠢᠮ ᠰᠤᠳᠠᠯ ᠡᠮ ᠤᠨ ᠪᠥᠮᠪᠥᠭᠡᠨ ᠤᠭᠤᠲᠠ ᠶᠢ ᠬᠤᠳᠠᠯᠳᠤᠨ ᠠᠪᠬᠤ ᠳᠤ ᠰᠣᠩᠭᠤᠭᠰᠠᠨ ᠭᠠᠷᠴᠠᠭ  4 . ᠲᠠᠷᠢᠬᠢᠨ ︵ᠨᠤᠭᠤᠰᠤᠨ ᠤ︶ ᠬᠠᠲᠠᠭᠤ ᠪᠦᠷᠬᠦᠪᠴᠢ ᠪᠠ ᠢᠪᠡᠷᠬᠡᠢ ᠶᠢᠨ ᠨᠥᠬᠦᠪᠥᠷᠢ ᠢᠯᠲᠠᠰᠤ ᠶᠢ ᠬᠡᠮᠵᠢᠶ᠎ᠡ ᠲᠠᠢ ᠬᠤᠳᠠᠯᠳᠤᠨ ᠠᠪᠬᠤ ᠳᠤ ᠰᠣᠩᠭᠤᠭᠰᠠᠨ ᠭᠠᠷᠴᠠᠭ  5 . ᠨᠢᠭᠡ ᠯᠡ ᠤᠳᠠᠭ᠎ᠠ ᠳᠤ ᠨᠠᠮᠵᠢᠭᠤᠨ ᠰᠤᠳᠠᠯ ᠢᠶᠠᠷ ᠦᠯᠡᠳᠡᠭᠡᠵᠦ ᠲᠠᠯᠪᠢᠬᠤ ᠵᠡᠭᠦᠦ ᠵᠡᠷᠭᠡ 5 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠳᠤ ᠰᠣᠩᠭᠤᠭᠰᠠᠨ ᠭᠠᠷᠴᠠᠭ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ      2023 ᠣᠨ ᠤ 12 ᠳ᠋ᠤᠭᠠᠷ ᠰᠠᠷ᠎ᠠ ᠶᠢᠨ 18 ᠤ ᠡᠳᠦᠷᠳᠠᠭᠠᠯᠳᠤᠭᠤᠯᠤᠯ 1,2,3,4,5

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号