ᠤᠯᠤᠰ ᠤᠨ ᠦᠨᠳᠦᠰᠦᠨ ᠡᠮᠴᠢᠯᠡᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2022 ᠣᠨ︶ ᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/2/24
  ᠡᠯ᠎ᠡ ᠠᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ᠂ ᠡᠮ ᠡᠮᠨᠡᠯᠭᠡ ᠬᠤᠳᠠᠯᠳᠤᠨ ᠠᠪᠬᠤ ᠲᠥᠪ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ᠲᠤ᠄  ︽ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠯᠤᠰ ᠤᠨ ᠦᠨᠳᠦᠰᠦᠨ ᠡᠮᠴᠢᠯᠡᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2022 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠡᠮ ᠡᠮᠨᠡᠯᠭᠡ ᠶᠢᠨ ᠳᠠᠭᠠᠳᠬᠠᠯ ᠲᠠᠷᠬᠠᠭᠠᠭᠰᠠᠨ ﹇2020﹈ 5 ᠳ᠋ᠤᠭᠠᠷ ᠲᠣᠭᠠᠲᠤ︶ ︵ᠳᠣᠷᠣᠭᠰᠢ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠢ ᠨᠠᠶᠢᠳᠠᠪᠤᠷᠢᠵᠢᠭᠤᠯᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ᠡᠳᠦᠭᠡ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠢ ᠬᠡᠷᠡᠭᠵᠢᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠂ ᠵᠢᠷᠤᠮᠯᠠᠨ ᠬᠡᠷᠡᠭᠵᠢᠭᠦᠯᠲᠦᠭᠡᠶ᠃  ᠨᠢᠭᠡ᠂ ᠬᠡᠷᠡᠭᠵᠢᠭᠦᠯᠬᠦ ᠬᠡᠪᠴᠢᠶ᠎ᠡ  1. ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠢ ᠪᠦᠬᠦᠨ ᠢ ᠮᠠᠨ ᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠣᠯᠭᠤᠬᠤ ᠬᠡᠪᠴᠢᠶᠡᠨ ᠳᠤ ᠣᠷᠣᠭᠤᠯᠵᠤ᠂ ᠡᠮ ᠤᠨ ᠵᠦᠢᠯ ᠢ ᠬᠡᠷᠡᠭᠯᠡᠬᠦ ᠶᠢ ᠬᠢᠵᠠᠭᠠᠷᠯᠠᠬᠤ ᠪᠠ ᠠᠯᠢᠪᠠ ᠵᠢᠱᠢᠶ᠎ᠡ ᠳᠠᠬᠢ ᠲᠠᠶᠢᠯᠪᠤᠷᠢᠯᠠᠬᠤ ᠠᠭᠤᠯᠭ᠎ᠠ ᠳᠤ ᠲᠣᠬᠢᠷᠠᠭᠤᠯᠤᠯᠲᠠ ᠬᠢᠬᠦ ᠥᠬᠡᠶ᠃  2. ᠤᠯᠤᠰ ᠤᠨ ᠬᠡᠯᠡᠯᠴᠡᠭᠡᠷ ᠤᠨ ᠡᠮ ᠤᠨ ᠵᠦᠢᠯ ᠪᠣᠯᠤᠨ ᠦᠨ᠎ᠡ ᠥᠷᠢᠰᠥᠯᠳᠦᠬᠦ ᠡᠮ ᠤᠨ ᠵᠦᠢᠯ ᠢ ᠪᠦᠬᠦᠨ ᠢ ᠮᠠᠨ ᠤ ᠣᠷᠣᠨ ᠤ ᠦᠨᠳᠦᠰᠦᠨ ᠡᠮᠴᠢᠯᠡᠭᠡ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠣᠯᠤᠨ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠣᠯᠭᠤᠬᠤ ᠬᠡᠪᠴᠢᠶᠡᠨ ᠳᠤ ᠣᠷᠣᠭᠤᠯᠵᠤ᠂ ᠬᠥᠬᠡᠭᠴᠢᠨ ᠲᠥᠷᠥᠯ ᠤᠨ ᠡᠮ ᠤᠨ ᠵᠦᠢᠯ ᠤᠨ ᠶᠣᠰᠣᠭᠠᠷ ᠬᠠᠮᠢᠶᠠᠷᠤᠨ᠎ᠠ᠃ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠪᠣᠯᠤᠨ ᠥᠷᠢᠰᠥᠯᠳᠦᠭᠡᠨ ᠤ ᠡᠮ ᠤᠨ ᠵᠦᠢᠯ ᠳᠤ ᠪᠦᠬᠦ ᠤᠯᠤᠰ ᠤᠨ ᠨᠢᠭᠡᠳᠦᠯᠲᠡᠶ ᠵᠠᠷᠤᠴᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠣᠯᠭᠤᠬᠤ ᠪᠠᠷᠢᠮᠵᠢᠶ᠎ᠠ ᠳᠤ ᠰᠠᠭᠤᠷᠢ ᠮᠥᠩᠭᠦ ᠪᠠ ᠳᠠᠭᠠᠳᠬᠠᠯ ᠳᠤ ᠣᠷᠣᠯᠴᠠᠭᠰᠠᠳ ᠤᠨ ᠬᠠᠮᠲᠤ ᠪᠠᠷ ᠥᠭᠬᠦ ᠪᠦᠬᠦ ᠵᠠᠷᠤᠳᠠᠯ ᠢ ᠪᠠᠭᠲᠠᠭᠠᠵᠤ᠂ ᠰᠠᠭᠤᠷᠢ ᠮᠥᠩᠭᠦ ᠪᠠ ᠳᠠᠭᠠᠳᠬᠠᠯ ᠳᠤ ᠣᠷᠣᠯᠴᠠᠭᠰᠠᠳ ᠤᠨ ᠬᠤᠪᠢᠶᠠᠨ ᠡᠭᠦᠷᠭᠡᠯᠡᠬᠦ ᠬᠠᠷᠢᠴᠠᠯ ᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠴᠠ ᠲᠣᠭᠲᠠᠭᠠᠨ᠎ᠠ᠃  3.︽ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠢᠭ 1 ᠳ᠋ᠤᠭᠡᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠵᠠᠬ᠎ᠠ ᠳᠡᠯᠭᠡᠭᠦᠷ ᠲᠤ ᠭᠠᠷᠭᠠᠭᠰᠠᠨ ᠦᠨᠳᠦᠰᠦᠲᠡᠨ ᠤ ᠡᠮ᠂ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠠᠴᠠ ᠭᠠᠳᠠᠨᠠᠬᠢ ᠪᠤᠰᠤᠳ ᠤᠯᠤᠰ ᠪᠤᠶᠤ ᠣᠷᠣᠨ ᠨᠤᠲᠤᠭ ᠤᠨ ᠪᠠᠷᠢᠮᠵᠢᠶ᠎ᠠ ᠲᠠᠢ ᠬᠢᠲᠠᠳ ᠬᠡᠷᠴᠢᠮ ᠡᠮ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠮᠨᠡᠯᠭᠡ ᠶᠢᠨ ᠴᠢᠨᠠᠷᠲᠠᠶ ᠡᠮᠨᠡᠯᠭᠡ ᠶᠢᠨ ᠬᠤᠷᠢᠶ᠎ᠠ ᠶᠢᠨ ᠨᠠᠶᠢᠷᠠᠭᠰᠠᠨ ᠡᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠮᠠᠨ ᠤ ᠣᠷᠣᠨ ᠤ ᠰᠠᠭᠤᠷᠢ ᠮᠥᠩᠭᠦ ᠶᠢᠨ ᠡᠭᠦᠷᠭᠡᠯᠡᠬᠦ ᠴᠢᠳᠠᠪᠤᠷᠢ ᠵᠢᠴᠢ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠵᠣᠬᠢᠬᠤ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠡᠰ ᠳᠠᠷᠠᠭᠠᠯᠠᠯ ᠢᠶᠠᠷ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠲᠣᠭᠲᠠᠭᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠳᠤ ᠥᠭᠬᠦ ᠦᠭᠡᠢ ᠭᠡᠵᠦ ᠲᠣᠳᠣᠷᠬᠠᠢ ᠲᠣᠭᠲᠠᠭᠠᠭᠰᠠᠨ ᠴᠢᠨᠠᠬᠤ ᠬᠡᠰᠡᠭ ᠢ ᠮᠠᠨ ᠤ ᠣᠷᠣᠨ ᠤ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠦᠭᠡᠢ ᠭᠡᠵᠦ ᠲᠣᠭᠲᠠᠭᠠᠪᠠ᠃ ᠡᠮᠴᠢᠯᠡᠭᠡ ᠶᠢᠨ ᠴᠢᠨᠠᠷᠲᠠᠶ ᠡᠮᠨᠡᠯᠭᠡ ᠶᠢᠨ ᠬᠤᠷᠢᠶ᠎ᠠ ᠶᠢᠨ ᠨᠠᠶᠢᠷᠠᠯᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠣᠨᠴᠠ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠬᠦ ᠪᠠᠷ ᠬᠢᠵᠠᠭᠠᠷᠯᠠᠨ᠎ᠠ᠃  ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ  1. ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠨᠢ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠲᠠᠬᠢ ᠡᠮ ᠤᠨ ᠵᠦᠢᠯ ᠢ ᠴᠠᠭ ᠲᠤᠬᠠᠶ ᠳᠤ ᠨᠢ ᠲᠣᠭᠲᠠᠭᠠᠯ ᠶᠣᠰᠣᠭᠠᠷ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠵᠤ᠂ ᠤᠯᠤᠰ ᠤᠨ ᠬᠡᠯᠡᠯᠴᠡᠭᠡ ᠬᠢᠬᠦ ᠡᠮ  ᠤᠨ ᠵᠦᠢᠯ ᠢ 2023 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠳᠤ ᠰᠢᠭᠤᠳ ᠰᠦᠯᠵᠢᠶᠡᠨ ᠳᠤ ᠨᠡᠪᠲᠡᠷᠡᠭᠦᠯᠵᠦ᠂ ᠡᠮ ᠲᠠᠩ ᠤᠨ ᠬᠠᠩᠭᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠶ᠃  2. ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠡᠮ ᠤᠨ ᠵᠦᠢᠯ ᠤᠨ ᠲᠥᠷᠥᠯ ᠠᠩᠭᠢᠯᠠᠯ ᠬᠢᠭᠡᠳ ᠣᠷᠣᠯᠠᠬᠤ ᠨᠣᠮᠧᠷ ᠶᠣᠰᠣᠭᠠᠷ ᠡᠮ ᠤᠨ ᠵᠦᠢᠯ ᠤᠨ ᠪᠠᠷᠢᠮᠵᠢᠶᠠᠨ ᠤ ᠳ᠋ᠠᠶᠢᠲ᠋ᠠ ᠬᠥᠮᠥᠷᠭᠡ ᠶᠢ ᠲᠣᠭᠲᠠᠭᠠᠵᠤ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ 2023 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠣᠭᠲᠠᠭᠰᠠᠨ ᠡᠮᠴᠢᠯᠡᠭᠡ ᠶᠢᠨ ᠪᠠᠢᠭᠤᠯᠤᠮᠵᠢ ᠶᠢ ᠵᠣᠬᠢᠶᠠᠨ ᠪᠠᠶᠢᠭᠤᠯᠤᠨ ᠭᠠᠷᠴᠠᠭ ᠲᠠᠢ ᠬᠠᠷᠢᠴᠠᠭᠤᠯᠬᠤ ᠠᠵᠢᠯ ᠢ ᠰᠠᠢᠲᠤᠷ ᠬᠢᠵᠦ᠂ ᠡᠮ ᠤᠨ ᠵᠦᠢᠯ ᠤᠨ ᠰᠢᠨ᠎ᠡ ᠭᠠᠷᠴᠠᠭ ᠢ ᠴᠠᠭ ᠲᠤᠬᠠᠶ ᠳᠤ ᠨᠢ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃  3.