2022 ᠣᠨ ᠤ ᠤᠯᠤᠰ ᠤᠨ ᠬᠡᠯᠡᠯᠴᠡᠭᠡᠷ ᠤᠨ ᠪᠠ ᠦᠨ᠎ᠡ ᠬᠠᠶᠠᠯᠴᠠᠬᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠣᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/20
ᠥᠪᠥᠷ ᠡᠮ ᠬᠤᠳᠠᠯᠳᠤᠨ ᠠᠪᠬᠤ ᠲᠥᠪ ᠦᠰᠦᠭ ﹇2023﹈ 35 ᠳ᠋ᠤᠭᠠᠷ ᠲᠣᠭᠠᠲᠤᠡᠯ᠎ᠡ ᠬᠠᠮᠢᠶ᠎ᠠ ᠪᠦᠬᠦᠢ ᠨᠢᠭᠡᠴᠡ᠄   ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2022 ᠣᠨ︶︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ︵ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2022 ᠣᠨ ᠤ ᠤᠯᠤᠰ ᠤᠨ ᠬᠡᠯᠡᠯᠴᠡᠭᠡᠷ ᠤᠨ ᠪᠠ ᠦᠨ᠎ᠡ ᠬᠠᠶᠠᠯᠴᠠᠬᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠣᠬᠤ ᠠᠵᠢᠯ ᠢ ᠥᠷᠨᠢᠭᠦᠯᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠃   ᠨᠢᠭᠡ᠂ ᠮᠡᠳᠡᠭᠦᠯᠬᠦ ᠱᠠᠭᠠᠷᠳᠠᠯᠭ᠎ᠠ   ︵ᠨᠢᠭᠡ︶ 2022 ᠣᠨ ᠤ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠬᠡᠯᠡᠯᠴᠡᠭᠡᠷ ᠤᠨ ᠠᠮᠵᠢᠯᠲᠠ ᠣᠯᠣᠭᠰᠠᠨ ᠡᠮ ᠤᠨ ᠵᠦᠢᠯ ᠤᠨ ᠭᠠᠷᠴᠠᠭ ᠲᠤ ᠬᠠᠷᠢᠶᠠᠯᠠᠭᠳᠠᠬᠤ ᠮᠥᠷᠲᠡᠭᠡᠨ ᠮᠠᠨ ᠤ ᠣᠷᠣᠨ ᠳᠤ ᠰᠦᠯᠵᠢᠶᠡᠨ ᠳᠤ ᠬᠤᠯᠪᠤᠭᠳᠠᠭ᠎ᠠ ᠦᠭᠡᠢ ᠡᠮ ᠤᠨ ᠵᠦᠢᠯ ᠢ ᠰᠦᠯᠵᠢᠶᠡᠨ ᠳᠤ ᠬᠤᠯᠪᠤᠯᠠᠭᠤᠯᠬᠤ ᠪᠠᠷ ᠮᠡᠳᠡᠭᠦᠯᠵᠦ ᠪᠣᠯᠣᠨ᠎ᠠ᠂ ᠰᠦᠯᠵᠢᠶᠡᠨ ᠳᠤ ᠬᠤᠯᠪᠤᠬᠤ ᠦᠨ᠎ᠡ ᠬᠠᠩᠰᠢ ᠶᠢ ᠲᠣᠭᠠᠴᠠᠭ᠎ᠠ ᠬᠢᠬᠦ ᠪᠠᠷᠢᠮᠵᠢᠶ᠎ᠠ ᠠᠴᠠ ᠥᠨᠳᠥᠷ ᠪᠠᠶᠢᠯᠭᠠᠵᠤ ᠪᠣᠯᠬᠤ ᠦᠭᠡᠢ᠃   ︵ᠬᠤᠶᠠᠷ︶ 2022 ᠣᠨ ᠤ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠦᠨ᠎ᠡ ᠬᠠᠶᠠᠯᠴᠠᠬᠤ ᠡᠮ ᠤᠨ ᠵᠦᠢᠯ ᠤᠨ ᠨᠡᠷᠡᠰ ᠲᠤ ᠬᠠᠷᠢᠶᠠᠯᠠᠭᠳᠠᠬᠤ ᠮᠥᠷᠲᠡᠭᠡᠨ ᠮᠠᠨ ᠤ ᠣᠷᠣᠨ ᠳᠤ ᠰᠦᠯᠵᠢᠶᠡᠨ ᠳᠤ ᠬᠤᠯᠪᠤᠭᠳᠠᠭ᠎ᠠ ᠦᠭᠡᠢ ᠡᠮ ᠤᠨ ᠵᠦᠢᠯ ᠢ ᠰᠦᠯᠵᠢᠶᠡᠨ ᠳᠤ ᠬᠤᠯᠪᠤᠯᠠᠭᠤᠯᠬᠤ ᠪᠠᠷ ᠮᠡᠳᠡᠭᠦᠯᠵᠦ ᠪᠣᠯᠣᠨ᠎ᠠ᠂ ᠭᠠᠷᠴᠠᠭ ᠲᠤ ᠣᠷᠣᠬᠤ ᠵᠥᠪᠰᠢᠶᠡᠷᠡᠯ ᠤᠨ ᠦᠨ᠎ᠡ ᠬᠠᠶᠠᠯᠴᠠᠬᠤ ᠥᠷᠢᠰᠦᠯᠳᠦᠭᠡᠨ ᠳᠤ ᠣᠷᠣᠯᠴᠠᠭᠰᠠᠨ ᠠᠵᠤ ᠠᠬᠤᠶᠢᠯᠠᠯ ᠤᠳ᠂ ᠲᠣᠭᠠᠴᠠᠭ᠎ᠠ ᠬᠢᠬᠦ ᠪᠠᠷᠢᠮᠵᠢᠶ᠎ᠠ ᠶᠢᠨ ᠬᠦᠴᠦᠨ ᠲᠠᠢ ᠬᠤᠭᠤᠴᠠᠭᠠᠨ ᠳᠤ᠂ ᠲᠡᠭᠦᠨ ᠤ ᠦᠨ᠎ᠡ ᠬᠠᠶᠠᠯᠴᠠᠬᠤ ᠡᠮ ᠤᠨ ᠵᠦᠢᠯ ᠤᠨ ᠰᠦᠯᠵᠢᠶᠡᠨ ᠳᠤ ᠬᠤᠯᠪᠤᠬᠤ ᠦᠨ᠎ᠡ ᠬᠠᠩᠰᠢ ᠨᠢ ᠥᠷᠢᠰᠦᠯᠳᠦᠭᠡᠨ ᠳᠤ ᠣᠷᠤᠯᠴᠠᠬᠤ ᠦᠶ᠎ᠡ ᠶᠢᠨ ᠮᠡᠳᠡᠭᠦᠯᠦᠭᠰᠡᠨ ᠦᠨ᠎ᠡ ᠠᠴᠠ ᠥᠨᠳᠥᠷ ᠪᠠᠶᠢᠵᠤ ᠪᠣᠯᠬᠤ ᠦᠭᠡᠢ᠃ ᠭᠠᠷᠴᠠᠭ ᠲᠤ ᠣᠷᠣᠬᠤ ᠶᠢ ᠵᠥᠪᠰᠢᠶᠡᠷᠡᠬᠦ ᠦᠨ᠎ᠡ ᠬᠠᠶᠠᠯᠴᠠᠬᠤ ᠦᠨ᠎ᠡ ᠬᠠᠩᠰᠢ ᠳᠤ ᠣᠷᠣᠯᠴᠠᠭᠰᠠᠨ ᠦᠭᠡᠢ ᠠᠵᠤ ᠠᠬᠤᠶᠢᠯᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠠᠴᠠ ᠥᠨᠳᠥᠷ ᠦᠭᠡᠢ ᠦᠨ᠎ᠡ ᠬᠠᠩᠰᠢ ᠪᠠᠷ ᠮᠠᠨ ᠤ ᠣᠷᠣᠨ ᠳᠤ ᠬᠠᠩᠭᠠᠬᠤ ᠶᠢ ᠵᠣᠷᠢᠭᠵᠢᠭᠤᠯᠤᠨ᠎ᠠ᠃   ︵ᠭᠤᠷᠪᠠ︶ ᠬᠡᠯᠡᠯᠴᠡᠭᠡᠷ ᠤᠨ ᠬᠤᠭᠤᠴᠠᠭᠠᠨ ᠳᠤ ᠬᠡᠯᠡᠯᠴᠡᠭᠡᠷ ᠤᠨ ᠡᠮ ᠤᠨ ᠵᠦᠢᠯ ᠯᠦᠭᠡ ᠨᠡᠶᠢᠳᠡᠮ ᠬᠡᠷᠡᠭᠯᠡᠬᠦ ᠠᠳᠠᠯᠢ ᠨᠡᠷ᠎ᠡ ᠲᠠᠢ ᠡᠮ ᠤᠨ ᠵᠦᠢᠯ ᠢ ᠵᠠᠬ᠎ᠠ ᠳᠡᠯᠭᠡᠭᠦᠷ ᠲᠤ ᠭᠠᠷᠭᠠᠭᠰᠠᠨ ᠪᠠᠶᠢᠪᠠᠯ᠂ ᠰᠦᠯᠵᠢᠶᠡᠨ ᠳᠤ ᠬᠤᠯᠪᠤᠬᠤ ᠪᠠᠷ ᠮᠡᠳᠡᠭᠦᠯᠵᠦ ᠪᠣᠯᠣᠨ᠎ᠠ᠂ ᠰᠦᠯᠵᠢᠶᠡᠨ ᠳᠤ ᠬᠤᠯᠪᠤᠬᠤ ᠦᠨ᠎ᠡ ᠶᠢ ᠬᠡᠯᠡᠯᠴᠡᠭᠡᠷ ᠲᠤ ᠲᠣᠭᠲᠠᠭᠠᠭᠰᠠᠨ ᠠᠳᠠᠯᠢ ᠬᠡᠪ ᠪᠠᠷᠢᠮᠵᠢᠶ᠎ᠠ ᠲᠠᠢ ᠡᠮ ᠤᠨ ᠵᠦᠢᠯ ᠤᠨ ᠦᠨ᠎ᠡ ᠡᠮᠴᠢᠯᠡᠭᠡᠨ ᠤ ᠪᠠᠲᠤᠯᠠᠭ᠎ᠠ ᠶᠢᠨ ᠪᠠᠷᠢᠮᠵᠢᠶ᠎ᠠ ᠠᠴᠠ ᠥᠨᠳᠥᠷ ᠪᠠᠶᠢᠯᠭᠠᠵᠤ ᠪᠣᠯᠬᠤ ᠦᠭᠡᠢ᠃   ᠬᠤᠶᠠᠷ᠂ ᠮᠡᠳᠡᠭᠦᠯᠬᠦ ᠴᠤᠪᠤᠷᠠᠯ   ︵ᠨᠢᠭᠡ︶ ᠬᠡᠷᠡᠭᠯᠡᠭᠴᠢ ᠶᠢ ᠳᠠᠩᠰᠠᠯᠠᠭᠤᠯᠤᠨ᠎ᠠ᠃   1᠂ ᠨᠢᠭᠡᠨᠲᠡ ᠰᠦᠯᠵᠢᠶᠡᠨ ᠳᠤ ᠬᠤᠯᠪᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠤᠤᠯ ᠤᠨ ᠬᠡᠷᠡᠭᠯᠡᠭᠴᠢ ᠶᠢᠨ ᠨᠡᠷ᠎ᠡ ᠶᠢᠨ ᠨᠢᠭᠤᠴᠠ ᠨᠣᠮᠧᠷ ᠢᠶᠠᠷ ᠲᠡᠮᠳᠡᠭᠯᠡᠬᠦ ᠰᠢᠰᠲ᠋ᠧᠮ ᠢᠶᠠᠷ ᠨᠡᠷ᠎ᠡ ᠮᠡᠳᠡᠭᠦᠯᠬᠦ ᠳᠡᠭᠡᠨ᠂ ᠳᠠᠪᠬᠤᠷᠳᠠᠭᠤᠯᠤᠨ ᠳᠠᠩᠰᠠᠯᠠᠭᠤᠯᠬᠤ ᠴᠢᠬᠤᠯᠠ ᠦᠭᠡᠢ᠃   2᠂ ᠰᠢᠨ᠎ᠡ ᠪᠠᠷ ᠨᠡᠮᠡᠭᠳᠡᠭᠰᠡᠨ ᠰᠦᠯᠵᠢᠶᠡᠨ ᠳᠤ ᠬᠤᠯᠪᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠤᠳ ᠡᠷᠬᠡᠪᠰᠢ ᠥᠪᠥᠷ ᠮᠣᠩᠭᠤᠯ ᠤᠨ ᠡᠮᠴᠢᠯᠡᠭᠡᠨ ᠪᠠᠳᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠳᠠᠩᠰᠠᠯᠠᠭᠤᠯᠤᠨ ᠭᠡᠷᠡᠴᠢᠯᠡᠭᠦᠯᠵᠦ ᠠᠮᠵᠢᠯᠲᠠ ᠣᠯᠣᠭᠰᠠᠨ ᠤ ᠳᠠᠷᠠᠭ᠎ᠠ ᠬᠤᠳᠠᠯᠳᠤᠨ ᠠᠪᠬᠤ ᠬᠤᠪᠢᠶᠠᠷᠢ ᠰᠢᠰᠲ᠋ᠧᠮ ᠳᠤ ᠣᠷᠣᠵᠤ ᠡᠮ ᠤᠨ ᠵᠦᠢᠯ ᠤᠨ ᠮᠡᠳᠡᠭᠡ ᠵᠠᠩᠭᠢ ᠪᠠᠨ ᠮᠡᠳᠡᠭᠦᠯᠦᠨ᠎ᠡ᠃   ︵ᠬᠤᠶᠠᠷ︶ ᠬᠢᠷᠢ ᠴᠢᠳᠠᠮᠵᠢ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ   1᠂ 2022 ᠣᠨ ᠤ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠬᠡᠯᠡᠯᠴᠡᠭᠡᠷ ᠤᠨ ᠪᠠ ᠦᠨ᠎ᠡ ᠬᠠᠶᠠᠯᠴᠠᠬᠤ ᠡᠮ ᠤᠨ ᠵᠦᠢᠯ ᠤᠨ ᠨᠡᠷᠡᠰ ᠨᠢ ᠮᠠᠨ ᠤ ᠣᠷᠣᠨ ᠳᠤ ᠨᠢᠭᠡᠨᠲᠡ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠳᠤ ᠬᠠᠷᠢᠶᠠᠯᠠᠭᠳᠠᠨ᠎ᠠ᠂ ᠬᠠᠮᠢᠶ᠎ᠠ ᠪᠦᠬᠦᠢ ᠠᠵᠤ ᠠᠬᠤᠶᠢᠯᠠᠯ ᠤᠳ 2023 ᠣᠨ ᠤ 2 ᠳ᠋ᠤᠭᠠᠷ ᠰᠠᠷ᠎ᠠ ᠶᠢᠨ 20 ᠤ ᠡᠳᠦᠷ ᠠᠴᠠ 2 