ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠪᠤᠭᠤᠲᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/2/19
ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠮᠡᠳᠡᠭᠳᠡᠯ   ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠦ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠣᠰᠢᠯᠠᠨ ᠡᠮᠨᠡᠬᠦ ᠵᠦᠢᠯᠡᠰ ᠤᠨ ᠲᠥᠯᠥᠬᠦ ᠬᠡᠪᠴᠢᠶ᠎ᠡ ᠶᠢ ᠤᠯᠠᠮ ᠨᠢᠭᠡ ᠠᠯᠬᠤᠮ ᠵᠦᠢ ᠵᠣᠬᠢᠰᠲᠠᠢ ᠥᠷᠭᠡᠳᠬᠡᠵᠦ᠂ ᠣᠯᠠᠨ ᠲᠦᠮᠡᠨ ᠤ ᠡᠮ ᠬᠡᠷᠡᠭᠯᠡᠬᠦ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃   ᠨᠢᠭᠡ᠂ ᠬᠡᠰᠡᠭ ᠣᠨᠣᠰᠢᠯᠠᠨ ᠡᠮᠨᠡᠬᠦ ᠲᠥᠷᠥᠯ ᠵᠦᠢᠯ ᠤᠨ ᠲᠣᠭᠠᠴᠠᠭ᠎ᠠ ᠬᠢᠬᠦ ᠬᠡᠪᠴᠢᠶ᠎ᠡ ᠶᠢ ᠥᠷᠭᠡᠳᠬᠡᠨ᠎ᠡ   ᠳᠠᠭᠠᠳᠬᠠᠯ ᠳᠤ ᠣᠷᠣᠭᠰᠠᠳ ᠡᠭᠦᠳᠡᠨ ᠡᠮᠨᠡᠯᠭᠡ᠂ ᠡᠮᠨᠡᠯᠭᠡ ᠳᠤ ᠰᠠᠭᠤᠵᠤ ᠡᠮᠨᠡᠭᠦᠯᠬᠦ ᠦᠶ᠎ᠡ ᠳᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠠᠬᠢ 200 ᠲᠥᠭᠦᠷᠢᠭ ᠠᠴᠠ ᠳᠡᠭᠡᠭᠰᠢᠬᠢ ᠬᠥᠬᠡ ᠲᠥᠷᠥᠯ ᠤᠨ ᠪᠠᠶᠢᠴᠠᠭᠠᠯᠲᠠ᠂ ᠴᠢᠰᠦᠨ ᠤ ᠪᠠᠶᠢᠴᠠᠭᠠᠯᠳᠠ᠂ ᠡᠮᠴᠢᠯᠡᠭᠡ ᠵᠡᠷᠭᠡ ᠡᠮᠴᠢᠯᠡᠭᠡᠨ ᠤ ᠦᠢᠯᠡᠴᠢᠯᠡᠭᠡᠨ ᠤ ᠵᠦᠢᠯᠡᠰ ᠤᠨ ᠲᠠᠩᠰᠠ ᠲᠠᠶᠢᠯᠬᠤ ᠳᠤ ᠨᠡᠶᠢᠴᠡᠪᠡᠯ᠂ ᠬᠤᠪᠢ ᠬᠥᠮᠥᠨ ᠥᠪᠡᠷ ᠢᠶᠠᠨ 20% ᠳᠥᠯᠥᠬᠦ ᠲᠣᠭᠲᠠᠭᠠᠯ ᠢ ᠬᠦᠴᠦᠨ ᠦᠭᠡᠢ ᠪᠣᠯᠭᠠᠵᠤ᠂ ᠪᠦᠬᠦᠨ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠤᠨ᠎ᠠ᠃   ᠬᠤᠶᠠᠷ᠂ ︽ᠬᠤᠣᠰ ᠨᠡᠪᠲᠡᠷᠡᠬᠦ ᠵᠠᠮ︾ ᠤᠨ ᠦᠢᠯᠡᠴᠢᠯᠡᠭᠡᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ   ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠠᠷᠠᠳ ᠲᠤ ᠲᠥᠬᠦᠮ ᠦᠵᠡᠭᠦᠯᠬᠦ᠂ ᠵᠤᠯᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠬᠥᠮᠥᠨ ᠤ ᠴᠢᠰᠤ ᠡᠭᠡᠳᠡᠭᠦᠯᠬᠦ ᠹᠠᠺᠲ᠋ᠤᠷ VⅢ  ᠶᠢ ᠮᠠᠨ ᠤ ᠬᠤᠲᠠ ᠶᠢᠨ ︽ᠬᠤᠣᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠡᠮ ᠤᠨ ᠵᠦᠢᠯ ᠤᠨ ᠭᠠᠷᠴᠠᠭ ᠲᠤ ᠣᠷᠣᠭᠤᠯᠤᠨ᠎ᠠ᠃ ᠳᠠᠭᠠᠳᠬᠠᠯ ᠳᠤ ᠣᠷᠣᠭᠰᠠᠳ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠡᠮᠴᠢ ᠶᠢᠨ ᠪᠢᠴᠢᠵᠦ ᠥᠭᠭᠦᠭᠰᠡᠨ ᠭᠠᠳᠠᠷ ᠨᠠᠶᠢᠷᠠᠭᠤᠯᠭ᠎ᠠ ᠶᠢᠨ ᠵᠣᠷ ᠢᠶᠠᠷ ᠢᠶᠠᠨ ︽ᠬᠤᠣᠰ ᠨᠡᠪᠲᠡᠷᠡᠬᠦ ᠵᠠᠮ︾ ᠤᠨ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠴᠤ ᠡᠮ ᠨᠠᠶᠢᠷᠠᠭᠤᠯᠬᠤ ᠪᠠ ᠳ᠋ᠦᠩᠨᠡᠨ ᠪᠤᠳᠤᠬᠤ ᠶᠢ ᠳᠡᠮᠵᠢᠵᠦ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠡᠯᠧᠺᠲᠷᠣᠨ ᠵᠣᠷ ᠤᠨ ᠡᠷᠭᠢᠯᠲᠡ ᠶᠢᠨ ᠬᠠᠮᠢᠶᠠᠷᠤᠯᠲᠠ ᠶᠢᠨ ᠰᠢᠰᠲ᠋ᠧᠮ ᠳᠤ ᠨᠡᠶᠢᠯᠡᠭᠦᠯᠦᠨ ᠣᠷᠣᠭᠤᠯᠤᠨ᠎ᠠ᠃   ᠭᠤᠷᠪᠠ᠂ ᠵᠣᠷ ᠤᠨ ᠬᠠᠮᠢᠶᠠᠷᠤᠯᠲᠠ ᠶᠢᠨ ᠬᠢᠵᠠᠭᠠᠷᠯᠠᠯ ᠢ ᠬᠦᠴᠦᠨ ᠦᠭᠡᠢ ᠪᠤᠯᠭᠠᠨ᠎ᠠ   ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠵᠣᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠵᠦᠢ ᠵᠣᠬᠢᠰᠲᠠᠢ ᠡᠮ ᠬᠡᠷᠡᠭᠯᠡᠬᠦ ᠶᠢ ᠠᠬᠢᠭᠤᠯᠵᠤ᠂ ᠵᠣᠷ ᠤᠨ ᠬᠡᠷᠡᠭᠯᠡᠬᠦ ᠡᠮ ᠤᠨ ᠬᠡᠮᠵᠢᠶ᠎ᠡ ᠵᠢᠴᠢ ᠵᠣᠭᠤᠰ ᠤᠨ ᠲᠤᠭ᠎ᠠ ᠵᠡᠷᠭᠡ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠬᠤ ᠶᠢᠨ ᠲᠤᠰᠠᠳᠠ᠂ ᠴᠡᠭ ᠲᠤᠭᠳᠠᠭᠠᠭᠰᠠᠨ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠡᠮᠴᠢ ᠠᠴᠠ ᠳᠠᠭᠠᠳᠬᠠᠯ ᠳᠤ ᠣᠷᠣᠯᠴᠠᠭᠰᠠᠨ ᠬᠥᠮᠥᠰ ᠤᠨ ᠪᠣᠳᠠᠲᠠᠢ ᠡᠪᠡᠳᠴᠢᠨ ᠤ ᠪᠠᠶᠢᠳᠠᠯ ᠢ ᠦᠨᠳᠦᠰᠦᠯᠡᠨ᠂ ︽ᠮᠡᠷᠭᠡᠵᠢᠯ ᠤᠨ ᠡᠮᠴᠢ ᠶᠢᠨ ᠬᠠᠤᠯᠢ︾᠂ ︽ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾᠂ ︽ᠵᠣᠷ ᠤᠨ ᠬᠠᠮᠢᠶᠠᠷᠤᠯᠲᠠ ᠶᠢᠨ ᠠᠷᠭ᠎ᠠ︾᠂ ︽ᠣᠷᠳᠣ ᠬᠤᠭᠤᠴᠠᠭᠠᠨ ᠤ ᠵᠣᠷ ᠤᠨ ᠬᠠᠮᠢᠶᠠᠷᠤᠯᠲᠠ ᠶᠢᠨ       ᠵᠢᠷᠤᠮᠵᠢᠯ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠷ ᠪᠢᠴᠢᠵᠦ ᠥᠭᠭᠦᠨ᠎ᠡ᠃   ᠲᠤᠰ ᠮᠡᠳᠡᠭᠳᠡᠯ ᠢ ᠳᠣᠷᠣᠭᠰᠢ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠤᠤᠯ ᠤᠨ ᠬᠤᠯᠪᠣᠭᠳᠠᠯ ᠪᠦᠬᠦᠢ ᠲᠣᠭᠲᠠᠭᠠᠯ ᠨᠢ ᠲᠤᠰ ᠮᠡᠳᠡᠭᠳᠡᠯ ᠲᠠᠢ ᠨᠡᠶᠢᠴᠡᠬᠦ ᠦᠭᠡᠢ ᠪᠠᠶᠢᠪᠠᠯ ᠲᠤᠰ ᠲᠤᠭᠳᠠᠭᠠᠯ ᠶᠣᠰᠣᠭᠠᠷ ᠭᠦᠢᠴᠡᠳᠬᠡᠨ᠎ᠡ᠃            ᠪᠤᠭᠤᠲᠤ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ              2023 ᠣᠨ ᠤ 2 ᠳ᠋ᠤᠭᠠᠷ ᠰᠠᠷ᠎ᠠ ᠶᠢᠨ 18 ᠤ ᠡᠳᠦᠷ 
 
ᠢᠷᠡᠯᠲᠡ᠄ ᠪᠤᠭᠤᠲᠤ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号