ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠭᠠᠶᠢᠯᠢ ᠶᠢᠨ ᠶᠠᠪᠤᠳᠠᠯ ᠤᠨ ᠲᠠᠲᠠᠪᠤᠷᠢᠯᠠᠨ ᠲᠤᠰᠢᠶᠠᠬᠤ ᠰᠢᠰᠲ᠋ᠧᠮ ᠢ ᠲᠠᠰ ᠳᠡᠪᠰᠢᠭᠦᠯᠦᠨ ᠬᠠᠮᠠᠭᠠᠯᠠᠬᠤ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2023/12/28
ᠬᠦᠨᠳᠦᠲᠦ ᠳᠠᠭᠠᠳᠬᠠᠯ ᠳᠤ ᠣᠷᠣᠯᠴᠠᠭᠰᠠᠨ ᠰᠦᠢᠳᠬᠡᠯ ᠲᠤᠰᠢᠶᠠᠭᠴᠢ ᠳᠤ᠄  ᠨᠡᠶᠢᠭᠡᠮ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠨᠠᠩ ᠰᠠᠶᠢᠨ ᠦᠢᠯᠡᠴᠢᠯᠡᠭᠡ ᠶᠢ ᠬᠠᠩᠭᠠᠬᠤ ᠶᠢᠨ ᠲᠤᠰᠠᠳᠠ᠂ ᠮᠠᠨ ᠤ ᠣᠷᠣᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠠᠲᠠᠪᠤᠷᠢᠯᠠᠨ ᠲᠤᠰᠢᠶᠠᠬᠤ ᠭᠠᠶᠢᠯᠢ ᠶᠢᠨ ᠶᠠᠪᠤᠳᠠᠯ ᠤᠨ ᠰᠢᠰᠲ᠋ᠧᠮ ᠢ ᠲᠠᠰ ᠳᠡᠪᠰᠢᠭᠦᠯᠦᠨ ᠬᠠᠮᠠᠭᠠᠯᠠᠬᠤ ᠠᠵᠢᠯ ᠢ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ ᠬᠤᠯᠪᠤᠭᠳᠠᠯ ᠪᠥᠬᠦᠶ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠤᠨ 00᠄ 00 ᠴᠠᠭ ᠠᠴᠠ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠭᠠᠶᠢᠯᠢ ᠶᠢᠨ ᠶᠠᠪᠤᠳᠠᠯ ᠤᠨ ᠲᠠᠲᠠᠪᠤᠷᠢᠯᠠᠨ ᠲᠤᠰᠢᠶᠠᠬᠤ ᠰᠢᠰᠲ᠋ᠧᠮ ᠢ ᠲᠠᠰ ᠳᠡᠪᠰᠢᠭᠦᠯᠦᠨ ᠬᠠᠮᠠᠭᠠᠯᠠᠬᠤ ᠪᠠᠷ ᠲᠣᠭᠲᠠᠪᠠ᠃ ᠡᠳᠦᠭᠡ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠭᠠᠶᠢᠯᠢ ᠶᠢᠨ ᠶᠠᠪᠤᠳᠠᠯ ᠤᠨ ᠲᠠᠲᠠᠪᠤᠷᠢᠯᠠᠨ ᠲᠤᠰᠢᠶᠠᠬᠤ ᠰᠢᠰᠲ᠋ᠧᠮ ᠢ ᠲᠠᠰ ᠳᠡᠪᠰᠢᠭᠦᠯᠦᠨ ᠬᠠᠮᠠᠭᠠᠯᠠᠬᠤ ᠬᠤᠭᠤᠴᠠᠭᠠᠨ ᠳᠤ᠂ ᠨᠡᠶᠢᠭᠡᠮ ᠤᠨ ᠳᠠᠭᠠᠳᠬᠠᠯ ᠤᠨ ᠵᠠᠷᠤᠳᠠᠯ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠶᠢ ᠬᠢᠨᠠᠨ ᠲᠣᠭᠲᠠᠭᠠᠬᠤ᠂ ᠭᠤᠶᠤᠴᠢᠯᠠᠨ ᠮᠡᠳᠡᠭᠦᠯᠬᠦ ᠳᠤ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃ ᠰᠢᠰᠲ᠋ᠧᠮ ᠤᠨ ᠲᠠᠰ ᠳᠡᠪᠰᠢᠭᠦᠯᠵᠦ ᠬᠠᠮᠠᠭᠠᠯᠠᠬᠤ ᠬᠤᠭᠤᠴᠠᠭᠠᠨ ᠳᠤ ᠡᠮ ᠤᠨ ᠳᠡᠯᠭᠡᠭᠦᠷ ᠤᠨ ᠡᠮ ᠬᠤᠳᠠᠯᠳᠤᠨ ᠠᠪᠴᠤ ᠲᠠᠩᠰᠠ ᠴᠠᠶᠢᠷᠠᠭᠤᠯᠬᠤ᠂ ᠡᠭᠦᠳᠡᠨ ᠡᠮᠨᠡᠯᠭᠡ ᠶᠢᠨ ᠵᠠᠷᠤᠳᠠᠯ ᠢ ᠰᠢᠭᠤᠳ ᠳ᠋ᠦᠩᠨᠡᠨ ᠪᠤᠳᠤᠬᠤ᠂ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠨᠥᠯᠥᠭᠡᠯᠡᠬᠦ ᠥᠬᠡᠶ᠃  ᠬᠤᠶᠠᠷ᠂ 2024 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ ᠤᠨ 00᠄ 00 ᠴᠠᠭ ᠠᠴᠠ ᠡᠬᠢᠯᠡᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠠᠳᠠᠪᠤᠷᠢᠯᠠᠨ ᠲᠤᠰᠢᠶᠠᠬᠤ ᠰᠢᠰᠲ᠋ᠧᠮ ᠢ ᠲᠠᠰ ᠳᠡᠪᠰᠢᠭᠦᠯᠦᠨ ᠬᠠᠮᠠᠭᠠᠯᠠᠬᠤ ᠶᠢ ᠭᠦᠢᠴᠡᠳᠭᠡᠭᠡᠳ᠂ ᠪᠥᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠠᠲᠠᠪᠤᠷᠢᠯᠠᠨ ᠲᠤᠰᠢᠶᠠᠬᠤ ᠲᠤᠬᠠᠶᠢᠯᠠᠭᠰᠠᠨ ᠠᠵᠢᠯ ᠢ ᠰᠡᠷᠭᠦᠭᠡᠨ᠎ᠡ᠃  ᠭᠤᠷᠪᠠ᠂ ᠳᠠᠭᠠᠳᠬᠠᠯ ᠳᠤ ᠣᠷᠣᠯᠴᠠᠭᠰᠠᠨ ᠥᠷᠭᠡᠨ ᠣᠯᠠᠨ ᠰᠦᠢᠳᠬᠡᠯ ᠲᠤᠰᠢᠶᠠᠭᠴᠢ ᠴᠠᠭ ᠢᠶᠠᠨ ᠲᠣᠬᠢᠲᠠᠶ ᠲᠣᠬᠢᠷᠠᠭᠤᠯᠵᠤ᠂ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠰᠢᠰᠲ᠋ᠧᠮ ᠤᠨ ᠲᠠᠰ ᠳᠡᠪᠰᠢᠭᠦᠯᠦᠨ ᠬᠠᠮᠠᠭᠠᠯᠠᠬᠤ ᠠᠴᠠ ᠪᠣᠯᠵᠣ ᠨᠥᠯᠥᠭᠡ ᠦᠵᠡᠭᠦᠯᠬᠦ ᠠᠴᠠ ᠵᠠᠶᠢᠯᠠᠰᠬᠢᠬᠤ ᠬᠡᠷᠡᠭᠲᠡᠶ᠃ ᠬᠡᠷᠪᠡ ᠠᠰᠠᠭᠤᠳᠠᠯ ᠲᠠᠢ ᠪᠣᠯ 12366 ᠦᠢᠯᠡᠴᠢᠯᠡᠭᠡᠨ ᠤ ᠬᠠᠯᠠᠮᠰᠢᠯ ᠤᠲᠠᠰᠤ ᠳᠤ ᠤᠲᠠᠰᠤᠳᠠᠬᠤ᠂ ᠡᠰᠡᠬᠦᠯ᠎ᠡ ᠲᠤᠬᠠᠶ ᠶᠢᠨ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ᠂ ᠨᠡᠶᠢᠭᠡᠮ ᠤᠨ ᠳᠠᠭᠠᠳᠬᠠᠯ ᠤᠨ ᠰᠠᠯᠠᠭ᠎ᠠ ᠮᠥᠴᠢᠷ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ ᠪᠣᠯᠤᠨ᠎ᠠ᠃  ᠰᠢᠰᠲ᠋ᠧᠮ ᠤᠨ ᠲᠡᠰ ᠳᠡᠪᠰᠢᠭᠦᠯᠬᠦ ᠬᠠᠮᠠᠭᠠᠯᠠᠯᠲᠠ ᠨᠢ ᠲᠠᠨ ᠳᠤ ᠳᠥᠭᠦᠮ ᠦᠭᠡᠢ ᠪᠣᠯᠭᠠᠭᠰᠠᠨ ᠳᠤ ᠠᠭᠤᠴᠢᠯᠠᠭᠠᠷᠠᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃            ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ ᠶᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ         ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                 2023 ᠣᠨ ᠤ 12 ᠳ᠋ᠤᠭᠠᠷ ᠰᠠᠷ᠎ᠠ ᠶᠢᠨ 22 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号