ᠲᠦᠩᠯᠢᠶᠣᠣ᠄ ︽ᠳᠤᠮᠳᠠᠳᠤ ᠤᠯᠤᠰ ᠤᠨ ᠮᠣᠩᠭᠤᠯ ᠡᠮ ᠡᠮᠨᠡᠯᠭᠡ ᠶᠢᠨ ᠬᠤᠲᠠ︾ ᠭᠡᠳᠡᠭ ᠨᠡᠷ᠎ᠡ ᠶᠢ ᠤᠯᠠᠮ ᠴᠤᠤᠷᠢᠶᠠᠲᠤᠭᠤᠯᠤᠨ᠎ᠠ
ᠨᠡᠶᠢᠲᠡᠯᠡᠭᠰᠡᠨ ᠴᠠᠭ᠄
2023/12/8
  ᠮᠣᠩᠭᠤᠯ ᠡᠮ ᠡᠮᠨᠡᠯᠭᠡ ᠶᠢᠨ ᠴᠢᠬᠤᠯᠠ ᠭᠤᠯᠣᠮᠲᠠ ᠪᠣᠯᠤᠭᠰᠠᠨ ᠤ ᠬᠤᠪᠢ ᠳᠤ ᠂ ᠲᠦᠩᠯᠢᠶᠣᠣ ᠬᠤᠳᠠ ᠬᠢᠲᠠᠳ ᠮᠣᠩᠭᠤᠯ ᠡᠮ ᠤᠨ ᠡᠪᠡᠰᠦ ᠶᠢ ᠳᠠᠷᠢᠵᠤ ᠬᠡᠷᠡᠭᠯᠡᠭᠰᠡᠨ ᠤᠷᠲᠤ ᠤᠳᠠᠭᠠᠨ ᠲᠡᠦᠬᠡ ᠲᠠᠢ ᠂ ᠪᠦᠬᠦ ᠤᠯᠤᠰ ᠤᠨ 50% ᠠᠴᠠ ᠳᠡᠭᠡᠭᠰᠢᠬᠢ ᠮᠣᠩᠭᠤᠯ ᠪᠡᠯᠡᠨ ᠡᠮ ᠲᠦᠩᠯᠢᠶᠣᠣ ᠠᠴᠠ ᠭᠠᠷᠤᠯᠲᠠ ᠲᠠᠢ ᠪᠠᠶᠢᠵᠤ ᠂ 2016 ᠣᠨ ᠳᠤ ᠳᠤᠮᠳᠠᠳᠤ ᠤᠯᠤᠰ ᠤᠨ ᠮᠣᠩᠭᠤᠯ ᠰᠤᠳᠤᠯᠤᠯ ᠤᠨ ᠨᠡᠶᠢᠭᠡᠮᠯᠢᠭ ᠲᠤ ︽ ᠳᠤᠮᠳᠠᠳᠤ ᠤᠯᠤᠰ ᠤᠨ ᠮᠣᠩᠭᠤᠯ ᠡᠮ ᠡᠮᠨᠡᠯᠭᠡ ᠶᠢᠨ ᠬᠤᠳᠠ ︾ ᠭᠡᠵᠦ ᠨᠡᠷᠡᠶᠢᠳᠦᠭᠳᠡᠵᠡᠢ ᠃ ᠲᠦᠩᠯᠢᠶᠣᠣ ᠬᠤᠲᠠ ᠳᠤᠮᠳᠠ ᠥᠷᠭᠡᠷᠢᠭ ᠲᠤ ᠣᠷᠣᠰᠢᠵᠤ᠂ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠲᠠᠢ᠂ ᠳᠥᠷᠪᠡᠨ ᠤᠯᠠᠷᠢᠯ ᠢᠯᠡ ᠲᠣᠳᠣ ᠨᠡᠷᠡᠨ ᠤ ᠲᠤᠰᠤᠯᠲᠠ ᠭᠦᠢᠴᠡᠳ ᠂ ᠬᠤᠨᠴᠢᠷ᠂ ᠰᠢᠬᠢᠷ ᠡᠪᠡᠰᠦ᠂ ᠳᠣᠭᠤᠯ ᠡᠪᠡᠰᠦ ᠂ ᠱᠦᠭᠦᠷᠭᠡᠨ᠎ᠡ᠂ ᠴᠢᠨ᠋ᠸ᠎ᠠ ᠶᠢᠨ ᠬᠠᠯᠲᠠᠷ ᠵᠡᠷᠭᠡ ᠣᠯᠠᠨ ᠵᠦᠢᠯ ᠤᠨ ᠴᠢᠨᠠᠷ ᠰᠠᠶᠢᠲᠠᠢ ᠬᠤᠪᠣᠷ ᠴᠤᠬᠠᠭ ᠡᠮ ᠤᠨ ᠡᠪᠡᠰᠦᠨ ᠤ ᠤᠷᠭᠤᠯᠲᠠ ᠳᠤ ᠲᠣᠬᠢᠷᠠᠨ᠎ᠠ᠃ ᠪᠥᠬᠦ ᠬᠤᠲᠠ ᠳᠤ ᠨᠡᠶᠢᠲᠡ 500 ᠭᠠᠷᠤᠢ ᠵᠦᠢᠯ ᠤᠨ ᠡᠮ ᠤᠨ ᠡᠪᠡᠰᠦ ᠪᠠᠶᠢᠵᠤ ᠂ ᠮᠣᠩᠭᠤᠯ ᠡᠮ ᠤᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠃ ᠨᠠᠢᠮᠠᠨ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠡᠷᠭᠡ ᠮᠣᠩᠭᠤᠯ ᠬᠢᠲᠠᠳ ᠡᠮ ᠤᠨ ᠡᠪᠡᠰᠦᠨ ᠤ ᠭᠤᠣᠯ ᠭᠠᠷᠤᠯᠲᠠ ᠶᠢᠨ ᠣᠷᠣᠨ ᠢᠶᠠᠷ ᠭᠤᠣᠯᠳᠠᠯᠭ᠎ᠠ ᠪᠣᠯᠭᠠᠨ᠂ ᠵᠠᠭᠤᠨ ᠲᠦᠮᠡᠨ ᠮᠦ ᠡᠮ ᠤᠨ ᠡᠪᠡᠰᠦᠨ ᠤ ᠰᠠᠭᠤᠷᠢᠨ ᠢ ᠲᠣᠬᠢᠷᠠᠭᠤᠯᠵᠤ ᠂ ᠡᠮ ᠤᠨ ᠡᠪᠡᠰᠦ ᠳᠠᠷᠢᠬᠤ ᠬᠡᠪᠴᠢᠶ᠎ᠡ ᠶᠢ ᠠᠩᠬ᠎ᠠ ᠠᠯᠬᠤᠮ ᠪᠦᠷᠢᠯᠳᠦᠭᠦᠯᠪᠡ᠃  ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠪᠣᠯ ᠲᠦᠩᠯᠢᠶᠣᠣ ᠬᠤᠲᠠ ᠶᠢᠨ ᠣᠨᠴᠠᠯᠢᠭᠲᠤ ᠠᠵᠤ ᠦᠢᠯᠡᠰ ᠤᠳ ᠤᠨ ᠨᠢᠭᠡ ᠨᠢ ᠪᠠᠶᠢᠵᠤ ᠂ 2022 ᠣᠨ ᠳᠤ ᠪᠥᠬᠦ ᠠᠵᠤ ᠦᠢᠯᠡᠰ ᠤᠨ ᠬᠡᠯᠬᠢᠶᠡᠨ ᠳᠤ 45 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠬᠢᠲᠠᠳ          ︵ᠮᠣᠩᠭᠤᠯ︶ ᠡᠮ ᠤᠨ ᠡᠪᠡᠰᠦ ᠲᠠᠷᠢᠭᠰᠠᠨ ᠲᠠᠯᠠᠪᠠᠶ 55.8 ᠲᠦᠮᠡᠨ ᠮᠦ᠂ 5.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠬᠢᠲᠠᠳ ︵ᠮᠣᠩᠭᠤᠯ︶ ᠡᠮ ᠦᠢᠯᠡᠳᠬᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠢ 16.86 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠤᠷᠪᠠᠳᠤᠭᠠᠷ ᠠᠵᠤ ᠦᠢᠯᠡᠰ ᠲᠤ 23.