ᠲᠦᠩᠯᠢᠶᠣᠤ ᠬᠤᠲᠠ ᠡᠮᠴᠢᠯᠡᠭᠡᠨ ᠤ ᠪᠠᠲᠤᠯᠠᠭ᠎ᠠ ᠶᠢᠨ ᠳᠠᠭᠠᠳᠬᠠᠯ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠰᠣᠩᠭᠤᠨ ᠪᠠᠶᠢᠴᠠᠭᠠᠵᠤ ᠳᠠᠪᠲᠠᠨ ᠪᠠᠶᠢᠴᠠᠭᠠᠬᠤ ᠠᠵᠢᠯ  ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2023/2/23
  2023 ᠣᠨ ᠤ 2 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠡᠮᠴᠢᠯᠡᠭᠡᠨ ᠤ ᠪᠠᠲᠤᠯᠠᠭ᠎ᠠ ᠶᠢᠨ ᠳᠠᠭᠠᠳᠬᠠᠯ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠰᠣᠩᠭᠤᠨ ᠪᠠᠶᠢᠴᠠᠭᠠᠵᠤ ᠳᠠᠬᠢᠨ ᠪᠠᠶᠢᠴᠠᠭᠠᠬᠤ ᠠᠵᠢᠯ ᠤᠨ ᠭᠤᠤᠯ ᠬᠤᠲᠠ ᠶᠢᠨ ᠲᠣᠭᠤᠷᠢᠭ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠵᠤ᠂ ᠭᠤᠤᠯ ᠬᠤᠲᠠ ᠶᠢᠨ ᠲᠣᠭᠤᠷᠢᠭ ᠤᠨ ᠰᠣᠩᠭᠤᠨ ᠪᠠᠶᠢᠴᠠᠭᠠᠵᠤ ᠳᠠᠪᠲᠠᠨ ᠪᠠᠶᠢᠴᠠᠭᠠᠬᠤ ᠶᠢ ᠬᠦᠯᠢᠶᠡᠬᠦ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠴᠡᠭ ᠶᠢ ᠲᠤᠬᠠᠶ ᠶᠢᠨ ᠲᠠᠯᠠᠪᠠᠶ ᠳᠤ ᠰᠤᠭᠤᠴᠢᠪᠠ᠃ ᠬᠤᠷᠠᠯ ᠢ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠶᠯᠡᠴᠢᠯᠡᠭᠡᠨ ᠤ ᠲᠥᠪ  ᠤᠨ ᠡᠷᠬᠢᠯᠡᠭᠴᠢ ᠰᠦᠨ ᠹᠠ ᠡᠷᠭᠢᠯᠡᠵᠦ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠶᠠᠩ ᠼᠠᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠬᠤᠷᠠᠯ ᠠᠴᠠ᠂ ᠲᠣᠰ ᠤᠳᠠᠭ᠎ᠠ ᠵᠢᠨ‌‍ᠰᠣᠩᠭᠤᠨ ᠪᠠᠶᠢᠴᠠᠭᠠᠵᠤ ᠳᠠᠪᠲᠠᠨ ᠪᠠᠶᠢᠴᠠᠭᠠᠬᠤ ᠠᠵᠢᠯ ᠤᠨ ᠭᠤᠤᠯᠳᠠᠯᠭ᠎ᠠ ᠪᠣᠯ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ ᠤ 2022 ᠣᠨ ᠤ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠤᠯᠪᠣᠭᠠᠯᠠᠵᠤ᠂ ᠭᠤᠷᠪᠠᠳᠠᠬᠢ ᠡᠲᠡᠭᠡᠳ ᠤᠨ ᠲᠤᠰᠬᠠᠶ ᠬᠦᠴᠦᠨ ᠢ ᠣᠷᠣᠭᠤᠯᠤᠨ ᠠᠪᠴᠢᠷᠠᠵᠤ᠂ ᠰᠤᠭᠤᠴᠢᠨ ᠲᠣᠭᠲᠠᠭᠠᠭᠰᠠᠨ ᠭᠤᠤᠯ ᠬᠤᠲᠠ ᠶᠢᠨ ᠲᠣᠭᠤᠷᠢᠭ ᠤᠨ9ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ  ᠶᠢᠨ ᠴᠡᠭ  ᠲᠤ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠥᠷᠨᠢᠭᠦᠯᠦᠨ᠎ᠡ᠃ ᠳᠠᠷᠠᠭᠠᠴᠢ ᠶᠢᠨ ᠠᠯᠬᠤᠮ ᠳᠤ ᠪᠦᠬᠦ ᠬᠤᠲᠠ ᠳᠤ ᠳᠠᠭᠠᠳᠬᠠᠯ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠢᠭᠤᠯᠵᠤ ᠥᠷᠨᠢᠭᠦᠯᠦᠨ᠎ᠡ᠃  ᠬᠤᠷᠠᠯ ᠠᠴᠠ᠂ ᠰᠣᠩᠭᠤᠨ ᠪᠠᠶᠢᠴᠠᠭᠠᠵᠤ ᠳᠠᠪᠲᠠᠨ ᠪᠠᠶᠢᠴᠠᠭᠠᠬᠤ ᠠᠵᠢᠯ ᠳᠤ ᠲᠥᠪ ᠭᠤᠤᠯᠴᠢ ᠪᠣᠯᠪᠠᠰᠤᠨ  ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠬᠤ ᠵᠠᠷᠴᠢᠮ ᠢ ᠪᠠᠷᠢᠮᠲᠠᠯᠠᠵᠤ᠂ ︽ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠬᠤ︾ ᠶᠢᠨ ᠡᠭᠦᠰᠭᠡᠯ ᠪᠠ ᠲᠡᠭᠦᠰᠬᠡᠯ ᠳᠤ ᠰᠠᠭᠤᠷᠢᠯᠠᠨ᠂ ᠡᠮᠴᠢᠯᠡᠭᠡᠨ ᠤ ᠪᠠᠲᠤᠯᠠᠭ᠎ᠠ  ᠶᠢᠨ ᠳᠠᠭᠠᠳᠬᠠᠯ ᠮᠡᠬᠡᠯᠡᠨ ᠠᠪᠬᠤ ᠦᠶᠯᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠬᠠᠭᠠᠨ ᠴᠡᠭᠡᠷᠯᠡᠭᠦᠯᠬᠦ ᠪᠠ ᠲᠦᠷᠢᠮ ᠤᠨ ᠪᠠᠶᠢᠭᠤᠯᠤᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠡᠮᠴᠢᠯᠡᠭᠡᠨ ᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠥᠨᠳᠥᠷ ᠳᠠᠷᠤᠯᠲᠠᠲᠤ ᠪᠠᠶᠢᠳᠠᠯ ᠢ ᠪᠠᠬᠢᠵᠢᠭᠦᠯᠵᠦ᠂ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠮᠰᠠᠷ ᠢ      ᠴᠢᠩᠭᠠᠳᠬᠠᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠮᠡᠬᠡᠯᠡᠬᠦ  ᠠᠴᠠ ᠠᠶᠤᠬᠤ᠂ ᠮᠡᠬᠡᠯᠡᠵᠦ ᠪᠣᠯᠬᠤ ᠥᠬᠡᠶ᠂ ᠮᠡᠬᠡᠯᠡᠬᠦ ᠰᠠᠨᠠᠭ᠎ᠠ ᠥᠬᠡᠶ︾ ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠢ ᠱᠠᠭᠠᠷᠳᠠᠵᠠᠢ᠃  ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠷᠴᠢᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠭᠤᠤᠯ ᠬᠤᠲᠠ ᠶᠢᠨ ᠲᠣᠭᠤᠷᠢᠭ ᠵᠢᠴᠢ ᠬᠡᠰᠡᠭ ᠬᠤᠰᠢᠭᠤ ᠰᠢᠶᠠᠨ ᠬᠤᠲᠠ ᠲᠣᠭᠤᠷᠢᠭ ᠤᠨ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号