ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ 2022 ᠣᠨ ᠤ ᠰᠢᠯᠭᠠᠨ ᠬᠢᠨᠠᠭᠰᠠᠨ ᠪᠠᠶᠢᠳᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2023/12/19
ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠄  ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠦᠢᠯᠡᠴᠢᠯᠡᠭᠡᠨ ᠤ ᠵᠥᠪᠯᠡᠯᠴᠡᠭᠡᠷ︾ ︵ᠳᠣᠷᠣᠭᠰᠢ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ︾ ᠭᠡᠵᠦ ᠲᠣᠪᠴᠢᠯᠠᠨ᠎ᠠ︶ ᠪᠠ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 2022 ᠣᠨ ᠤ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠵᠥᠪᠯᠡᠯᠴᠡᠭᠡᠷ ᠢᠶᠠᠨ ᠭᠦᠢᠴᠡᠳᠭᠡᠭᠰᠡᠨ ᠪᠠᠶᠢᠳᠠᠯ ᠢ ᠰᠢᠯᠭᠠᠨ ᠬᠢᠨᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠦᠨᠳᠦᠰᠦᠯᠡᠨ᠂ ᠮᠠᠨ ᠤ ᠲᠥᠪ ᠨᠢ ᠲᠤᠤᠷᠵᠢᠭᠤᠯᠤᠨ ᠬᠠᠷᠢᠯᠴᠠᠨ ᠪᠠᠶᠢᠴᠠᠭᠠᠬᠤ᠂ ᠳᠠᠬᠢᠨ ᠪᠠᠶᠢᠴᠠᠭᠠᠬᠤ ᠪᠠ ᠭᠤᠷᠪᠠᠳᠠᠬᠢ ᠡᠲᠡᠭᠡᠳ ᠠᠴᠠ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 1736 ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ 2022 ᠣᠨ ᠤ ᠵᠥᠪᠯᠡᠯᠴᠡᠭᠡᠷ ᠢᠶᠠᠨ ᠭᠦᠢᠴᠡᠳᠭᠡᠭᠰᠡᠨ ᠪᠠ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠶᠡᠷᠦᠩᠬᠡᠶᠢᠯᠡᠨ ᠰᠢᠯᠭᠠᠪᠠ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠬᠢᠨᠠᠨ ᠰᠢᠯᠭᠠᠭᠰᠠᠨ ᠪᠠᠶᠢᠳᠠᠯ  ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠰᠣᠯᠢᠬᠤ᠂ ᠬᠡᠮᠵᠢᠶ᠎ᠡ ᠠᠴᠠ ᠬᠡᠲᠦᠷᠡᠭᠦᠯᠦᠨ ᠡᠮ ᠬᠠᠩᠭᠠᠬᠤ᠂ ᠬᠡᠪᠴᠢᠶ᠎ᠡ ᠠᠴᠠ ᠬᠡᠲᠦᠷᠡᠭᠦᠯᠦᠨ ᠡᠮ ᠬᠠᠩᠭᠠᠬᠤ᠂ ᠵᠣᠷ ᠦᠭᠡᠢ ᠪᠠᠷ ᠡᠮ ᠬᠠᠩᠭᠠᠬᠤ ᠵᠡᠷᠭᠡ ᠲᠠᠯ᠎ᠠ ᠳᠤ ᠭᠤᠤᠯᠳᠠᠯᠭ᠎ᠠ ᠲᠠᠢ ᠶᠡᠷᠦᠩᠬᠡᠶᠢᠯᠡᠭᠰᠡᠨ ᠰᠢᠯᠭᠠᠨ ᠬᠢᠨᠠᠯᠲᠠ ᠬᠢᠨ᠎ᠡ᠃  ︵ᠨᠢᠭᠡ︶ ᠶᠡᠷᠦᠩᠬᠡᠶ ᠪᠠᠶᠢᠳᠠᠯ  ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠦᠢᠯᠡᠴᠢᠯᠡᠭᠡᠨ ᠤ ᠬᠡᠯᠡᠯᠴᠡᠭᠡᠷ ᠢ ᠭᠦᠢᠴᠡᠳᠭᠡᠨ᠂ ᠣᠯᠠᠨ ᠲᠦᠮᠡᠨ ᠳᠤ ᠠᠮᠤᠷ ᠲᠦᠪᠰᠢᠨ᠂ ᠪᠦᠲᠦᠮᠵᠢᠲᠡᠶ᠂ ᠳᠥᠭᠦᠮ ᠳᠥᠲᠡ ᠡᠮ ᠬᠤᠳᠠᠯᠳᠤᠨ ᠠᠪᠬᠤ ᠦᠢᠯᠡᠴᠢᠯᠡᠭᠡ ᠬᠠᠩᠭᠠᠵᠤ ᠴᠢᠳᠠᠨ᠎ᠠ᠃ ᠨᠢᠭᠡ ᠳᠤ᠂ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ︾ ᠤᠨ ᠲᠣᠭᠲᠠᠭᠠᠯ ᠢ ᠴᠢᠩᠭ᠎ᠠ ᠵᠢᠷᠤᠮᠯᠠᠨ ᠳᠠᠭᠠᠳᠬᠠᠯ ᠳᠤ ᠣᠷᠣᠯᠴᠠᠭᠰᠠᠳ ᠲᠤ ᠡᠮ ᠤᠨ ᠵᠦᠢᠯ ᠤᠨ ᠯᠠᠪᠯᠠᠯᠭ᠎ᠠ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠪᠣᠷᠣᠯᠠᠭᠤᠯᠭ᠎ᠠ᠂ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳ᠋ᠦᠩᠨᠡᠨ ᠪᠣᠳᠣᠬᠤ ᠵᠡᠷᠭᠡ ᠦᠢᠯᠡᠴᠢᠯᠡᠭᠡ ᠬᠠᠩᠭᠠᠨ᠎ᠠ︔ ᠬᠤᠶᠠᠷ ᠲᠤ᠂ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ᠂ ᠵᠣᠷ ᠤᠨ ᠡᠮ ᠬᠤᠳᠠᠯᠳᠤᠨ ᠠᠪᠬᠤ ᠶᠢ ᠳᠠᠩᠰᠠᠯᠠᠬᠤ ᠲᠦᠷᠢᠮ ᠢ ᠪᠠᠶᠢᠭᠤᠯᠬᠤ ᠶᠢᠨ ᠬᠠᠮᠲᠤ ᠵᠠᠭᠠᠯᠳᠤᠯᠭ᠎ᠠ ᠶᠢᠨ ᠬᠠᠶᠢᠷᠴᠠᠭ ᠪᠠ ᠡᠮᠴᠢᠯᠡᠭᠡᠨ ᠤ ᠳᠠᠭᠠᠳᠬᠠᠯ ᠤᠨ ᠤᠬᠠᠭᠤᠯᠭ᠎ᠠ ᠶᠢᠨ ᠪᠤᠯᠤᠩ ᠭᠠᠷᠭᠠᠨ᠎ᠠ︔ ᠭᠤᠷᠪᠠ ᠳᠤ᠂ ᠠᠵᠢᠯᠲᠠᠳ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠭᠡ᠂ ᠡᠭᠦᠳᠡᠨ ᠡᠮᠨᠡᠯᠭᠡ ᠶᠢᠨ ᠤᠵᠢᠭ ᠡᠪᠡᠳᠴᠢᠨ᠂ ᠡᠭᠦᠳᠡᠨ ᠡᠮᠨᠡᠯᠭᠡ ᠶᠢᠨ ᠣᠨᠴᠠᠭᠠᠶ ᠡᠮ ᠬᠡᠷᠡᠭᠯᠡᠬᠦ ᠵᠡᠷᠭᠡ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠠᠶᠢᠨ ᠮᠡᠳᠡᠨ᠎ᠡ︔ ᠳᠥᠷᠪᠡ ᠳᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ᠂ ᠡᠭᠦᠳᠡᠨ ᠡᠮᠨᠡᠯᠭᠡ ᠶᠢᠨ ᠣᠨᠴᠠᠭᠠᠶ ᠡᠮ ᠬᠡᠷᠡᠭᠯᠡᠬᠦ ᠲᠣᠭᠲᠠᠭᠰᠠᠨ ᠡᠮ ᠤᠨ ᠳᠡᠯᠭᠡᠭᠦᠷ ᠲᠤ ᠵᠣᠬᠢᠴᠠᠩᠭᠤᠶ ᠬᠠᠮᠢᠶᠠᠷᠤᠯᠲᠠ ᠶᠢᠨ ᠲᠦᠷᠢᠮ ᠪᠠᠶᠢᠭᠤᠯᠵᠤ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠲᠠᠩᠰᠠ ᠡᠪᠬᠡᠮᠡᠯ᠂ ᠬᠤᠪᠢ ᠬᠥᠮᠦᠨ ᠤ ᠡᠬᠡ ᠲᠠᠩᠰᠠ ᠪᠠ ᠡᠬᠡ ᠲᠠᠩᠰᠠ᠂ ᠮᠡᠳᠡᠭᠦᠯᠬᠦ ᠬᠦᠰᠦᠨᠦᠭᠲᠦ ᠶᠢ ᠳᠡᠪᠲᠡᠷᠯᠡᠬᠦ ᠵᠢᠷᠤᠮᠵᠢᠯ᠂ ᠬᠡᠮᠵᠢᠶ᠎ᠡ ᠠᠴᠠ ᠬᠡᠲᠦᠷᠡᠭᠦᠯᠦᠨ ᠡᠮ ᠬᠠᠩᠭᠠᠬᠤ ᠪᠠ ᠬᠡᠪᠴᠢᠶ᠎ᠡ ᠠᠴᠠ ᠬᠡᠲᠦᠷᠡᠭᠦᠯᠦᠨ ᠡᠮ ᠬᠠᠩᠭᠠᠬᠤ ᠦᠵᠡᠭᠳᠡᠯ ᠢ ᠢᠯᠡᠳᠲᠡ ᠪᠠᠭᠠᠰᠬᠠᠨ᠎ᠠ᠃  ︵ᠬᠤᠶᠠᠷ︶ ᠣᠷᠣᠰᠢᠵᠤ ᠪᠠᠶᠢᠭ᠎ᠠ ᠠᠰᠠᠭᠤᠳᠠᠯ  ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠳᠠᠭᠠᠳᠬᠠᠯ ᠤᠨ ᠦᠢᠯᠡᠴᠢᠯᠡᠭᠡᠨ ᠤ ᠠᠵᠢᠯ ᠳᠤ ᠮᠥᠨ ᠬᠦᠷᠦᠯᠴᠡᠬᠦ ᠥᠬᠡᠶ ᠲᠠᠯ᠎ᠠ ᠪᠠ ᠠᠰᠠᠭᠤᠳᠠᠯ ᠣᠷᠣᠰᠢᠵᠤ ᠪᠠᠶᠢᠨ᠎ᠠ᠂ ᠭᠤᠤᠯᠳᠠᠭᠤ ᠳᠤᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠃ ᠨᠢᠭᠡ ᠳᠤ᠂ ᠣᠨᠴᠠ ᠵᠠᠷᠢᠮ ᠲᠤᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠡᠮᠴᠢᠯᠡᠭᠡᠨ ᠤ ᠳᠠᠭᠠᠳᠬᠠᠯ ᠤᠨ ᠠᠵᠢᠯ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠥᠬᠡᠶ᠂ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠭᠰᠠᠨ ᠥᠬᠡᠶ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠰᠠᠶᠢᠨ ᠮᠡᠳᠡᠬᠦ ᠥᠬᠡᠶ᠂ ᠡᠮᠴᠢᠯᠡᠭᠡᠨ ᠤ ᠳᠠᠭᠠᠳᠬᠠᠯ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠨ᠎ᠠ︔ ᠬᠤᠶᠠᠷ ᠲᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠤᠯᠤᠩ ᠭᠠᠷᠭᠠᠭᠰᠠᠨ ᠥᠬᠡᠶ ᠪᠤᠶᠤ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠭᠰᠡᠨ ᠥᠬᠡᠶ︔ ᠭᠤᠷᠪᠠ ᠳᠤ᠂ ᠡᠮ ᠤᠨ ᠵᠦᠢᠯ ᠢ ᠬᠠᠷᠢᠯᠴᠠᠨ ᠰᠣᠯᠢᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠨ᠎ᠠ︔ ᠳᠥᠷᠪᠡ ᠳᠤ᠂ ᠬᠡᠰᠡᠭ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ᠲᠣᠭᠲᠠᠭᠰᠠᠨ ᠡᠮ ᠤᠨ ᠳᠡᠯᠭᠡᠭᠦᠷ ᠤᠨ ᠳᠣᠲᠣᠭᠠᠳᠤ ᠶᠢᠨ ᠲᠦᠷᠢᠮ ᠨᠢ ᠲᠡᠭᠦᠯᠳᠡᠷ ᠪᠤᠰᠤ᠂ ᠬᠡᠮᠵᠢᠶ᠎ᠡ ᠠᠴᠠ ᠬᠡᠲᠦᠷᠡᠭᠦᠯᠦᠨ ᠡᠮ ᠬᠠᠩᠭᠠᠵᠤ᠂ ᠬᠡᠪᠴᠢᠶ᠎ᠡ ᠠᠴᠠ ᠬᠡᠲᠦᠷᠡᠭᠦᠯᠦᠨ ᠡᠮ ᠬᠠᠩᠭᠠᠵᠤ ᠪᠠᠶᠢᠨ᠎ᠠ︔ ᠲᠠᠪᠤ ᠳᠤ᠂ ᠬᠡᠰᠡᠭ ᠡᠮ ᠤᠨ ᠳᠡᠯᠭᠡᠭᠦᠷ ᠲᠤ ᠵᠣᠷ ᠥᠬᠡᠶ ᠡᠮ ᠬᠠᠩᠭᠠᠬᠤ᠂ ᠵᠣᠷ ᠥᠬᠡᠶ ᠪᠣᠷᠣᠯᠠᠭᠤᠯᠭ᠎ᠠ ᠶᠢᠨ ᠳᠡᠩᠰᠡᠯᠡᠯᠲᠡ ᠶᠢᠨ ᠲᠡᠮᠳᠡᠭᠯᠡᠯ᠂ ᠡᠮ ᠤᠨ ᠵᠣᠷ ᠪᠤᠶᠤ ᠪᠣᠷᠣᠯᠠᠭᠤᠯᠭ᠎ᠠ ᠶᠢᠨ ᠲᠡᠮᠳᠡᠭᠯᠡᠯ ᠥᠬᠡᠶ ᠵᠡᠷᠭᠡ ᠪᠠᠶᠢᠳᠠᠯ ᠣᠷᠣᠰᠢᠵᠤ ᠪᠠᠶᠢᠨ᠎ᠠ᠃  ᠬᠤᠶᠠᠷ᠂ ᠰᠢᠯᠭᠠᠨ ᠬᠢᠨᠠᠭᠰᠠᠨ ᠦᠷ᠎ᠡ ᠳ᠋ᠦᠩ  ︵ᠨᠢᠭᠡ︶ ᠬᠢᠷᠢ ᠲᠡᠩᠴᠡᠭᠰᠡᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ︵1732 ᠭᠡᠷ︶  ᠨᠠᠷᠢᠨ ᠵᠦᠢᠯ ᠢ ᠳᠠᠭᠠᠯᠳᠤᠭᠤᠯᠤᠯ ᠳᠤ ᠦᠵᠡ᠃  ︵ᠬᠤᠶᠠᠷ︶ ᠬᠢᠷᠢ ᠲᠡᠩᠴᠡᠬᠦ ᠦᠭᠡᠢ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ︵4 ᠭᠡᠷ︶  ᠥᠪᠥᠷ ᠮᠣᠩᠭᠤᠯ ᠤᠨ ᠪᠥᠸᠧ ᠢᠦᠶ ᠶᠡᠭᠡ ᠡᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢ ᠴᠢᠩ ᠲᠠᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠩ ᠯᠢᠩ ᠡᠮ ᠡᠮᠨᠡᠯᠭᠡ ᠶᠢᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠱᠧᠨ ᠺᠠᠩ ᠳᠡᠯᠭᠡᠭᠦᠷ᠂ ᠥᠪᠥᠷ ᠮᠣᠩᠭᠤᠯ ᠤᠨ ᠰᠠᠶᠢᠨ ᠡᠮ ᠨᠠᠶᠢᠷᠠᠭᠴᠢ ᠰᠢᠤᠸᠠᠨ ᡁᠢ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠃  ᠭᠤᠷᠪᠠ᠂ ᠰᠢᠢᠳᠪᠦᠷᠢᠯᠡᠬᠦ ᠰᠠᠨᠠᠯ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠦᠢᠯᠡᠴᠢᠯᠡᠭᠡᠨ ᠤ ᠵᠥᠪᠯᠡᠯᠴᠡᠭᠡᠷ︾ ᠵᠢᠴᠢ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠣᠨ ᠤ ᠶᠡᠷᠦᠩᠬᠡᠶᠢᠯᠡᠭᠰᠡᠨ ᠬᠤᠪᠢ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ 4 ᠶᠡᠷᠦᠩᠬᠡᠶᠢᠯᠡᠭᠰᠡᠨ ᠬᠤᠪᠢ ᠲᠣᠭᠲᠠᠭᠠᠭᠰᠠᠨ ᠨᠢ ᠬᠢᠷᠢ ᠲᠡᠩᠴᠡᠬᠦ ᠦᠭᠡᠶ᠂ ᠭᠠᠷᠴᠠᠭ ᠤᠨ ᠭᠠᠳᠠᠨ᠎ᠠ ᠠᠴᠠ ᠰᠣᠯᠢᠭᠰᠠᠨ ᠨᠢ ᠲᠣᠭᠲᠠᠭᠠᠯ ᠠᠴᠠ ᠵᠥᠷᠢᠴᠡᠭᠰᠡᠨ ᠵᠢᠴᠢ ᠡᠵᠡᠩᠨᠡᠬᠦ ᠶᠢ ᠨᠢ ᠨᠢᠭᠡᠨᠲᠡ ᠵᠣᠭᠰᠣᠭᠠᠭᠰᠠᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ 26 ᠡᠮ ᠤᠨ ᠳᠡᠯᠭᠡᠭᠦᠷ ᠲᠤ ︽ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ︾ ᠢ ᠨᠢ ᠬᠦᠴᠦᠨ ᠦᠭᠡᠶ ᠪᠣᠯᠭᠠᠵᠤ᠂ ᠨᠢᠭᠡ ᠵᠢᠯ ᠤᠨ ᠳᠣᠲᠣᠷ᠎ᠠ ᠲᠣᠭᠲᠠᠭᠰᠠᠨ ᠴᠡᠭ ᠢᠶᠠᠷ ᠨᠢ ᠰᠢᠢᠳᠪᠦᠷᠢᠯᠡᠭᠦᠯᠬᠦ ᠪᠠᠷ ᠮᠡᠳᠡᠭᠦᠯᠵᠦ ᠪᠣᠯᠬᠤ ᠦᠭᠡᠶ᠃  ︵ᠨᠢᠭᠡ︶ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ︵4 ᠭᠡᠷ︶  ᠥᠪᠥᠷ ᠮᠣᠩᠭᠤᠯ ᠤᠨ ᠪᠥᠸᠧ ᠢᠦᠶ ᠶᠡᠭᠡ ᠡᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢ ᠴᠢᠩ ᠲᠠᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠩ ᠯᠢᠩ ᠡᠮ ᠡᠮᠨᠡᠯᠭᠡ ᠶᠢᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠱᠧᠨ ᠺᠠᠩ ᠳᠡᠯᠭᠡᠭᠦᠷ᠂ ᠥᠪᠥᠷ ᠮᠣᠩᠭᠤᠯ ᠤᠨ ᠰᠠᠶᠢᠨ ᠡᠮ ᠨᠠᠶᠢᠷᠠᠭᠴᠢ ᠰᠢᠤᠸᠠᠨ ᡁᠢ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠃  ︵ᠬᠤᠶᠠᠷ︶ ᠭᠠᠷᠴᠠᠭ ᠤᠨ ᠭᠠᠳᠠᠭᠤᠷ ᠰᠣᠯᠢᠯᠴᠠᠬᠤ ︵2 ᠭᠡᠷ︶   ᠬᠦᠬᠡᠬᠤᠲᠠ ᠶᠢᠨ ᠭᠦᠸᠧ ᠱᠧᠩ ᠶᠡᠭᠡ ᠡᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠷᠧᠨ ᠾᠧ ᠲᠠᠩ ᠡᠮ ᠡᠮᠨᠡᠯᠭᠡ ᠶᠢᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠠᠷᠪᠠ ᠶᠢᠰᠦᠳᠦᠭᠡᠷ ᠳᠡᠯᠭᠡᠭᠦᠷ᠃  ︵ᠭᠤᠷᠪᠠ︶ ᠡᠵᠡᠩᠨᠡᠯᠲᠡ ᠶᠢ ᠨᠢ ᠵᠣᠭᠰᠣᠭᠠᠭᠰᠠᠨ ᠨᠢ ︵26 ᠭᠡᠷ︶  ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠵᠠᠭᠤ ᠨᠠᠶᠠᠨ ᠨᠢᠭᠡᠳᠦᠭᠡᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ‌ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠶᠡᠷᠡ ᠶᠢᠰᠦᠳᠦᠭᠡᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠵᠠᠭᠤ ᠵᠢᠷᠠᠨ ᠨᠠᠢᠮᠠᠳᠤᠭᠠᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠭᠤᠴᠢᠨ ᠵᠢᠷᠭᠤᠳᠤᠭᠠᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠵᠠᠭᠤ ᠳᠥᠴᠢᠨ ᠨᠠᠢᠮᠠᠳᠤᠭᠠᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠲᠠᠪᠢᠨ ᠭᠤᠷᠪᠠᠳᠤᠭᠠᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠵᠠᠭᠤ ᠪᠥᠭᠡᠳ ᠳᠥᠷᠪᠡᠳᠦᠭᠡᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠨᠠᠶᠠᠨ ᠨᠢᠭᠡᠳᠦᠭᠡᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠳᠠᠯᠠᠨ ᠨᠢᠭᠡᠳᠦᠭᠡᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠬᠤᠷᠢᠨ ᠨᠠᠢᠮᠠᠳᠤᠭᠠᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠵᠠᠭᠤ ᠭᠤᠴᠢᠨ ᠭᠤᠷᠪᠠᠳᠤᠭᠠᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠵᠠᠭᠤ ᠨᠠᠶᠠᠨ ᠭᠤᠷᠪᠠᠳᠤᠭᠠᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠳᠥᠴᠢ ᠶᠢᠰᠦᠳᠦᠭᠡᠷ ᠳᠡᠯᠭᠡᠭᠦᠷ᠂ ᠥᠪᠥᠷ ᠮᠣᠩᠭᠤᠯ ᠤᠨ ᠬᠤᠢ ᠹᠧᠩ ᠬᠢᠲᠠᠳ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠵᠠᠭᠤ ᠪᠥᠭᠡᠳ ᠲᠠᠪᠤᠳᠤᠭᠠᠷ ᠳᠡᠯᠭᠡᠭᠦᠷ᠂ ᠥᠪᠥᠷ ᠮᠣᠩᠭᠤᠯ ᠤᠨ ᠰᠠᠶᠢᠨ ᠪᠠᠶᠢᠨᠤ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠬᠤᠷᠢᠨ ᠲᠠᠪᠤᠳᠤᠭᠠᠷ ᠳᠡᠯᠭᠡᠭᠦᠷ᠂ ᠬᠥᠬᠡᠬᠤᠲᠠ ᠶᠢᠨ ᠵᠢᠩ ᠶᠤᠸᠠᠨ ᠶᠡᠭᠡ ᠡᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠠᠢ ᠳ᠋ᠠ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠭᠤᠴᠢᠨ ᠳᠥᠷᠪᠡᠳᠦᠭᠡᠷ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠸᠠᠩ ᠶᠠᠩ ᠬᠤᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠣᠩᠭᠤᠯ ᠲᠠᠢ ᠳ᠋ᠠ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠬᠤᠷᠢᠨ ᠲᠠᠪᠤᠳᠤᠭᠠᠷ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠹᠦ᠋ ᠯᠢ ᠶᠡᠭᠡ ᠡᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ᠂ ᠬᠤᠲᠣᠩ ᠠᠷᠠᠳ ᠤᠨ ᠲᠣᠭᠤᠷᠢᠭ ᠤᠨ ᠳ᠋ᠠ ᠰᠢ ᠳ᠋ᠢ ᠴᠢᠩ ᠰᠦᠩ ᠶᠡᠭᠡ ᠡᠮ ᠤᠨ ᠳᠡᠯᠭᠡᠭᠦᠷ᠃  ᠳᠥᠷᠪᠡ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠳ ᠬᠢᠨᠠᠨ ᠰᠢᠯᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠦᠨᠳᠦᠰᠦᠯᠡᠨ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃  ︵ᠬᠤᠶᠠᠷ︶ ᠵᠥᠪᠳᠡᠯᠴᠡᠬᠡᠷ ᠢ ᠴᠢᠩᠭ᠎ᠠ ᠭᠦᠢᠴᠡᠳᠬᠡᠵᠦ᠂ ᠳᠣᠲᠣᠭᠠᠳᠤ ᠬᠠᠮᠢᠶᠠᠷᠤᠯᠲᠠ ᠪᠠᠨ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠮ ᠤᠨ ᠵᠦᠢᠯ ᠢ ᠰᠦᠯᠪᠡᠭᠡᠯᠡᠨ ᠰᠣᠯᠢᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃  ︵ᠭᠤᠷᠪᠠ︶ ᠡᠭᠦᠳᠡᠨ ᠡᠮᠨᠡᠯᠭᠡ ᠶᠢᠨ ᠣᠨᠴᠠᠭᠠᠢ ᠠᠷᠬᠠᠭ ᠡᠪᠡᠳᠴᠢᠨ ᠳᠤ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ ᠤᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠡᠮ ᠤᠨ ᠵᠦᠢᠯ ᠤᠨ ᠭᠠᠷᠴᠠᠭ ᠢᠶᠠᠨ ᠴᠠᠭ ᠲᠤᠬᠠᠶ ᠳᠤᠨᠢ ᠰᠢᠨᠡᠳᠬᠡᠵᠦ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠡᠮ ᠬᠠᠩᠭᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃  ︵ᠳᠥᠷᠪᠡ︶ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠪᠠ ᠤᠬᠠᠭᠤᠯᠭ᠎ᠠ ᠶᠢ ᠴᠢᠩᠭᠠᠳᠬᠠᠵᠤ᠂ ᠠᠵᠢᠯᠲᠠᠳ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠵᠥᠪ ᠲᠠᠯ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃  ᠳᠠᠭᠠᠯᠳᠤᠭᠤᠯᠤᠯ᠄ ᠬᠢᠷᠢ ᠲᠡᠩᠴᠡᠭᠰᠡᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠨᠡᠷᠡᠰ           ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠣᠠ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠦᠪ      2023 ᠣᠨ ᠤ 12 ᠳ᠋ᠤᠭᠠᠷ ᠰᠠᠷ᠎ᠠ ᠶᠢᠨ 8 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号