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠣᠳᠣᠬᠢᠴᠢᠯᠠᠯᠲᠠ ᠶᠢ ᠪᠡᠶᠡᠯᠡᠭᠦᠯᠦᠭᠡᠳ ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠦᠨᠳᠦᠰᠦᠨ ᠳᠤ ᠪᠠᠨ ᠪᠦᠷᠢᠯᠳᠦᠭᠦᠯᠪᠡ ᠃  ᠣᠶᠢᠷ᠎ᠠ ᠶᠢᠨ ᠵᠢᠯ ᠤᠳ ᠲᠤ᠂ ᠲᠦᠩᠯᠢᠶᠣᠣ ᠬᠤᠲᠠ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠭᠠᠷᠭᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠬᠥᠭᠵᠢᠯᠲᠡ ᠶᠢᠨ ᠰᠢᠢᠳᠪᠦᠷᠢᠯᠡᠭᠦᠰᠢᠲᠡᠢ ᠬᠦᠴᠢᠷᠳᠡᠯ ᠪᠠ ᠪᠠᠭᠤᠷᠠᠢ ᠭᠤᠭᠴᠤᠭ᠎ᠠ ᠶᠢ ᠬᠦᠴᠦᠯᠡᠨ ᠰᠢᠢᠳᠪᠦᠷᠢᠯᠡᠵᠦ᠂ ᠳᠤᠲᠠᠭᠳᠠᠯ ᠢᠶᠠᠨ ᠨᠥᠬᠦᠪᠦᠷᠢᠯᠡᠨ ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠵᠤ ᠂ ᠬᠢᠲᠠᠳ ᠡᠮ ᠡᠮᠨᠡᠯᠭᠡ ︵ᠮᠣᠩᠭᠤᠯ ᠡᠮ       ᠡᠮᠨᠡᠯᠭᠡ︶ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠣᠲᠣ ᠤᠯᠤᠰ ︵ᠶᠠᠮᠤᠨ ᠵᠥᠪᠯᠡᠯ ︶ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠬᠤᠶᠠᠷ ᠂ ᠪᠥᠬᠦ ᠤᠯᠤᠰ ᠤᠨ ᠬᠠᠮᠤᠭ ᠤᠨ ᠲᠣᠮᠣ ᠮᠣᠩᠭᠤᠯ ᠡᠮ ᠡᠮᠨᠡᠯᠭᠡ ᠶᠢᠨ ᠰᠤᠷᠭᠠᠯᠲᠠ ᠶᠢᠨ ᠰᠠᠭᠤᠷᠢᠨ ᠂ ᠪᠥᠬᠦ ᠤᠯᠤᠰ ᠲᠠᠬᠢ ᠴᠣᠷ ᠤᠨ ᠭᠠᠭᠴᠠ ᠮᠣᠩᠭᠤᠯ ᠡᠮ ᠤᠨ ᠤᠬᠠᠭᠠᠨ ᠤ ᠳ᠋ᠣᠺᠲ᠋ᠣᠷᠠᠨᠲ ᠤᠨ ᠴᠡᠭ ᠲᠠᠢ ᠪᠠᠶᠢᠵᠤ ᠂ ᠴᠢᠨᠠᠷ ᠰᠠᠶᠢᠲᠠᠢ ᠡᠮ ᠤᠨ ᠡᠪᠡᠰᠦ ᠳᠠᠷᠢᠬᠤ ᠲᠠᠯᠠᠪᠠᠶ ᠨᠢ 50 ᠲᠦᠮᠨ ᠭᠠᠷᠤᠢ ᠮᠦ ᠳᠤ ᠬᠦᠷᠴᠡᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号