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠬᠤᠳᠠᠯᠳᠤᠨ ᠠᠪᠬᠤ ᠬᠤᠪᠢᠶᠠᠷᠢ ᠰᠢᠰᠲ᠋ᠧᠮ︾ ︱ ︽ᠲᠤᠬᠠᠶᠢᠯᠠᠭᠰᠠᠨ ᠠᠵᠢᠯ ᠢ ᠭᠦᠢᠴᠡᠳᠬᠡᠬᠦ ᠰᠢᠰᠲ᠋ᠧᠮ︾ ︱ ︽ᠤᠯᠤᠰ ᠤᠨ ᠬᠡᠯᠡᠯᠴᠡᠭᠡᠷ / ᠦᠨ᠎ᠡ ᠬᠠᠶᠠᠯᠴᠠᠬᠤ ᠡᠮ ᠤᠨ ᠵᠦᠢᠯ ᠤᠨ ᠦᠨ᠎ᠡ ᠬᠠᠩᠰᠢ ᠶᠢᠨ ᠲᠣᠬᠢᠷᠠᠭᠤᠯᠤᠯᠲᠠ︾ ᠶᠢᠨ ᠪᠤᠯᠤᠩ ᠳᠤ ᠣᠷᠣᠵᠤ᠂ ᠰᠦᠯᠵᠢᠶᠡᠨ ᠳᠤ ᠬᠤᠯᠪᠤᠬᠤ ᠦᠨ᠎ᠡ ᠶᠢ ᠪᠡᠶ᠎ᠡ ᠪᠠᠨ ᠳᠠᠭᠠᠭᠠᠨ ᠲᠠᠭᠯᠠᠨ ᠮᠡᠳᠡᠭᠦᠯᠦᠨ᠎ᠡ᠂ ᠬᠤᠭᠤᠴᠠᠭ᠎ᠠ ᠬᠡᠲᠦᠷᠡᠲᠡᠯ᠎ᠡ ᠲᠠᠭᠯᠠᠨ ᠮᠡᠳᠡᠭᠦᠯᠦᠭᠰᠡᠨ ᠦᠭᠡᠢ ᠪᠣᠯ ᠡᠮᠴᠢᠯᠡᠭᠡᠨ ᠤ ᠪᠠᠳᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠣᠰᠣᠭᠠᠷ ᠰᠦᠯᠵᠢᠶᠡᠨ ᠳᠤ ᠬᠤᠯᠪᠤᠨ᠎ᠠ᠃   2᠂ ᠰᠦᠯᠵᠢᠶᠡᠨ ᠳᠤ ᠰᠢᠨ᠎ᠡ ᠪᠠᠷ ᠬᠤᠯᠪᠤᠭᠰᠠᠨ ᠡᠮ ᠤᠨ ᠵᠦᠢᠯ᠂ ᠠᠵᠤ ᠠᠬᠤᠶᠢᠯᠠᠯ ᠤᠳ 2 ᠳ᠋ᠤᠭᠠᠷ ᠰᠠᠷ᠎ᠠ ᠶᠢᠨ 26 ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠬᠤᠳᠠᠯᠳᠤᠨ ᠠᠪᠬᠤ ᠬᠤᠪᠢᠶᠠᠷᠢ ᠰᠢᠰᠲ᠋ᠧᠮ︾ ︱ ︽ᠬᠥᠳᠡᠯᠦᠩᠭᠦᠢ ᠲᠣᠬᠢᠷᠠᠭᠤᠯᠤᠯᠲᠠ︾ ︱ ︽ᠤᠯᠤᠰ ᠤᠨ ᠬᠡᠯᠡᠯᠴᠡᠭᠡᠷ︾ ᠤᠨ ᠪᠤᠯᠤᠩ ᠳᠤ ᠣᠷᠣᠵᠤ᠂ ᠱᠠᠭᠠᠷᠳᠠᠯᠭ᠎ᠠ ᠶᠣᠰᠣᠭᠠᠷ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠨᠡᠷᠡᠶᠢᠳᠦᠯ ᠢ ᠰᠣᠩᠭᠤᠵᠤ᠂ ᠵᠣᠬᠢᠬᠤ ᠠᠵᠤ ᠠᠬᠤᠶᠢᠯᠠᠯ ᠤᠨ ᠮᠡᠳᠡᠭᠡ ᠵᠠᠩᠭᠢ ᠪᠠ ᠡᠮ ᠤᠨ ᠵᠦᠢᠯ ᠤᠨ ᠮᠡᠳᠡᠭᠡ ᠵᠠᠩᠭᠢ ᠶᠢ ᠭᠤᠬᠠᠳᠠᠨ ᠰᠣᠩᠭᠤᠵᠤ᠂ ᠬᠡᠷᠡᠭᠰᠡᠬᠦ ᠮᠠᠲ᠋ᠧᠷᠢᠶᠠᠯ ᠢ ᠵᠡᠷᠭᠡᠪᠡᠷ ᠳᠠᠮᠵᠢᠭᠤᠯᠵᠤ᠂ ᠮᠡᠳᠡᠭᠡ ᠵᠠᠩᠭᠢ ᠶᠢᠨ ᠵᠥᠪ ᠣᠨᠣᠪᠴᠢᠲᠠᠶ ᠪᠠᠶᠢᠬᠤ ᠶᠢ ᠨᠤᠲᠠᠯᠠᠭᠰᠠᠨ ᠤ ᠳᠠᠷᠠᠭ᠎ᠠ ᠲᠤᠰᠢᠶᠠᠨ᠎ᠠ᠂ ᠮᠡᠳᠡᠭᠡ ᠵᠠᠩᠭᠢ ᠶᠢ ᠲᠤᠰᠢᠶᠠᠭᠰᠠᠨ ᠤ ᠳᠠᠷᠠᠭ᠎ᠠ ᠪᠤᠴᠠᠭᠠᠬᠤ ᠦᠭᠡᠢ᠂ ᠵᠠᠰᠠᠪᠤᠷᠢ ᠣᠷᠣᠭᠤᠯᠬᠤ ᠦᠭᠡᠢ᠃ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ ᠮᠡᠳᠡᠭᠦᠯᠦᠯᠲᠡ ᠨᠢ ᠬᠦᠴᠦᠨ ᠦᠭᠡᠢ᠂ ᠮᠡᠳᠡᠭᠡ ᠵᠠᠩᠭᠢ ᠶᠢ ᠲᠤᠰᠢᠶᠠᠭᠠᠳ ᠠᠮᠵᠢᠯᠲᠠ ᠣᠯᠣᠭᠰᠠᠨ ᠤ ᠳᠠᠷᠠᠭ᠎ᠠ ᠬᠢᠨᠠᠨ ᠬᠠᠷᠭᠤᠭᠤᠯᠬᠤ ᠶᠢ ᠬᠦᠯᠢᠶᠡᠬᠦ ᠪᠠᠶᠢᠳᠠᠯ ᠳᠤ ᠣᠷᠣᠨ᠎ᠠ᠃   ᠭᠤᠷᠪᠠ᠂ ᠴᠠᠭ ᠤᠨ ᠲᠣᠬᠢᠷᠠᠭᠤᠯᠤᠯᠲᠠ   2023 ᠣᠨ ᠤ 2 ᠳ᠋ᠤᠭᠠᠷ ᠰᠠᠷ᠎ᠠ ᠶᠢᠨ 26 ᠤ ᠡᠳᠦᠷ ᠠᠴᠠ ᠡᠮᠦᠨ᠎ᠡ ᠮᠡᠳᠡᠭᠦᠯᠦᠭᠰᠡᠨ ᠡᠮ ᠤᠨ ᠵᠦᠢᠯ ᠢ ᠨᠢᠭᠡᠳᠦᠯᠲᠡᠢ ᠨᠡᠶᠢᠲᠡᠯᠡᠵᠦ᠂ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 2023 ᠣᠨ ᠤ 2 ᠳ᠋ᠤᠭᠠᠷ ᠰᠠᠷ᠎ᠠ ᠶᠢᠨ 26 ᠤ ᠡᠳᠦᠷ ᠠᠴᠠ ᠰᠡᠭᠦᠯᠡᠷ ᠮᠡᠳᠡᠭᠦᠯᠦᠭᠰᠡᠨ ᠡᠮ ᠤᠨ ᠵᠦᠢᠯ ᠢ ᠰᠠᠷ᠎ᠠ ᠪᠠᠷ ᠨᠡᠶᠢᠲᠡᠯᠡᠵᠦ ᠬᠡᠷᠡᠭᠵᠢᠭᠦᠯᠦᠨ᠎ᠡ᠃   ᠳᠥᠷᠪᠡ᠂ ᠪᠤᠰᠤᠳ ᠵᠦᠢᠯ   ᠬᠡᠯᠡᠯᠴᠡᠭᠡᠷ ᠤᠨ ᠬᠤᠭᠤᠴᠠᠭ᠎ᠠ ᠨᠢ ᠳᠦᠭᠦᠷᠦᠭᠰᠡᠨ ᠬᠡᠯᠡᠯᠴᠡᠭᠡᠷ ᠤᠨ ᠡᠮ ᠤᠨ ᠵᠦᠢᠯ ᠢ ᠤᠯᠤᠰ ᠠᠴᠠ ᠬᠡᠯᠡᠯᠴᠡᠭᠡᠷ ᠤᠨ ᠵᠦᠢᠯᠡᠰ ᠠᠴᠠ ᠦᠨ᠎ᠡ ᠬᠢᠵᠠᠭᠠᠷᠯᠠᠨ ᠰᠦᠯᠵᠢᠶᠡᠨ ᠳᠤ ᠬᠤᠯᠪᠣᠬᠤ ᠵᠦᠢᠯᠡᠰ ᠪᠣᠯᠭᠠᠨ      ᠲᠣᠬᠢᠷᠠᠭᠤᠯᠵᠤ᠂ ᠬᠤᠳᠠᠯᠳᠤᠨ ᠠᠪᠬᠤ ᠦᠨ᠎ᠡ ᠶᠢᠨ ᠬᠢᠵᠠᠭᠠᠷᠯᠠᠯ ᠢ ᠤᠤᠯ ᠤᠨ ᠰᠦᠯᠵᠢᠶᠡᠨ ᠳᠤ ᠬᠤᠯᠪᠤᠭᠰᠠᠨ ᠦᠨ᠎ᠡ ᠶᠢᠨ ᠶᠣᠰᠣᠭᠠᠷ ᠬᠡᠷᠡᠭᠵᠢᠭᠦᠯᠦᠨ᠎ᠡ᠃   ᠲᠠᠪᠤ᠂ ᠬᠠᠷᠢᠯᠴᠠᠬᠤ ᠠᠷᠭ᠎ᠠ ᠬᠡᠯᠪᠡᠷᠢ   ᠲᠤᠬᠠᠶᠢᠯᠠᠭᠰᠠᠨ ᠠᠵᠢᠯ ᠤᠨ ᠯᠠᠪᠯᠠᠯᠭ᠎ᠠ᠄ 0471—4904007   ᠮᠡᠷᠭᠡᠵᠢᠯ ᠤᠨ ᠳᠡᠮᠵᠢᠯᠭᠡ᠄ 0471—4967106   ᠲᠤᠬᠠᠶᠢᠯᠠᠭᠰᠠᠨ ᠠᠵᠢᠯ ᠢ ᠭᠥᠯᠢᠶᠡᠨ ᠠᠪᠬᠤ᠄ 0471—4919735   ᠳᠠᠭᠠᠯᠳᠤᠭᠤᠯᠤᠯ᠄ 2022 ᠣᠨ ᠤ ᠬᠡᠯᠡᠯᠴᠡᠭᠡᠷ ᠤᠨ ᠬᠤᠭᠤᠴᠠᠭᠠᠨ ᠳᠠᠬᠢ ᠬᠡᠯᠡᠯᠴᠡᠭᠡᠷ ᠤᠨ ᠡᠮ ᠤᠨ ᠵᠦᠢᠯ ︵ᠦᠨ᠎ᠡ ᠬᠠᠶᠠᠯᠴᠠᠬᠤ ᠡᠮ ᠤᠨ ᠵᠦᠢᠯ ᠪᠠᠭᠲᠠᠨ᠎ᠠ︶ ᠤᠨ ᠨᠡᠷᠡᠰ         ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ               2023 ᠣᠨ ᠤ 2 ᠳ᠋ᠤᠭᠠᠷ ᠰᠠᠷ᠎ᠠ ᠶᠢᠨ 20 ᠤ ᠡᠳᠦᠷ   

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号