ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ᠂ | ᠡᠯ᠎ᠡ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ᠄ | ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ | ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ︶ ᠪᠠ ︽ᠠᠵᠢᠯᠲᠠᠨ ᠠᠵᠢᠯᠴᠢᠨ ᠤ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠪᠤᠭᠤᠲᠤ ᠬᠤᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ | ᠪᠤᠭᠤᠳᠦ ᠤᠷᠳᠤᠨ ᠠᠯᠪᠠᠨ ᠲᠠᠷᠬᠠᠭᠠᠭᠰᠠᠨ ﹇2022﹈ 99 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ | ᠦᠨᠳᠦᠰᠦᠯᠡᠨ᠂ ᠪᠦᠬᠦ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠩ ᠤᠨ | ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠳᠦᠷ ᠬᠢᠵᠦ᠂ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ | ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠦᠢᠯᠡᠴᠢᠯᠡᠭᠡ ᠶᠢ ᠵᠡᠭᠡᠯᠢ ᠭᠤᠳᠤᠮᠵᠢ ︵ᠰᠢᠶᠠᠩ ᠪᠠᠯᠭᠠᠰᠤ︶᠂ | ᠨᠡᠶᠢᠭᠡᠮ ᠲᠣᠭᠤᠷᠢᠭ ᠵᠦᠭ ᠤᠯᠠᠮ ᠨᠢᠭᠡ ᠠᠯᠬᠤᠮ ᠥᠷᠭᠡᠳᠬᠡᠵᠦ᠂ ᠳᠠᠭᠠᠳᠬᠠᠯ ᠳᠤ ᠣᠷᠣᠯᠴᠠᠭᠰᠠᠨ ᠣᠯᠠᠨ | ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠨᠠᠩ ᠲᠥᠬᠦᠮ ᠪᠤᠯᠭᠠᠬᠤ ᠶᠢᠨ ᠲᠦᠯᠦᠭᠡ᠂ | ᠪᠥᠬᠦ ᠬᠤᠲᠠ ᠶᠢᠨ ᠨᠢᠭᠡᠳᠦᠭᠡᠷ ᠱᠠᠲᠤᠨ ᠠᠴᠠ ᠳᠡᠭᠡᠭᠰᠢᠬᠢ ᠴᠡᠭ ᠲᠤᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠳᠣᠲᠣᠷᠠᠬᠢ ᠲᠦᠷᠦᠭᠦᠸ ᠪᠦᠯᠦᠭ ᠤᠨ ᠲᠤᠷᠰᠢᠯᠲᠠ ᠳᠤ ᠣᠷᠣᠭᠤᠯᠤᠭᠰᠠᠨ ᠦᠭᠡᠢ ᠵᠢᠴᠢ ᠤᠯᠤᠰ ᠤᠨ ᠦᠨᠳᠦᠰᠦᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠡᠭᠦᠷᠭᠡᠯᠡᠭᠰᠡᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠥᠷᠲᠡᠭᠡ ᠪᠠ ᠰᠢᠶᠠᠩ ᠪᠠᠯᠭᠠᠰᠤ ︵ᠰᠤᠮᠤ︶ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ 190 ᠶᠢ ᠡᠩ ᠤᠨ | ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠤᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠤᠷᠤᠭᠤᠯᠤᠨ᠎ᠠ᠃ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠬᠦᠴᠦᠨ ᠪᠦᠬᠦᠢ ᠡᠮᠴᠢᠯᠡᠭᠡᠨ ᠤ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠡᠭᠦᠳᠡᠨ | ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠣᠶᠢᠷ᠎ᠠ | ᠬᠠᠪᠢ ᠳᠠᠭᠠᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ᠂ ᠡᠭᠦᠳᠡᠨ ᠡᠮᠨᠡᠯᠭᠡ ᠶᠢᠨ ᠨᠢᠭᠡᠳᠦᠯᠲᠡᠢ | ᠲᠥᠯᠥᠪᠯᠡᠬᠦ ᠬᠠᠷᠠᠭᠠᠯᠵᠠᠯ ᠢ ᠬᠦᠷᠲᠡᠵᠦ ᠪᠣᠯᠣᠨ᠎ᠠ᠃ ︽ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠢ ᠡᠭᠦᠳᠡᠨ ᠡᠮᠨᠡᠯᠭᠡ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠤᠯᠠᠮ ᠨᠢᠭᠡ ᠠᠯᠬᠤᠮ | ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ | ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠨᠥᠬᠦᠴᠡᠯ ᠳᠤ ᠨᠡᠶᠢᠴᠡᠬᠦ ᠪᠤᠰᠤᠳ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ | ᠲᠥᠯᠥᠪᠯᠡᠬᠦ ᠴᠡᠭ ᠲᠣᠭᠲᠠᠭᠠᠭᠰᠠᠨ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠵᠤ᠂ ᠳᠠᠭᠠᠳᠬᠠᠯ ᠳᠤ | ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠤᠯᠠᠮ ᠨᠢᠭᠡ ᠠᠯᠬᠤᠮ | ᠲᠥᠬᠦᠮ ᠦᠵᠡᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠨᠢ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ | ︵ᠨᠢᠭᠡ︶ ᠮᠠᠨ ᠤ ᠬᠤᠲᠠ ᠶᠢᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠠᠪᠴᠠᠩ ᠤᠨ ᠭᠤᠣᠯᠯᠠᠬᠤ ᠲᠤᠬᠠᠶᠢᠯᠠᠭᠰᠠᠨ | ᠠᠵᠢᠯ ᠤᠨ ᠲᠣᠭᠤᠷᠢᠭ ᠤᠨ ᠭᠤᠣᠯᠯᠠᠭᠴᠢ ᠰᠦᠯᠵᠢᠶᠡᠨ ᠳᠤ ᠠᠮᠤᠷ ᠲᠦᠪᠰᠢᠨ ᠢᠶᠠᠷ ᠵᠠᠯᠭᠠᠨ ᠣᠷᠣᠭᠤᠯᠬᠤ | ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ | ᠵᠠᠩᠭᠢ ᠶᠢᠨ ᠲᠠᠪᠴᠠᠩ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠠᠯᠭᠠᠭᠠᠰᠤ ᠶᠢᠨ | ᠵᠢᠷᠤᠮᠵᠢᠯ︾᠂ ︽ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠬᠡᠷᠡᠭᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠮᠡᠳᠡᠭᠳᠡᠯ︾ ᠶᠢᠨ | ᠱᠠᠭᠠᠷᠳᠠᠯᠭ᠎ᠠ ᠶᠤᠰᠤᠭᠠᠷ᠂ ᠲᠤᠰᠬᠠᠢ ᠤᠲᠠᠰᠤ ᠪᠤᠶᠤ VPDN ᠵᠡᠷᠭᠡ ᠠᠷᠭ᠎ᠠ ᠮᠠᠶ᠋ᠢᠭ ᠢ ᠬᠡᠷᠡᠭᠯᠡᠨ ᠰᠢᠭᠤᠳ | ᠬᠤᠯᠪᠣᠬᠤ ᠠᠷᠭ᠎ᠠ ᠮᠠᠶ᠋ᠢᠭ ᠢᠶᠠᠷ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ | ᠲᠠᠪᠴᠠᠩ ᠳᠤ ᠵᠠᠯᠭᠠᠨ ᠣᠷᠣᠭᠤᠯᠬᠤ ᠶᠢᠨ ᠬᠠᠮᠲᠤ ᠪᠥᠬᠦ ᠬᠡᠮᠵᠢᠶ᠎ᠡ ᠪᠠᠷ ᠵᠠᠯᠭᠠᠨ ᠥᠭᠡᠷᠡᠴᠢᠯᠡᠬᠦ ᠠᠵᠢᠯ ᠢ | ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠪᠥᠬᠦ ᠶᠠᠪᠤᠴᠠ ᠶᠢᠨ ᠬᠡᠷᠡᠭᠯᠡᠯᠲᠡ | ᠪᠠ ᠡᠯᠧᠺᠲᠷᠣᠨ ᠵᠣᠷ ᠤᠨ ᠡᠷᠭᠢᠯᠲᠡ ᠶᠢ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠭᠰᠠᠨ | ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠡᠭᠡᠭᠰᠢ ᠳᠠᠮᠵᠢᠭᠤᠯᠬᠤ ᠶᠢᠨ ᠬᠠᠮᠲᠤ ᠣᠶᠤᠨᠲᠤ ᠬᠢᠨᠠᠨ ᠡᠵᠡᠮᠳᠡᠬᠦ | ᠰᠢᠰᠲ᠋ᠧᠮ ᠳᠤ ᠵᠠᠯᠭᠠᠨ ᠣᠷᠣᠭᠤᠯᠤᠨ᠎ᠠ᠃ | ︵ᠬᠤᠶᠠᠷ︶ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠡᠮᠴᠢᠯᠡᠭᠡᠨ ᠤ ᠳᠠᠭᠠᠳᠬᠠᠯ ᠤᠨ ᠲᠡᠷᠡ ᠳᠠᠷᠤᠢ | ᠳᠤᠨᠢ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ᠪᠠᠷ ᠳᠡᠮᠵᠢᠨ ᠳ᠋ᠦᠩᠨᠡᠨ ᠪᠤᠳᠤᠵᠤ ᠪᠤᠯᠬᠤ᠃ | ︵ᠭᠤᠷᠪᠠ︶ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠦᠢᠯᠡᠳᠦᠭᠰᠡᠨ ᠪᠤᠶᠤ ᠬᠢᠨᠠᠨ | ᠦᠢᠯᠡᠳᠦᠭᠰᠡᠨ ᠰᠦᠢᠳᠬᠡᠯ ᠬᠤᠷᠢᠶᠠᠬᠤ ᠲᠤᠰᠬᠠᠢ ᠬᠡᠷᠡᠭᠯᠡᠭᠡᠨ ᠤ ᠫᠢᠶᠣᠣ ᠪᠠᠷᠢᠮᠲᠠ ᠶᠢ ᠵᠢᠷᠤᠮᠵᠢᠭᠤᠯᠤᠨ ᠬᠡᠷᠡᠭᠯᠡᠵᠦ | ᠪᠤᠯᠬᠤ︔ ᠬᠠᠤᠯᠢ ᠶᠣᠰᠣᠭᠠᠷ ᠲᠠᠩᠰᠠ ᠪᠠᠶᠢᠭᠤᠯᠵᠤ᠂ ᠣᠨᠣᠪᠴᠢᠲᠠᠶ ᠲᠣᠭᠠᠴᠠᠭ᠎ᠠ ᠬᠢᠵᠦ ᠲᠡᠶᠢᠯᠬᠦ᠃ | ︵ᠳᠥᠷᠪᠡ︶ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠳᠣᠲᠣᠷᠠᠬᠢ ᠡᠮ ᠤᠨ ᠵᠦᠢᠯ ᠢ ᠭᠦᠢᠴᠡᠳ | ᠲᠤᠭ᠎ᠠ ᠪᠠᠷ ᠲᠣᠬᠢᠷᠠᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠵᠦ ᠡᠮ ᠬᠤᠳᠠᠯᠳᠤᠨ | ᠠᠪᠬᠤ ᠬᠡᠷᠡᠭᠴᠡᠭᠡ ᠱᠠᠭᠠᠷᠳᠠᠯᠭ᠎ᠠ ᠶᠢ ᠪᠠᠳᠤᠯᠠᠵᠦ ᠲᠡᠶᠢᠯᠬᠦ︔ ᠡᠯᠧᠺᠲᠷᠣᠨ ᠢᠶᠠᠷ ᠮᠥᠷᠳᠡᠵᠦ ᠪᠣᠯᠬᠤ ᠰᠢᠰᠲ᠋ᠧᠮ ᠢ | ᠲᠣᠬᠢᠷᠠᠭᠤᠯᠵᠤ᠂ ᠬᠡᠷᠡᠭᠯᠡᠬᠦ ᠪᠠ ᠪᠣᠷᠣᠯᠠᠭᠤᠯᠬᠤ ᠡᠮ ᠤᠨ ᠵᠦᠢᠯ ᠳᠤ ᠴᠥᠮ ᠡᠯᠧᠺᠲᠷᠣᠨ ᠢᠶᠠᠷ ᠮᠥᠷᠳᠡᠵᠦ ᠪᠣᠯᠬᠤ ᠶᠢ | ᠪᠡᠶᠡᠯᠡᠭᠦᠯᠦᠭᠰᠡᠨ᠃ | ︵ᠲᠠᠪᠤ︶ ᠡᠮ ᠤᠨ ᠵᠦᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ | ᠬᠦᠷᠭᠡᠬᠦ ᠶᠢ ᠳᠡᠩᠰᠡᠯᠡᠨ ᠬᠠᠮᠢᠶᠠᠷᠬᠤ ᠳᠦᠷᠢᠮ ᠢ ᠪᠠᠶᠢᠭᠤᠯᠵᠤ᠂ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ᠂ | ᠲᠣᠬᠢᠷᠠᠭᠤᠯᠤᠨ ᠬᠦᠷᠭᠡᠬᠦ ᠨᠠᠷᠢᠨ ᠬᠠᠭᠤᠳᠠᠰᠤ᠂ ᠲᠣᠬᠢᠷᠠᠭᠤᠯᠤᠨ ᠬᠦᠷᠭᠡᠬᠦ ᠭᠡᠷᠡᠴᠢ ᠪᠠᠷᠢᠮᠲᠠ᠂ ᠲᠣᠬᠢᠷᠠᠭᠤᠯᠤᠨ | ᠬᠦᠷᠭᠡᠬᠦ ᠴᠠᠭ ᠬᠤᠭᠤᠴᠠᠭ᠎ᠠ ᠵᠡᠷᠭᠡ ᠠᠭᠤᠯᠭ᠎ᠠ ᠶᠢ ᠪᠠᠭᠲᠠᠭᠠᠵᠤ᠂ ᠪᠠᠶᠢᠴᠠᠭᠠᠨ ᠯᠠᠪᠯᠠᠵᠤ ᠪᠣᠯᠬᠤ᠂ ᠨᠡᠬᠡᠮᠵᠢᠯᠡᠵᠦ | ᠪᠣᠯᠬᠤ ᠶᠢ ᠦᠨᠡᠨᠬᠦ ᠪᠠᠳᠤᠯᠠᠬᠤ︔ ᠪᠦᠷᠢᠨ ᠪᠦᠲᠦᠨ ᠡᠮ ᠤᠨ ᠵᠦᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠡᠬᠡ ᠲᠠᠩᠰᠠ ᠶᠢ ᠪᠠᠶᠢᠭᠤᠯᠵᠤ᠂ ᠪᠣᠶ ᠪᠦᠬᠦᠢ | ᠡᠮ ᠤᠨ ᠵᠦᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠣᠷᠣᠭᠤᠯᠬᠤ᠂ | ᠪᠣᠷᠣᠯᠠᠭᠤᠯᠬᠤ ᠨᠠᠷᠢᠨ ᠵᠦᠢᠯᠡᠰ ᠢ ᠴᠥᠮ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ ᠳᠤ ᠦᠨᠡᠨ ᠪᠣᠳᠠᠲᠠᠢ ᠪᠠᠷ ᠪᠢᠴᠢᠵᠦ ᠤᠷᠤᠭᠤᠯᠤᠭᠰᠠᠨ︔ ᠡᠮ ᠤᠨ ᠵᠦᠢᠯ ᠪᠠ | ᠬᠤᠷᠣᠭᠳᠠᠯ ᠮᠠᠲ᠋ᠧᠷᠢᠶᠠᠯ ᠢ ᠲᠣᠭᠲᠠᠭᠠᠯ ᠶᠣᠰᠣᠭᠠᠷ ᠬᠡᠷᠡᠭᠯᠡᠭᠰᠡᠨ᠃ | ︵ᠵᠢᠷᠭᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ | ᠲᠥᠷᠥᠯ ᠵᠦᠢᠯ ᠤᠨ ᠵᠢᠷᠤᠮᠵᠢᠯ ᠪᠠ ᠦᠨ᠎ᠡ ᠬᠠᠩᠰᠢ︾ ᠶᠢᠨ ᠪᠠᠷᠢᠮᠵᠢᠶ᠎ᠠ ᠶᠣᠰᠣᠭᠠᠷ ᠰᠦᠢᠳᠬᠡᠯ ᠬᠤᠷᠢᠶᠠᠬᠤ᠃ | ︵ᠳᠣᠯᠤᠭ᠎ᠠ︶ 24 ᠴᠠᠭ ᠤᠨ ᠸᠢᠳᠢᠤ᠋ ᠬᠢᠨᠠᠨ ᠡᠵᠡᠮᠳᠡᠬᠦ ᠶᠢ ᠲᠤᠬᠢᠷᠠᠭᠤᠯᠤᠭᠰᠠᠨ᠃ | ᠬᠤᠶᠠᠷ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠳᠤᠯᠠᠭ᠎ᠠ ᠶᠢᠨ ᠭᠠᠷᠲᠠᠨ ᠭᠦᠢᠴᠡᠳᠬᠡᠬᠦ | ᠪᠠᠶᠢᠭᠤᠯᠤᠮᠵᠢ ᠵᠢᠴᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠳ ᠤᠨ ᠲᠥᠷᠥ ᠶᠢᠨ ᠪᠣᠳᠣᠯᠭ᠎ᠠ ᠶᠢ | ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠳᠠᠭᠠᠳᠬᠠᠯ ᠳᠤ ᠣᠷᠣᠯᠴᠠᠭᠰᠠᠳ ᠲᠤ ᠲᠥᠷᠥ ᠶᠢᠨ | ᠪᠣᠳᠣᠯᠭ᠎ᠠ ᠶᠢᠨ ᠵᠢᠯᠣᠭᠤᠳᠤᠯᠭ᠎ᠠ ᠬᠠᠩᠭᠠᠵᠤ᠂ ᠳᠠᠭᠠᠳᠬᠠᠯ ᠳᠤ ᠣᠷᠣᠯᠴᠠᠭᠰᠠᠳ ᠤᠨ ᠴᠠᠭ ᠲᠤᠬᠠᠢ ᠳᠤᠨᠢ ᠬᠠᠮᠢᠶ᠎ᠠ | ᠪᠦᠬᠦᠢ ᠬᠠᠷᠠᠭᠠᠯᠵᠠᠯ ᠭᠥᠷᠳᠡᠬᠦ ᠶᠢ ᠦᠨᠡᠨᠬᠦ ᠪᠠᠲᠤᠯᠠᠵᠤ᠂ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠤ | ᠡᠳ᠋ᠯᠡᠬᠦ ᠶᠣᠰᠣᠲᠠᠢ ᠶᠢ ᠨᠢ ᠪᠦᠬᠦᠨ ᠢ ᠡᠳ᠋ᠯᠡᠬᠦ ᠶᠢ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠳᠦ ᠲᠥᠷᠥᠭᠳᠡᠯ ᠢ ᠨᠡᠮᠡᠭᠳᠡᠭᠦᠯᠦᠨ᠎ᠡ᠃ | ︵ᠬᠤᠶᠠᠷ︶ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠴᠡᠭ ᠲᠣᠭᠲᠠᠭᠠᠭᠰᠠᠨ ᠡᠯ᠎ᠡ | ᠡᠮᠴᠢᠯᠡᠭᠡᠨ ᠤ ᠪᠠᠶᠢᠭᠤᠯᠤᠮᠵᠢ ᠨᠤᠭᠤᠳ ᠨᠥᠬᠦᠴᠡᠯ ᠶᠣᠰᠣᠭᠠᠷ ᠲᠡᠭᠦᠯᠳᠡᠷᠵᠢᠭᠦᠯᠵᠦ᠂ ᠵᠢᠷᠭᠤᠭᠠᠨ ᠰᠠᠷ᠎ᠠ ᠶᠢᠨ | ᠰᠢᠯᠵᠢᠯᠲᠡ ᠶᠢᠨ ᠬᠤᠭᠤᠴᠠᠭ᠎ᠠ ᠲᠠᠢ᠂ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠡᠷᠪᠡ ᠵᠣᠬᠢᠬᠤ | ᠨᠥᠬᠦᠴᠡᠯ ᠳᠤ ᠬᠦᠷᠴᠦ ᠳᠡᠶᠢᠯᠬᠦ ᠦᠭᠡᠢ ᠪᠣᠯ ᠪᠤᠴᠠᠭᠠᠵᠤ ᠭᠠᠷᠭᠠᠨ᠎ᠠ᠃ | ︵ᠭᠤᠷᠪᠠ︶ ᠡᠯ᠎ᠡ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠨᠢ ︽ᠪᠤᠭᠤᠲᠤ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠵᠢᠭᠦᠯᠬᠦ ᠨᠠᠷᠢᠨ ᠳᠦᠷᠢᠮ︾ ᠪᠣᠯᠣᠨ ᠦᠢᠯᠡᠴᠢᠯᠡᠭᠡᠨ ᠤ ᠵᠥᠪᠳᠡᠯᠴᠡᠭᠡᠷ ᠤᠨ ᠲᠣᠭᠲᠠᠭᠠᠯ ᠶᠣᠰᠣᠭᠠᠷ᠂ ᠡᠩ ᠤᠨ | ᠡᠭᠦᠳᠡᠨ ᠡᠮᠨᠡᠯᠭᠡ ᠶᠢᠨ ᠨᠢᠭᠡᠳᠦᠯᠲᠡᠢ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ | ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠵᠦᠢ ᠵᠣᠬᠢᠰᠲᠠᠢ ᠪᠠᠷ ᠪᠠᠶᠢᠴᠠᠭᠠᠵᠤ᠂ | ᠵᠦᠢ ᠵᠣᠬᠢᠰᠲᠠᠢ ᠪᠠᠷ ᠡᠮ ᠬᠡᠷᠡᠭᠯᠡᠨ᠂ ᠵᠦᠢ ᠵᠣᠬᠢᠰᠲᠠᠢ ᠪᠠᠷ ᠡᠮᠨᠡᠨ ᠵᠠᠰᠠᠵᠤ᠂ ᠵᠦᠢ ᠵᠣᠬᠢᠰᠲᠠᠢ ᠪᠠᠷ ᠰᠦᠢᠳᠬᠡᠯ | ᠬᠤᠷᠢᠶᠠᠵᠤ᠂ ᠳᠠᠭᠠᠳᠬᠠᠯ ᠳᠤ ᠣᠷᠣᠯᠴᠠᠭᠰᠠᠳ ᠲᠤ ᠴᠢᠨᠠᠷ ᠰᠠᠶᠢᠲᠠᠢ ᠳᠥᠭᠦᠮ ᠳᠥᠲᠡ ᠥᠨᠳᠥᠷ ᠦᠷ᠎ᠡ | ᠪᠦᠲᠦᠮᠵᠢᠲᠡᠶ ᠦᠢᠯᠡᠴᠢᠯᠡᠭᠡᠨ ᠢ ᠦᠨᠡᠨᠬᠦ ᠬᠠᠩᠭᠠᠬᠤ ᠬᠡᠷᠡᠭᠲᠡᠢ᠃ | ᠳᠠᠭᠠᠯᠳᠤᠭᠤᠯᠤᠯ᠄ ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠰ | ᠪᠤᠭᠤᠲᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠦᠪ | 2023 ᠣᠨ ᠤ 2 ᠳ᠋ᠤᠭᠠᠷ ᠰᠠᠷ᠎ᠠ ᠶᠢᠨ 16 ᠤ ᠡᠳᠦᠷ | |