ᠤᠯᠤᠰ ᠠᠴᠠ ᠵᠣᠬᠢᠶᠠᠨ ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ  ᠶᠢ ᠲᠣᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭᠠᠳ ᠦᠷᠭᠦᠯᠵᠢᠯᠡᠨ ᠰᠣᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/2/7
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ︽ ᠤᠯᠤᠰ ᠠᠴᠠ ᠵᠣᠬᠢᠶᠠᠨ ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ ᠶᠢ ᠲᠣᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠵᠥᠪᠯᠡᠯᠴᠡᠭᠡᠷ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠦᠷᠭᠦᠯᠵᠢᠯᠡᠨ ᠬᠤᠳᠠᠯᠳᠤᠨ ᠠᠪᠬᠤ ᠪᠢᠴᠢᠭ ᠮᠠᠲ᠋ᠧᠷᠢᠶᠠᠯ︾ ︵ᠳ᠋ᠤᠭᠠᠷ᠄ GH-HD2022-2︶ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠮᠠᠨ ᠤ ᠣᠷᠣᠨ ᠤ ᠤᠯᠤᠰ ᠠᠴᠠ ᠵᠣᠬᠢᠶᠠᠨ ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ  ᠶᠢ ᠲᠣᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭᠠᠳ ᠦᠷᠭᠦᠯᠵᠢᠯᠡᠨ ᠰᠣᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠬᠦ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠬᠡᠷᠡᠭᠵᠢᠭᠦᠯᠬᠦ ᠬᠡᠪᠴᠢᠶ᠎ᠡ ᠪᠠ ᠭᠦᠢᠴᠡᠳᠬᠡᠬᠦ ᠴᠠᠭ ᠬᠤᠭᠤᠴᠠᠭ᠎ᠠ︵ᠨᠢᠭᠡ︶ ᠬᠡᠷᠡᠭᠵᠢᠭᠦᠯᠬᠦ ᠬᠡᠪᠴᠢᠶ᠎ᠡ᠄ ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠪᠠᠰᠠ ᠠᠳᠠᠯᠢ︶ ᠪᠣᠯᠤᠨ ᠡᠮᠨᠡᠯᠭᠡ  ᠶᠢᠨ ᠳᠠᠭᠠᠳᠬᠠᠯ ᠤᠨ ᠲᠣᠭᠲᠠᠭᠠᠭᠰᠠᠨ ᠨᠡᠶᠢᠭᠡᠮ ᠤᠨ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ᠃︵ᠬᠤᠶᠠᠷ︶ ᠰᠣᠩᠭᠤᠭᠳᠠᠭᠰᠠᠨ ᠦᠷ᠎ᠡ ᠳ᠋ᠦᠩ᠄ ︽ᠤᠯᠤᠰ ᠠᠴᠠ ᠵᠣᠬᠢᠶᠠᠨ ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ  ᠶᠢ ᠲᠣᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭᠠᠳ ᠦᠷᠭᠦᠯᠵᠢᠯᠡᠨ ᠰᠣᠩᠭᠤᠭᠳᠠᠭᠰᠠᠨ ᠦᠢᠯᠡᠳᠬᠦᠨ ᠤ ᠨᠡᠷᠡᠰ ᠵᠢᠴᠢ ᠦᠨ᠎ᠡ ︾ ︵ᠳᠠᠭᠠᠯᠳᠤᠭᠤᠯᠤᠯ ᠮᠠᠲ᠋ᠧᠷᠢᠶᠠᠯ ᠠᠴᠠ ᠦᠵᠡ︶ ᠃︵ᠭᠤᠷᠪᠠ︶ ᠬᠡᠷᠡᠭᠵᠢᠭᠦᠯᠬᠦ ᠴᠠᠭ᠄ 2023 ᠣᠨ ᠤ 2 ᠳ᠋ᠤᠭᠠᠷ ᠰᠠᠷ᠎ᠠ ᠶᠢᠨ 15 ᠤ ᠡᠳᠦᠷ ᠤᠨ ᠲᠡᠭ ᠴᠠᠭ       ᠠᠴᠠ᠃︵ᠲᠦᠷᠪᠡ︶ ᠬᠤᠳᠠᠯᠳᠤᠨ ᠠᠪᠬᠤ ᠦᠶᠡᠯᠡᠯ᠄ ᠬᠤᠳᠠᠯᠳᠤᠨ ᠠᠪᠬᠤ ᠦᠶᠡᠯᠡᠯ ᠨᠢ 3 ᠵᠢᠯ᠃ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ ᠵᠢᠯ ᠪᠦᠷᠢ ᠬᠤᠳᠠᠯᠳᠤᠨ ᠠᠪᠬᠤ ᠬᠡᠯᠡᠯᠴᠡᠭᠡᠷ ᠲᠣᠭᠲᠠᠭᠠᠨ᠎ᠠ᠃  ᠬᠤᠶᠠᠷ᠂ ᠬᠤᠳᠠᠯᠳᠤᠨ ᠠᠪᠬᠤ ᠪᠠ ᠬᠡᠷᠡᠭᠯᠡᠬᠦ  ᠦᠢᠯᠡᠳᠪᠦᠷᠢᠯᠡᠬᠦ ᠠᠵᠤ ᠠᠬᠤᠶᠢᠯᠠᠯ ᠠᠴᠠ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢᠶᠠᠨ ᠡᠵᠡᠨ ᠮᠡᠳᠡᠨ ᠰᠣᠩᠭᠤᠨ ᠲᠣᠭᠲᠠᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ᠂ ᠰᠣᠩᠭᠤᠭᠳᠠᠭᠰᠠᠨ ᠠᠵᠤ ᠠᠬᠤᠶᠢᠯᠠᠯ ᠪᠣᠯᠤᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠣᠭᠲᠠᠬᠤ ᠬᠡᠷᠡᠭᠲᠡᠶ ᠃ ᠡᠮᠴᠢᠯᠡᠭᠡᠨ ᠤ ᠪᠠᠶᠢᠭᠤᠯᠤᠮᠵᠢ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠪᠠᠨ ᠪᠡᠶᠡᠯᠡᠭᠦᠯᠦᠭᠰᠡᠨ ᠤ ᠳᠠᠷᠠᠭ᠎ᠠ ᠮᠥᠨ ᠬᠦ ᠰᠣᠩᠭᠤᠭᠳᠠᠭᠰᠠᠨ ᠲᠥᠷᠥᠯ ᠵᠦᠶᠯ ᠢ ᠤᠷᠢᠳᠠᠪᠠᠷ ᠬᠡᠷᠡᠭᠯᠡᠬᠦ ᠬᠡᠷᠡᠭᠲᠡᠶ᠃ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ᠂ ᠡᠮᠴᠢᠯᠡᠭᠡᠨ ᠤ ᠪᠠᠶᠢᠭᠤᠯᠤᠮᠵᠢ ᠨᠢ ᠳᠠᠭᠠᠯᠲᠠ ᠦᠶᠯᠡᠴᠢᠯᠡᠭᠡᠨ ᠤ ᠦᠨ᠎ᠡ ᠬᠠᠩᠰᠢ ᠶᠢᠨ ᠶᠣᠰᠣᠭᠠᠷ ᠬᠤᠳᠠᠯᠳᠤᠨ ᠠᠪᠬᠤ᠂ ᠬᠡᠷᠡᠭᠯᠡᠬᠦ ᠪᠠ ᠪᠣᠷᠣᠯᠠᠭᠤᠯᠵᠤ᠂ ᠡᠪᠡᠳᠴᠢᠲᠡᠨ ᠳᠤ ᠳᠠᠭᠠᠯᠲᠠ ᠦᠶᠯᠡᠴᠢᠯᠡᠭᠡᠨ ᠤ ᠦᠨ᠎ᠡ ᠬᠠᠩᠰᠢ ᠶᠣᠰᠣᠭᠠᠷ ᠳ᠋ᠦᠩᠨᠡᠨ ᠪᠤᠳᠤᠬᠤ ᠬᠡᠷᠡᠭᠲᠡᠶ᠃ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠠᠴᠠ ᠬᠡᠲᠦᠷᠡᠭᠰᠡᠨ ᠬᠡᠰᠡᠭ ᠢ ᠠᠵᠤ ᠠᠬᠤᠶᠢᠯᠠᠯ ᠮᠥᠨ ᠯᠡ ᠰᠣᠩᠭᠤᠭᠳᠠᠭᠰᠠᠨ ᠦᠨ᠎ᠡ ᠪᠠᠷ ᠬᠠᠩᠭᠠᠬᠤ ᠬᠡᠷᠡᠭᠲᠡᠢ᠂ ᠲᠡᠪᠴᠢᠬᠦ ᠪᠤᠶᠤ ᠲᠦᠯᠬᠢᠯᠴᠡᠵᠦ ᠪᠣᠯᠬᠤ ᠦᠭᠡᠢ᠂ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠳᠦᠭᠦᠷᠬᠦ  ᠬᠠᠩᠭᠠᠨ᠎ᠠ ᠃ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶᠡᠨ ᠳᠣᠲᠣᠷᠠᠬᠢ ᠦᠢᠯᠡᠳᠬᠦᠨ ᠢ ᠠᠵᠤ ᠠᠬᠤᠶᠢᠯᠠᠯ ᠤᠨ ᠰᠢᠯᠲᠠᠭᠠᠨ ᠠᠴᠠ ᠪᠣᠯᠵᠤ ᠴᠠᠭ ᠲᠤᠬᠠᠶ ᠳᠤᠨᠢ ᠲᠣᠬᠢᠷᠠᠭᠤᠯᠤᠨ ᠬᠦᠷᠭᠡᠵᠦ ᠳᠡᠶᠢᠯᠬᠦ ᠦᠭᠡᠢ ᠠᠴᠠ ᠡᠮᠴᠢᠯᠡᠭᠡᠨ ᠳᠤ ᠬᠡᠷᠡᠭᠯᠡᠬᠦ ᠶᠢ ᠨᠥᠯᠥᠭᠡᠯᠡᠪᠡᠯ᠂ ᠡᠮᠴᠢᠯᠡᠭᠡᠨ ᠤ ᠪᠠᠶᠢᠭᠤᠯᠤᠮᠵᠢ ᠨᠢ ᠰᠣᠩᠭᠤᠭᠳᠠᠭᠰᠠᠨ ᠠᠵᠤ ᠠᠬᠤᠶᠢᠯᠠᠯ ᠯᠤᠭ᠎ᠠ ᠭᠦᠢᠴᠡᠳ ᠨᠡᠪᠲᠡᠷᠡᠯᠴᠡᠭᠰᠡᠨ ᠤ ᠳᠠᠷᠠᠭ᠎ᠠ᠂ ᠦᠨ᠎ᠡ ᠬᠠᠩᠰᠢ ᠨᠢ ᠲᠣᠬᠢᠷᠠᠮᠵᠢᠲᠠᠶ ᠪᠤᠰᠤᠳ ᠰᠣᠩᠭᠤᠭᠳᠠᠭᠰᠠᠨ ᠦᠢᠯᠡᠳᠬᠦᠨ ᠢ ᠲᠦᠷ ᠴᠠᠭ ᠰᠣᠩᠭᠤᠵᠤ ᠪᠣᠯᠤᠨ᠎ᠠ᠃ ᠠᠯᠢ ᠨᠢᠭᠡ ᠲᠠᠯ᠎ᠠ ᠨᠢ ᠴᠦ ᠭᠡᠳ ᠵᠠᠷᠤᠳᠠᠯ  ᠤᠨ ᠬᠢᠵᠠᠭᠠᠷᠯᠠᠯ᠂ ᠬᠡᠷᠡᠭᠯᠡᠬᠦ ᠦᠢᠯᠡᠳᠬᠦᠨ ᠤ ᠬᠡᠪ ᠪᠠᠷᠢᠮᠵᠢᠶ᠎ᠠ ᠪᠠ ᠲᠤᠭ᠎ᠠ ᠬᠡᠮᠵᠢᠶᠡᠨ ᠤ ᠬᠢᠵᠠᠭᠠᠷᠯᠠᠯ ᠵᠢᠴᠢ ᠲᠤᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠲᠠᠨᠭᠰᠠ ᠪᠠᠶᠢᠭᠤᠯᠬᠤ ᠵᠡᠷᠭᠡ ᠪᠠᠷ ᠰᠢᠯᠲᠠᠭ ᠪᠣᠯᠭᠠᠵᠤ ᠰᠣᠩᠭᠤᠭᠳᠠᠭᠰᠠᠨ ᠦᠢᠯᠡᠳᠬᠦᠨ ᠢ ᠬᠤᠳᠠᠯᠳᠤᠨ ᠠᠪᠬᠤ ᠪᠠ ᠬᠡᠷᠡᠭᠯᠡᠬᠦ ᠶᠢ ᠨᠥᠯᠥᠭᠡᠯᠡᠵᠦ ᠪᠣᠯᠬᠤ ᠦᠭᠡᠢ᠃ ᠰᠣᠩᠭᠤᠭᠳᠠᠭᠰᠠᠨ ᠦᠶᠯᠡᠳᠬᠦᠨ ᠢ ᠥᠪᠡᠷᠲᠡᠭᠡᠨ ᠵᠠᠰᠠᠬᠤ ᠣᠷᠣᠨ ᠠᠴᠠ ᠰᠦᠯᠵᠢᠶᠡᠨ ᠳᠡᠭᠡᠷ᠎ᠡ ᠨᠡᠮᠡᠵᠦ ᠨᠥᠬᠦᠪᠥᠷᠢᠯᠡᠬᠦ ᠶᠢ ᠨᠢᠭᠡᠳᠦᠯᠲᠡᠶ ᠶᠠᠪᠤᠭᠳᠠᠭᠤᠯᠬᠤ ᠶᠢᠨ ᠬᠠᠮᠲᠤ ᠰᠣᠩᠭᠤᠭᠳᠠᠭᠰᠠᠨ ᠦᠨ᠎ᠡ ᠬᠠᠩᠰᠢ ᠪᠠᠷ ᠬᠤᠳᠠᠯᠳᠤᠨ ᠠᠪᠴᠤ ᠬᠡᠷᠡᠭᠯᠡᠨ᠂ ᠰᠣᠩᠭᠤᠭᠳᠠᠭᠰᠠᠨ ᠥᠬᠡᠶ ᠦᠶᠯᠡᠳᠬᠦᠨ ᠢ ᠮᠥᠨ ᠬᠦ ᠣᠲᠣ ᠶᠢᠨ ᠬᠡᠷᠡᠭᠵᠢᠭᠦᠯᠵᠦ ᠪᠠᠶᠢᠭ᠎ᠠ ᠰᠦᠯᠵᠢᠶᠡᠨ ᠳᠤ ᠡᠯᠭᠦᠬᠦ ᠲᠦᠷᠢᠮ ᠶᠣᠰᠣᠭᠠᠷ ᠠᠵᠤ ᠠᠬᠤᠶᠢᠯᠠᠯ ᠠᠴᠠ ᠰᠦᠯᠵᠢᠶᠡᠨ ᠳᠤ ᠭᠠᠷᠭᠠᠨ᠎ᠠ᠃  ᠡᠯ᠎ᠡ ᠰᠣᠩᠭᠤᠭᠳᠠᠭᠰᠠᠨ ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ ᠪᠠ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠬᠤᠷᠣᠭᠳᠠᠯ ᠮᠠᠲ᠋ᠧᠷᠢᠶᠠᠯ ᠳᠠᠭᠠᠭᠠᠴᠢᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠳᠤ ᠨᠡᠪᠲᠡᠷᠡᠨ ᠂ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠨᠤᠲᠠᠯᠠᠬᠤ ᠪᠠ ᠭᠤᠷᠪᠠᠨ ᠲᠠᠯ᠎ᠠ ᠪᠠᠷ ᠢᠶᠠᠨ ᠬᠡᠯᠡᠯᠴᠡᠭᠡᠷ ᠲᠣᠭᠲᠠᠬᠤ ᠠᠵᠢᠯ ᠢ ᠲᠣᠭᠲᠠᠭᠰᠠᠨ ᠴᠠᠭ ᠬᠤᠭᠤᠴᠠᠭᠠᠨ ᠳᠤ ᠪᠡᠶᠡᠯᠡᠭᠦᠯᠵᠦ ᠪᠣᠯᠤᠨ᠎ᠠ᠃ ᠡᠯ᠎ᠡ ᠲᠠᠯ᠎ᠠ ᠶᠢᠨ ᠬᠢᠨ ᠬᠤᠳᠠᠯᠳᠤᠨ ᠠᠪᠬᠤ ᠭᠡᠷ᠎ᠡ ᠶᠢ ᠴᠢᠩᠭ᠎ᠠ ᠭᠦᠢᠴᠡᠳᠬᠡᠬᠦ ᠬᠡᠷᠡᠭᠲᠡᠢ᠂ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠵᠥᠷᠢᠴᠡᠭᠰᠡᠨ ᠪᠤᠰᠤᠳ ᠭᠡᠷ᠎ᠡ ᠶᠢ ᠳᠠᠬᠢᠨ ᠲᠣᠭᠲᠠᠭᠠᠬᠤ ᠪᠤᠶᠤ ᠭᠡᠷ᠎ᠡ ᠠᠴᠠ ᠭᠠᠳᠠᠨᠠᠬᠢ ᠶᠠᠮᠠᠷᠪᠠ ᠠᠰᠢᠭ ᠲᠤᠰᠠ ᠶᠢᠨ ᠴᠢᠨᠠᠷᠲᠠᠢ ᠱᠠᠭᠠᠷᠳᠠᠯᠭ᠎ᠠ ᠳᠤᠷᠠᠳᠴᠤ ᠪᠣᠯᠬᠤ ᠦᠭᠡᠢ᠃  ᠭᠤᠷᠪᠠ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢᠨ ᠵᠣᠯᠭᠠᠯᠲᠠ ᠶᠢ ᠰᠠᠶᠢᠲᠤᠷ ᠬᠢᠬᠦ ᠬᠡᠷᠡᠭᠲᠡᠶ  ᠤᠯᠤᠰ ᠠᠴᠠ ᠵᠣᠬᠢᠶᠠᠨ ᠪᠠᠶᠢᠭᠤᠯᠤᠭᠰᠠᠨ ᠲᠢᠲᠢᠮᠯᠢᠭ ᠰᠤᠳᠠᠯ ᠤᠨ ᠲᠤᠯᠤᠭᠠᠰᠤ ᠶᠢ ᠲᠣᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠰᠠᠨ ᠦᠶᠯᠡᠳᠬᠦᠨ ᠨᠢ ᠰᠣᠩᠭᠤᠭᠳᠠᠭᠰᠠᠨ ᠦᠨ᠎ᠡ ︵ ᠳᠠᠭᠠᠯᠲᠠ ᠦᠶᠯᠡᠴᠢᠯᠡᠭᠡᠨ ᠤ ᠦᠨ᠎ᠡ ᠬᠠᠩᠰᠢ ᠪᠠᠭᠲᠠᠨ᠎ᠠ︶ ᠪᠠᠷ ᠲᠣᠭᠠᠴᠠᠭ᠎ᠠ ᠬᠢᠬᠦ ᠪᠠᠷᠢᠮᠵᠢᠶ᠎ᠠ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠪᠥᠬᠦ ᠲᠤᠭ᠎ᠠ ᠪᠠᠷ ᠨᠢ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠭᠰᠠᠨ ᠬᠠᠷᠢᠴᠠᠯ ᠶᠣᠰᠣᠭᠠᠷ ᠲᠣᠭᠠᠴᠠᠭ᠎ᠠ ᠬᠢᠨ᠎ᠠ᠃ ᠰᠣᠩᠭᠤᠭᠳᠠᠭᠰᠠᠨ ᠦᠶᠯᠡᠳᠬᠦᠨ ᠠᠴᠠ ᠪᠤᠰᠤᠳ ᠲᠢᠲᠢᠮᠯᠢᠭ ᠰᠤᠳᠠᠯ ᠤᠨ ᠲᠤᠯᠤᠭᠠᠰᠤ ᠨᠢ ᠮᠠᠨ ᠤ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠬᠠᠷᠢᠶᠠᠯᠠᠭᠳᠠᠪᠠᠯ᠂ ᠪᠣᠳᠠᠲᠠᠶ ᠠᠷᠠᠯᠵᠢᠶᠠᠯᠠᠭᠰᠠᠨ ᠦᠨ᠎ᠡ ᠬᠠᠩᠰᠢ ᠶᠢ ᠦᠨᠳᠦᠰᠦᠯᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ 3 ᠵᠢᠯ ᠤᠨ ᠳᠣᠲᠣᠷ᠎ᠠ ᠲᠣᠭᠠᠴᠠᠭ᠎ᠠ ᠬᠢᠬᠦ ᠪᠠᠷᠢᠮᠵᠢᠶ᠎ᠠ ᠳᠤ ᠠᠯᠬᠤᠮ ᠠᠯᠬᠤᠮ ᠢᠶᠠᠷ ᠲᠣᠬᠢᠷᠠᠭᠤᠯᠤᠯᠲᠠ ᠬᠢᠵᠦ᠂ ᠲᠡᠭᠦᠨ ᠢ ᠬᠠᠮᠤᠭ ᠤᠨ ᠥᠨᠳᠥᠷ ᠰᠣᠩᠭᠤᠭᠳᠠᠭᠰᠠᠨ ᠦᠨ᠎ᠡ ᠠᠴᠠ ᠬᠡᠲᠦᠷᠡᠭᠦᠯᠬᠦ ᠥᠬᠡᠶ ᠪᠠᠶᠢᠯᠭᠠᠨ᠎ᠠ᠃ ᠡᠯ᠎ᠡ ᠭᠠᠵᠠᠷ ᠤᠨ ᠬᠢᠨ ᠰᠣᠩᠭᠤᠭᠳᠠᠭᠰᠠᠨ ᠦᠶᠯᠡᠳᠬᠦᠨ ᠤ ᠰᠣᠩᠭᠤᠭᠳᠠᠭᠰᠠᠨ ᠦᠨ᠎ᠡ ᠬᠠᠩᠰᠢ ᠶᠢ ᠦᠨᠳᠦᠰᠦᠯᠡᠨ᠂ ᠡᠯ᠎ᠡ ᠡᠮᠴᠢᠯᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠯᠤᠭ᠎ᠠ ᠵᠥᠪᠳᠡᠯᠴᠡᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠦᠶᠯᠡᠳᠬᠦᠨ ᠵᠢᠴᠢ ᠲᠤᠭ᠎ᠠ ᠬᠡᠮᠵᠢᠶ᠎ᠡ ᠶᠢ ᠦᠨᠳᠦᠰᠦᠯᠡᠨ᠂ ᠵᠥᠪᠳᠡᠯᠴᠡᠨ ᠬᠤᠳᠠᠯᠳᠤᠨ ᠠᠪᠬᠤ ᠵᠣᠭᠤᠰ ᠤᠨ ᠲᠤᠭ᠎ᠠ ᠶᠢ ᠴᠠᠭ ᠲᠤᠬᠠᠶ  ᠳᠤᠨᠢ ᠲᠥᠰᠦᠭᠡᠯᠡᠨ ᠪᠤᠳᠤᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ  ᠶᠢᠨ ᠲᠥᠰᠦᠪ ᠤᠨ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠤᠷᠢᠳᠴᠢᠯᠠᠨ ᠥᠭᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠬᠢᠭᠡᠳ ᠰᠣᠩᠭᠤᠭᠳᠠᠭᠰᠠᠨ ᠠᠵᠤ ᠠᠬᠤᠶᠢᠯᠠᠯ ᠨᠢ ᠬᠤᠳᠠᠯᠳᠤᠨ ᠠᠪᠬᠤ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠣᠨ ᠤ ᠵᠥᠪᠳᠡᠯᠴᠡᠬᠡᠷ ᠤᠨ ᠬᠤᠳᠠᠯᠳᠤᠨ ᠠᠪᠬᠤ ᠵᠣᠭᠤᠰ ᠤᠨ ᠲᠤᠭ᠎ᠠ ᠶᠢᠨ 30 % ᠠᠴᠠ ᠳᠣᠤᠷ᠎ᠠ ᠪᠠᠶᠢᠯᠭᠠᠬᠤ ᠥᠬᠡᠶ ᠪᠠᠷ ᠡᠮᠴᠢᠯᠡᠭᠡᠨ ᠤ ᠪᠠᠶᠢᠭᠤᠯᠤᠮᠵᠢ ᠳᠤ ᠤᠷᠢᠳᠴᠢᠯᠠᠨ ᠥᠭᠭᠦᠨ᠎ᠡ᠃ ᠡᠮᠴᠢᠯᠡᠭᠡᠨ ᠤ ᠪᠠᠶᠢᠭᠤᠯᠤᠮᠵᠢ ᠨᠢ ᠪᠠᠷᠠᠭᠠᠨ ᠤ ᠵᠣᠭᠤᠰ ᠢ ᠥᠭᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠠᠵᠤ ᠠᠬᠤᠶᠢᠯᠠᠯ ᠯᠤᠭ᠎ᠠ ᠪᠠᠷᠠᠭᠠᠨ ᠤ ᠵᠣᠭᠤᠰ  ᠢ ᠴᠠᠭ ᠲᠤᠬᠠᠶ ᠳᠤᠨᠢ ᠳ᠋ᠦᠩᠨᠡᠨ ᠪᠣᠳᠣᠵᠤ᠂ ᠳ᠋ᠦᠩᠨᠡᠨ ᠪᠣᠳᠣᠵᠤ ᠳᠠᠭᠤᠰᠬᠠᠬᠤ ᠴᠠᠭ ᠢ ᠪᠠᠷᠠᠭ᠎ᠠ ᠲᠤᠰᠢᠶᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠰᠠᠷ᠎ᠠ ᠶᠢᠨ ᠰᠡᠭᠦᠯᠴᠢ ᠠᠴᠠ ᠬᠡᠲᠦᠷᠡᠭᠦᠯᠵᠦ ᠪᠣᠯᠬᠤ ᠦᠭᠡᠶ᠃  ᠳᠥᠷᠪᠡ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ  ᠡᠯ᠎ᠡ ᠭᠠᠵᠠᠷ ᠤᠳ ᠥᠪᠡᠷᠲᠡᠭᠡᠨ ᠵᠠᠰᠠᠬᠤ ᠣᠷᠣᠨ ᠤ ᠤᠯᠤᠰ ᠠᠴᠠ ᠵᠣᠬᠢᠶᠠᠨ ᠪᠠᠶᠢᠭᠤᠯᠤᠨ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠶᠢ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠥᠬᠦᠶ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠲᠦᠷᠢᠮ ᠢ ᠲᠡᠭᠦᠯᠳᠡᠷᠵᠢᠭᠦᠯᠬᠦ ᠶᠢᠨ ᠬᠠᠮᠲᠤ᠂ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠲᠢᠲᠢᠮᠯᠢᠭ ᠰᠤᠳᠠᠯ ᠤᠨ ᠲᠤᠯᠤᠭᠠᠰᠤ ᠶᠢᠨ ᠦᠯᠡᠳᠡᠪᠦᠷᠢ  ᠶᠢ ᠦᠯᠡᠳᠡᠭᠡᠨ ᠬᠡᠷᠡᠭᠯᠡᠬᠦ ᠳᠣᠲᠣᠭᠠᠳᠤ ᠶᠢᠨ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠡᠮᠨᠡᠯᠭᠡ ᠶᠢᠨ ᠠᠵᠢᠯᠲᠠᠨ ᠳᠤ ᠳᠠᠮᠵᠢᠭᠤᠯᠵᠤ᠂ ᠡᠮᠨᠡᠯᠭᠡ ᠶᠢᠨ ᠠᠵᠢᠯᠲᠠᠨ ᠤ ᠵᠦᠶ ᠵᠣᠬᠢᠰᠲᠠᠶ᠂ ᠵᠢᠷᠤᠮᠵᠢᠯ ᠲᠠᠢ᠂ ᠤᠷᠢᠳᠠᠪᠠᠷ ᠰᠣᠩᠭᠤᠭᠳᠠᠭᠰᠠᠨ ᠦᠶᠯᠡᠳᠬᠦᠨ ᠢ ᠬᠡᠷᠡᠭᠯᠡᠬᠦ ᠶᠢ ᠵᠣᠷᠢᠭᠵᠢᠭᠤᠯᠤᠨ᠎ᠠ᠃  ᠲᠠᠪᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ  ︵ ᠨᠢᠭᠡ︶ ᠡᠯ᠎ᠡ ᠭᠠᠵᠠᠷ ᠤᠨ ᠬᠢᠨ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠪᠠ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠣᠳᠣᠯ ᠢᠶᠠᠨ ᠴᠢᠩᠭᠠᠷᠠᠭᠤᠯᠤᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠦᠨᠡᠨᠬᠦ ᠴᠢᠩᠭᠠᠳᠬᠠᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠲᠢᠲᠢᠮᠯᠢᠭ ᠰᠤᠳᠠᠯ ᠤᠨ ᠲᠤᠯᠤᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭᠠᠳ ᠵᠠᠯᠭᠠᠨ ᠰᠣᠩᠭᠤᠭᠳᠠᠭᠰᠠᠨ ᠦᠷ᠎ᠡ ᠳ᠋ᠦᠩ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠲᠣᠭᠲᠠᠭᠤᠨ ᠢᠶᠠᠷ ᠠᠬᠢᠭᠤᠯᠬᠤ ᠬᠡᠷᠡᠭᠲᠡᠶ᠃  ︵ ᠬᠤᠶᠠᠷ ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠡᠯ᠎ᠡ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠳᠤ ᠬᠠᠨᠳᠤᠭᠤᠯᠤᠭᠰᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠵᠥᠪᠰᠢᠶᠡᠷᠡᠬᠦ ᠪᠣᠳᠣᠯ ᠢ ᠭᠦᠨᠵᠡᠭᠡᠶᠢᠷᠡᠭᠦᠯᠦᠨ᠂ ᠵᠠᠭᠠᠯᠳᠤᠯᠭ᠎ᠠ ᠵᠠᠬᠢᠳᠠᠯ ᠰᠤᠷᠪᠤᠯᠵᠢᠯᠠᠯ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠬᠢᠨᠠᠨ ᠰᠢᠯᠭᠠᠵᠤ᠂ ᠶᠠᠷᠢᠶ᠎ᠠ ᠬᠡᠯᠡᠯᠴᠡᠭᠡ  ᠪᠠᠷ ᠬᠥᠲᠥᠯᠥᠨ ᠵᠢᠯᠣᠭᠤᠳᠬᠤ᠂ ᠲᠣᠬᠢᠷᠠᠭᠤᠯᠤᠨ ᠡᠵᠡᠮᠳᠡᠬᠦ ᠪᠠ ᠬᠠᠮᠢᠶᠠᠷᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠪᠦᠬᠦᠯᠢ ᠴᠣᠭᠴᠠ ᠶᠢᠨ ᠲᠣᠭᠲᠠᠭᠤᠨ ᠪᠥᠭᠡᠳ ᠡᠵᠡᠮᠰᠢᠵᠦ ᠪᠣᠯᠬᠤᠷ ᠢ ᠦᠨᠡᠨᠬᠦ ᠪᠠᠲᠤᠯᠠᠨ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ            2023 ᠣᠨ ᠤ 2 ᠳ᠋ᠤᠭᠠᠷ ᠰᠠᠷ᠎ᠠ ᠶᠢᠨ 4 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号