2023 ᠣᠨ ᠤ ᠨᠢᠭᠡᠳᠦᠭᠡᠷ ᠤᠯᠠᠷᠢᠯ ᠤᠨ ᠣᠷᠳᠣᠰ ᠬᠤᠲᠠ ᠶᠢᠨ ᠮᠡᠳᠡᠭᠦᠯᠦᠭᠰᠡᠨ ᠡᠮ ᠤᠨ ᠵᠦᠶᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠨᠡᠮᠡᠵᠦ ᠨᠥᠬᠦᠪᠦᠷᠢᠯᠡᠬᠦ ᠶᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠶᠢᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/2/22
ᠬᠤᠯᠪᠣᠭᠳᠠᠯ ᠪᠦᠬᠦᠢ ᠡᠵᠡᠩᠨᠡᠯᠲᠡ ︵ᠦᠢᠯᠡᠳᠪᠦᠷᠢᠯᠡᠯ︶ ᠶᠢᠨ ᠠᠵᠤ ᠠᠬᠤᠶᠢᠯᠠᠯ᠄    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠠᠯᠪᠠᠨ ᠲᠠᠷᠬᠠᠭᠠᠭᠰᠠᠨ ﹇2019﹈41 ᠳ᠋ᠦ᠋ᠭᠡᠷ ᠲᠣᠭᠠᠲᠤ︶ ᠪᠠ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾  ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ ᠨᠢᠭᠡᠳᠦᠭᠡᠷ ᠤᠯᠠᠷᠢᠯ ᠳᠤ ᠭᠤᠶᠤᠴᠢᠯᠠᠭᠰᠠᠨ ᠨᠡᠮᠡᠵᠦ ᠨᠥᠬᠦᠪᠦᠷᠢᠯᠡᠬᠦ ᠶᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠬᠠᠷᠭᠤᠭᠤᠯᠵᠤ᠂ ᠡᠳᠦᠭᠡ ᠬᠢᠨᠠᠨ ᠬᠠᠷᠭᠤᠭᠤᠯᠤᠭᠰᠠᠨ ᠦᠷ᠎ᠡ ᠳ᠋ᠦᠩ ︵ᠳᠠᠭᠠᠯᠳᠤᠭᠤᠯᠤᠯ ᠳᠤ ᠦᠵᠡ︶ ᠢ ᠨᠡᠶᠢᠲᠡ  ᠳᠤ ᠵᠠᠷᠯᠠᠶ᠎ᠠ᠄  ᠨᠢᠭᠡ ᠂ ᠢᠯᠡ ᠨᠡᠶᠢᠲᠡᠯᠡᠬᠦ ᠬᠤᠭᠤᠴᠠᠭ᠎ᠠ᠄ 2022 ᠣᠨ ᠤ 2 ᠳ᠋ᠤᠭᠠᠷ ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ᠃  ᠬᠤᠶᠠᠷ ᠂ ᠢᠯᠡ ᠨᠡᠶᠢᠲᠡᠯᠡᠬᠦ ᠨᠢᠭᠡᠴᠡ᠄ ᠣᠷᠳᠣᠰ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠪᠠ ᠰᠠᠭᠤᠷᠢ ᠮᠥᠩᠭᠦ ᠶᠢᠨ ᠳ᠋ᠦᠩᠨᠡᠨ ᠪᠤᠳᠤᠬᠤ ᠲᠥᠪ᠃  ᠭᠤᠷᠪᠠ ᠂ ᠢᠯᠡ ᠨᠡᠶᠢᠲᠡᠯᠡᠬᠦ ᠱᠠᠭᠠᠷᠳᠠᠯᠭ᠎ᠠ᠄  1.ᠬᠡᠷᠪᠡ ᠲᠤᠰᠬᠠᠬᠤ ᠪᠠᠶᠢᠳᠠᠯ ᠪᠠᠶᠢᠪᠠᠯ ᠪᠢᠴᠢᠭ ᠢᠶᠠᠷ᠂ ᠳ᠋ᠢᠶᠠᠩᠬᠤᠸᠠ ᠪᠤᠶᠤ ᠪᠡᠶ᠎ᠡ ᠪᠠᠷ ᠢᠶᠠᠨ ᠢᠷᠡᠬᠦ ᠵᠡᠷᠭᠡ ᠠᠷᠭ᠎ᠠ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠬᠦ ᠨᠢᠭᠡᠴᠡ ᠳᠤ ᠲᠤᠰᠬᠠᠨ᠎ᠠ ᠃  2.ᠲᠤᠰᠬᠠᠬᠤ ᠬᠥᠮᠦᠨ ᠡᠷᠬᠡᠪᠰᠢ ᠦᠨᠡᠨ ᠪᠣᠳᠠᠲᠠᠢ ᠤᠪᠤᠭ ᠨᠡᠷ᠎ᠡ ᠪᠠᠨ ᠬᠡᠷᠡᠭᠯᠡᠵᠦ᠂ ᠲᠤᠰᠬᠠᠬᠤ ᠪᠠᠶᠢᠳᠠᠯ  ᠵᠠᠪᠠᠯ ᠦᠨᠡᠨ ᠢ ᠪᠠᠷᠢᠮᠲᠠᠯᠠᠨ᠂ ᠦᠨᠡᠨ ᠪᠣᠳᠠᠲᠠᠢ ᠪᠠᠶᠢᠬᠤ ᠬᠡᠷᠡᠭᠲᠡᠢ᠃  3.ᠬᠦᠯᠢᠶᠡᠨ ᠠᠪᠴᠤ ᠰᠢᠶᠳᠪᠦᠷᠢᠯᠡᠬᠦ ᠠᠵᠢᠯᠲᠠᠨ ᠲᠤᠰᠬᠠᠭᠰᠠᠨ ᠬᠥᠮᠦᠨ ᠪᠠ ᠲᠤᠰᠬᠠᠭᠰᠠᠨ ᠪᠠᠶᠢᠳᠠᠯ ᠤᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃ ᠲᠥᠪ ᠭᠤᠣᠯᠴᠢ᠂ ᠢᠯᠡ ᠲᠣᠳᠣ ᠶᠢ ᠨᠥᠯᠥᠭᠡᠯᠡᠵᠦ ᠮᠡᠳᠡᠬᠦ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠵᠤ ᠬᠢᠨᠠᠨ ᠬᠠᠷᠭᠤᠭᠤᠯᠤᠨ᠎ᠠ᠃  ᠲᠦᠷᠪᠡ ᠂ ᠭᠤᠮᠣᠳᠠᠯ ︵ᠵᠠᠭᠠᠯᠳᠤᠯᠭ᠎ᠠ︶ ᠮᠡᠳᠡᠭᠦᠯᠬᠦ ᠤᠲᠠᠰᠤ᠄ 0477 – 8586839 ᠂ 0477 - 8125352᠃ ᠳᠠᠭᠠᠯᠳᠤᠭᠤᠯᠤᠯ᠄ 2023 ᠣᠨ ᠤ ᠨᠢᠭᠡᠳᠦᠭᠡᠷ ᠤᠯᠠᠷᠢᠯ ᠤᠨ ᠣᠷᠳᠣᠰ ᠬᠤᠲᠠ ᠶᠢᠨ ᠮᠡᠳᠡᠭᠦᠯᠦᠭᠰᠡᠨ ᠡᠮ ᠤᠨ ᠵᠦᠶᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠨᠡᠮᠡᠵᠦ ᠨᠥᠬᠦᠪᠦᠷᠢᠯᠡᠬᠦ ᠶᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠶᠢᠨ ᠢᠯᠡ ᠨᠡᠶᠢᠲᠡᠯᠡᠯ   ᠣᠷᠳᠣᠰ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠪᠠ ᠰᠠᠭᠤᠷᠢ ᠮᠥᠩᠭᠦ ᠶᠢᠨ ᠳ᠋ᠦᠩᠨᠡᠨ ᠪᠤᠳᠤᠬᠤ ᠲᠥᠪ  2023 ᠣᠨ ᠤ2 ᠳ᠋ᠤᠭᠠᠷ ᠰᠠᠷ᠎ᠠ ᠶᠢᠨ22 ᠤ ᠡᠳᠦᠷ

 

 
ᠢᠷᠡᠯᠲᠡ᠄ ᠣᠷᠳᠣᠰ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号