ᠲᠣᠪᠴᠢᠶ᠎ᠠ ᠶᠢᠨ ᠳᠡᠳ᠋ ᠳᠠᠷᠤᠭ᠎ᠠ ᠼᠠᠢ ᠬᠤᠩ ᠢᠤᠢ ᠨᠠᠷ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠳᠤ ᠬᠦᠷᠴᠦ ᠬᠤᠷᠣᠭᠳᠠᠯ ᠮᠠᠲ᠋ᠧᠷᠢᠶᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠶᠢ ᠰᠢᠭᠤᠳ ᠳ᠋ᠦᠩᠨᠡᠨ ᠪᠤᠳᠤᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/10
  2023 ᠣᠨ ᠤ 3 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ ᠶᠢᠨ ᠳᠡᠳ᠋ ᠳᠠᠷᠤᠭ᠎ᠠ ᠼᠠᠢ ᠬᠤᠩ ᠢᠤᠢ ᠨᠠᠷ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠳᠤ ᠬᠦᠷᠴᠦ ᠬᠤᠷᠣᠭᠳᠠᠯ ᠮᠠᠲ᠋ᠧᠷᠢᠶᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠶᠢ ᠰᠢᠭᠤᠳ ᠳ᠋ᠦᠩᠨᠡᠨ ᠪᠤᠳᠤᠬᠤ ᠠᠵᠢᠯ ᠤᠨ ᠶᠠᠷᠢᠯᠴᠠᠬᠤ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃
1.jpg
  ᠡᠮᠨᠡᠯᠭᠡ ᠶᠢᠨ ᠬᠤᠷᠢᠶ᠎ᠠ ᠶᠢᠨ ᠨᠠᠮ ᠤᠨ ᠬᠤᠷᠢᠶᠠᠨ ᠤ ᠱᠦᠵᠢ ᠯᠢᠦ ᠸᠠᠨ ᠯᠢᠨ ᠬᠤᠷᠣᠭᠳᠠᠯ ᠮᠠᠲ᠋ᠧᠷᠢᠶᠠᠯ  ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠪᠣᠳᠠᠲᠠᠶ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠤᠳᠠᠯ ᠥᠬᠡᠶ ᠥᠷᠨᠢᠭᠦᠯᠬᠦ ᠭᠡᠵᠦ ᠪᠠᠶᠢᠭ᠎ᠠ ᠬᠤᠷᠣᠭᠳᠠᠯ ᠮᠠᠲ᠋ᠧᠷᠢᠶᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠶᠢ ᠰᠢᠭᠤᠳ ᠳ᠋ᠦᠩᠨᠡᠨ ᠪᠤᠳᠤᠬᠤ ᠠᠵᠢᠯ ᠢ ᠶᠡᠭᠡ ᠪᠠᠷ ᠳᠡᠮᠵᠢᠵᠦ ᠪᠠᠶᠢᠬᠤ ᠪᠠᠨ ᠢᠯᠡᠳᠬᠡᠪᠡ᠃  ᠲᠣᠪᠴᠢᠶ᠎ᠠ ᠶᠢᠨ ᠳᠡᠳ᠋ ᠳᠠᠷᠤᠭ᠎ᠠ ᠼᠠᠢ ᠬᠤᠩ ᠢᠤᠢ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠳᠡᠰ  ᠤᠨ ᠬᠥᠬᠡ ᠵᠡᠷᠭᠡᠮᠵᠢ ᠶᠢᠨ ᠶᠠᠰᠤᠨ ᠤ ᠰᠠᠯᠠᠭ᠎ᠠ ᠶᠢᠨ ᠲᠤᠰᠬᠠᠶ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ᠂ ᠬᠡᠷᠡᠭᠯᠡᠬᠦ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠲᠥᠷᠥᠯ ᠵᠦᠶᠯ ᠣᠯᠠᠨ᠂ ᠬᠡᠷᠡᠭᠯᠡᠬᠦ ᠬᠡᠮᠵᠢᠶ᠎ᠡ ᠶᠡᠭᠡ ᠪᠣᠯᠬᠤᠷ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠦᠶ ᠠᠵᠢᠯ ᠳᠤ ᠢᠳᠡᠪᠬᠢᠲᠡᠶ ᠬᠠᠮᠵᠢᠯᠴᠠᠵᠤ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠨ ᠭᠠᠷᠭᠠᠵᠠᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号