ᠤᠯᠤᠰ ᠤᠨ ᠬᠡᠯᠡᠯᠴᠡᠭᠡ ᠬᠢᠬᠦ ᠡᠮ ᠤᠨ ᠵᠦᠢᠯ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ︵ᠦᠨ᠎ᠡ ᠥᠷᠢᠰᠦᠯᠳᠦᠬᠦ ᠡᠮ ᠤᠨ ᠵᠦᠢᠯ ᠤᠨ ᠨᠡᠶᠢᠳᠡᠮ ᠬᠡᠷᠡᠭᠯᠡᠬᠦ ᠨᠡᠷ᠎ᠡ ᠶᠢᠨ ᠳᠣᠤᠷᠠᠬᠢ ᠦᠨ᠎ᠡ ᠬᠠᠩᠰᠢ ᠨᠢ ᠳᠥᠯᠥᠬᠦ ᠪᠠᠷᠢᠮᠵᠢᠶ᠎ᠠ ᠶᠢᠨ ᠲᠥᠷᠥᠯ ᠵᠦᠢᠯ ᠠᠴᠠ ᠥᠨᠳᠥᠷ ᠪᠠᠶᠢᠯᠭᠠᠵᠤ ᠪᠣᠯᠬᠤ      ᠥᠬᠡᠶ︶ ᠳᠤ ᠣᠷᠣᠭᠤᠯᠤᠨ᠎ᠠ᠃ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠤᠭᠰᠠᠨ ᠢᠶᠠᠷ ᠼᠤᠤ ᠬᠦᠴᠢᠯ ᠤᠨ ᠠᠶᠢᠠᠮᠪᠠᠨ ᠳᠤ ᠲᠠᠷᠢᠬᠤ ᠰᠢᠩᠭᠡᠨ ᠯᠠᠳᠠ ᠯᠠᠽᠧᠷᠢᠦ ᠳᠠᠩ ᠲᠠᠷᠢᠯᠭ᠎ᠠ ᠶᠢᠨ ᠠᠭᠤᠰᠤᠮᠠᠯ᠂ ᠢᠨᠧᠵᠦᠲ᠋ᠦᠩ ᠤᠨ ᠡᠰᠡᠷᠭᠦᠴᠡᠬᠦ ᠲᠠᠷᠢᠯᠭ᠎ᠠ ᠶᠢᠨ ᠰᠢᠩᠭᠡᠨ᠂ ᠮᠧᠶ ᠪᠦᠸᠧ ᠯᠢ ᠵᠦᠸᠧ ᠤᠨ ᠡᠰᠡᠷᠭᠦᠴᠡᠬᠦ ᠲᠠᠷᠢᠯᠭ᠎ᠠ ᠶᠢᠨ ᠰᠢᠩᠭᠡᠨ ᠵᠡᠷᠭᠡ 26 ᠤᠯᠤᠰ ᠤᠨ ᠬᠡᠯᠡᠯᠴᠡᠭᠡᠷ ᠤᠨ ᠡᠮ ᠢ ᠡᠭᠦᠳᠡᠨ ᠡᠮᠨᠡᠯᠭᠡ ᠶᠢᠨ ᠣᠨᠴᠠᠭᠠᠶᠢᠯᠠᠨ ᠬᠡᠷᠡᠭᠯᠡᠬᠦ ᠡᠮ ᠤᠨ ᠭᠠᠷᠴᠠᠭ ᠲᠤ ᠣᠷᠣᠭᠤᠯᠤᠨ᠎ᠠ᠃ ᠤᠤᠯ ᠤᠨ ︽ᠬᠤᠤᠰ ᠨᠡᠪᠲᠡᠷᠡᠬᠦ ᠵᠠᠮ︾ ᠵᠢᠴᠢ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠭᠠᠷᠴᠠᠭ ᠲᠤ ᠨᠢᠭᠡᠨᠲᠡ ᠡᠩ ᠤᠨ ᠬᠥᠬᠡᠭᠴᠢᠨ ᠲᠥᠷᠥᠯ ᠤᠨ ᠬᠠᠮᠢᠶᠠᠷᠤᠯᠲᠠ ᠳᠤ ᠰᠢᠯᠵᠢᠭᠦᠯᠦᠨ ᠣᠷᠣᠭᠤᠯᠤᠭᠰᠠᠨ ᠬᠡᠯᠡᠯᠴᠡᠭᠡᠷ ᠡᠮ ᠤᠨ ᠵᠦᠢᠯ ᠳᠤ ᠮᠥᠨ ᠬᠦ ᠡᠮᠦᠨᠡᠬᠢ ᠬᠤᠭᠤᠴᠠᠭᠠᠨ ᠤ ︽ᠬᠤᠤᠰ ᠨᠡᠪᠲᠡᠷᠡᠬᠦ ᠵᠠᠮ︾ ᠵᠢᠴᠢ ᠡᠭᠦᠳᠡᠨ ᠡᠮᠨᠡᠯᠭᠡ ᠶᠢᠨ ᠣᠨᠴᠣᠭᠤᠶ ᠡᠮ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡ ᠬᠢᠬᠦ ᠡᠮ ᠤᠨ ᠵᠦᠢᠯ ᠤᠨ ︿ᠬᠤᠤᠰ ᠨᠡᠪᠲᠡᠷᠡᠬᠦ ᠵᠠᠮ﹀ ᠤᠨ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠥᠪᠥᠷ ᠮᠣᠩᠭᠤᠯ ᠤᠨ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠥᠷᠥᠯ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ ᠬᠡᠯᠡᠯᠴᠡᠭᠡ ᠬᠢᠬᠦ ᠡᠮ ᠤᠨ ᠵᠦᠢᠯ ᠤᠨ ᠡᠭᠦᠳᠡᠨ ᠡᠮᠨᠡᠯᠭᠡ᠂ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠲᠣᠭᠲᠠᠴᠠ ᠬᠢᠭᠡᠳ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ᠂ ᠡᠭᠦᠳᠡᠨ ᠡᠮᠨᠡᠯᠭᠡ ᠶᠢᠨ ᠣᠨᠴᠣᠭᠤᠶ ᠡᠮ ᠬᠡᠷᠡᠭᠯᠡᠬᠦ᠂ ᠣᠨᠳᠣᠤ ᠭᠠᠵᠠᠷ ᠲᠤ ᠡᠮᠨᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠡᠯᠡᠯᠴᠡᠭᠡ ᠬᠢᠬᠦ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠢᠨ 2023 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠡᠯᠧᠺᠳ᠋ᠷᠣᠨ ᠵᠣᠷ ᠤᠨ ᠲᠥᠪ ᠢ ᠪᠥᠲᠥᠭᠡᠨ ᠪᠠᠶᠢᠭᠤᠯᠵᠤ ᠬᠡᠷᠡᠭᠯᠡᠬᠦ ᠶᠢ ᠪᠡᠶᠡᠯᠡᠭᠦᠯᠵᠦ᠂ ︽ᠬᠤᠤᠰ ᠨᠡᠪᠲᠡᠷᠡᠬᠦ ᠵᠠᠮ︾ ᠤᠨ ᠡᠮ ᠤᠨ ᠵᠦᠢᠯ ᠢ ᠡᠷᠭᠢᠯᠳᠦᠭᠦᠯᠦᠨ ᠡᠯᠧᠺᠳ᠋ᠷᠤᠨᠴᠢᠯᠡᠬᠦ ᠶᠢ ᠪᠡᠶᠡᠯᠡᠭᠦᠯᠦᠨ᠎ᠡ᠃  4. ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠤᠨ ᠬᠠᠮᠢᠶᠠᠷᠤᠯᠲᠠ ᠶᠢᠨ ᠲᠣᠭᠲᠠᠭᠠᠯ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠵᠣᠷ ᠤᠨ ᠬᠠᠮᠢᠶᠠᠷᠤᠯᠲᠠ ᠶᠢᠨ ᠠᠷᠭ᠎ᠠ᠂ ᠡᠮᠴᠢᠯᠡᠭᠡᠨ ᠤ ᠮᠡᠷᠭᠡᠵᠢᠯ ᠤᠨ ᠠᠵᠢᠯᠯᠠᠭᠠᠨ ᠤ ᠵᠢᠷᠤᠮᠵᠢᠯ᠂ ᠡᠮᠴᠢᠯᠡᠭᠡᠨ ᠤ ᠣᠨᠣᠰᠢᠯᠠᠨ ᠡᠮᠨᠡᠬᠦ ᠵᠦᠭᠯᠡᠭᠦᠷ ᠪᠠ ᠡᠮ ᠤᠨ ᠵᠦᠢᠯ ᠤᠨ ᠡᠮᠴᠢᠯᠡᠭᠡᠨ ᠤ ᠬᠡᠷᠡᠭᠯᠡᠯᠲᠡ ᠶᠢᠨ ᠵᠢᠯᠣᠭᠤᠳᠬᠤ ᠵᠠᠷᠴᠢᠮ ᠵᠡᠷᠭᠡ ᠲᠠᠢ ᠤᠶᠠᠯᠳᠤᠭᠤᠯᠤᠨ᠂ ᠣᠶᠤᠨᠴᠢ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠢ ᠬᠡᠷᠡᠭᠵᠢᠭᠦᠯᠵᠦ ᠬᠡᠷᠡᠭᠯᠡᠭᠰᠡᠨ ᠪᠠᠶᠢᠳᠠᠯ ᠢ ᠴᠢᠭ ᠲᠣᠭᠲᠠᠭᠠᠭᠰᠠᠨ ᠦᠢᠯᠡᠴᠢᠯᠡᠭᠡᠨ ᠤ ᠵᠥᠪᠯᠡᠯᠴᠡᠭᠡᠷ ᠢᠶᠠᠷ ᠬᠠᠮᠢᠶᠠᠷᠬᠤ ᠪᠠ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃ ᠤᠯᠤᠰ ᠠᠴᠠ ᠬᠡᠯᠡᠯᠴᠡᠭᠡ ᠬᠢᠬᠦ ᠡᠮ ᠤᠨ ᠵᠦᠢᠯ ᠤᠨ ᠬᠢᠵᠠᠭᠠᠷᠲᠠᠶ ᠥᠭᠬᠦ ᠬᠡᠪᠴᠢᠶ᠎ᠡ ᠶᠢ ᠴᠢᠩᠭ᠎ᠠ ᠬᠡᠷᠡᠭᠵᠢᠭᠦᠯᠵᠦ᠂ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠨ᠂ ᠵᠠᠷᠤᠳᠠᠯ ᠥᠨᠳᠥᠷ᠂ ᠬᠡᠷᠡᠭᠯᠡᠬᠦ ᠬᠡᠮᠵᠢᠶ᠎ᠡ ᠶᠡᠭᠡ ᠡᠮ ᠤᠨ ᠵᠦᠢᠯ ᠳᠤ ᠭᠤᠤᠯᠳᠠᠯᠭ᠎ᠠ ᠲᠠᠢ ᠬᠢᠨᠠᠨ ᠡᠵᠡᠮᠳᠡᠬᠦ ᠪᠠ ᠵᠠᠳᠠᠯᠤᠯᠲᠠ ᠬᠢᠵᠦ᠂ ᠰᠠᠭᠤᠷᠢ ᠮᠥᠩᠭᠦ ᠶᠢᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃ ᠤᠯᠤᠰ ᠤᠨ ︽2022 ᠣᠨ ᠤ ᠡᠮ ᠤᠨ ᠵᠦᠢᠯ ᠤᠨ ᠭᠠᠷᠴᠠᠭ︾ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ᠂ ︽ᠬᠤᠣᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠡᠮ ᠤᠨ ᠵᠦᠢᠯ ᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠦᠨ᠎ᠡ᠃ ᠭᠠᠷᠴᠠᠭ ᠢ ᠬᠡᠷᠡᠭᠵᠢᠭᠦᠯᠬᠦ ᠶᠠᠪᠤᠴᠠ ᠳᠤ ᠴᠢᠬᠤᠯᠠ ᠶᠡᠭᠡ ᠠᠰᠠᠭᠤᠳᠠᠯ ᠲᠤᠯᠭᠠᠷᠠᠪᠠᠯ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠴᠠᠭ ᠲᠤᠬᠠᠶ ᠳᠤ ᠨᠢ ᠬᠠᠷᠢᠭᠤ ᠲᠤᠰᠬᠠᠬᠤ     ᠬᠡᠷᠡᠭᠲᠡᠶ᠃   ᠳᠠᠭᠠᠯᠳᠤᠭᠤᠯᠤᠯ᠄  1. ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠯᠤᠰ ᠤᠨ ᠦᠨᠳᠦᠰᠦᠨ ᠡᠮᠴᠢᠯᠡᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2022 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ  2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠡᠮ ᠤᠨ ᠭᠠᠷᠴᠠᠭ  3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠬᠡᠷᠴᠢᠮ ᠡᠮ ᠤᠨ ᠭᠠᠷᠴᠠᠭ  4.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠤᠨ ᠭᠠᠷᠴᠠᠭ  5.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ ᠤᠨ ᠭᠠᠷᠴᠠᠭ  6.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠡᠮ ᠤᠨ ᠵᠦᠢᠯ ᠤᠨ ᠭᠠᠷᠴᠠᠭ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠥᠪ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ  2023 ᠣᠨ ᠤ 2 ᠳ᠋ᠤᠭᠠᠷ ᠰᠠᠷ᠎ᠠ ᠶᠢᠨ 21 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号