ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠠᠴᠠ ︽ᠨᠠᠮ | ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠢ ᠪᠠᠲᠤᠯᠠᠪᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢᠷᠡᠭᠦᠯᠬᠦ ᠪᠣᠯ ᠲᠡᠭᠦᠨ ᠤ ᠳᠣᠲᠣᠷᠠᠬᠢ ᠨᠢᠭᠡ | ᠴᠢᠬᠤᠯᠠ ᠡᠭᠦᠷᠭᠡ ᠪᠣᠯᠤᠨ᠎ᠠ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠢᠯᠡᠨ | ᠵᠢᠯᠣᠭᠤᠳᠣᠭᠤᠯᠵᠥ᠂ ᠤᠯᠤᠰ ᠤᠨ ᠵᠠᠰᠠᠯᠲᠠ ᠶᠢᠨ ᠱᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠥᠭᠡᠷᠡᠴᠢᠯᠡᠯᠲᠡ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠲᠣᠭᠲᠠᠭᠤᠨ ᠤ ᠳᠤᠮᠳᠠ ᠤᠷᠤᠭ᠍ᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠥ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠥᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠳᠤ ᠵᠤᠬᠢᠴᠠᠭᠤᠯᠵᠥ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠢᠲᠠᠶ ᠬᠥᠭᠵᠢᠯᠲᠡ ᠶᠢ ᠠᠬᠢᠭᠤᠯᠬᠤ ᠬᠡᠷᠡᠭᠴᠡᠭᠡ ᠳᠤ | ᠵᠤᠬᠢᠴᠠᠭᠤᠯᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ | ᠳ᠋ᠠᠶᠢᠲ᠋ᠠ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠡᠳᠡᠯᠭᠡ ᠶᠢᠨ ᠦᠮᠴᠢᠯᠡᠯ | ᠤᠨ ᠡᠷᠬᠡ᠂ ᠦᠳᠡᠬᠦᠰ ᠤᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠶᠢᠨ ᠡᠭᠦᠷᠭᠡ | ᠬᠠᠷᠢᠭᠤᠴᠠᠯᠭ᠎ᠠ ᠶᠢ ᠰᠢᠯᠢᠳᠡᠭᠵᠢᠭᠦᠯᠬᠦ ᠪᠠ ᠲᠣᠬᠢᠷᠠᠭᠤᠯᠬᠤ ᠶᠢ ᠴᠢᠩᠭᠠᠳᠬᠠᠵᠥ᠂ ᠵᠠᠰᠠᠭ ᠤᠨ ᠣᠷᠳᠣᠨ ᠤ ᠡᠭᠦᠷᠭᠡ | ᠴᠢᠳᠠᠪᠬᠢ ᠶᠢ ᠬᠤᠪᠢᠷᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠨᠡᠶᠢᠭᠡᠮ | ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠲᠡᠢ ᠪᠠᠲᠤᠯᠠᠭ᠎ᠠ | ᠬᠠᠩᠭᠠᠬᠤ ᠬᠡᠷᠡᠭᠳᠡᠢ᠃ | ᠨᠢᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠢ ᠳᠠᠬᠢᠵᠤ ᠪᠠᠶᠢᠭᠤᠯᠤᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠰᠢᠨ᠎ᠡ ᠮᠠᠶ᠋ᠢᠭ ᠤᠨ ᠤᠯᠤᠰ ᠲᠠᠶᠠᠭᠠᠷᠴᠢᠯᠠᠭᠰᠠᠨ ᠪᠠᠶᠢᠭᠤᠯᠤᠮᠵᠢ ᠶᠢ | ᠲᠡᠭᠦᠯᠳᠡᠷᠵᠢᠭᠦᠯᠬᠦ ᠶᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠬᠦ | ᠬᠡᠯᠬᠢᠶ᠎ᠡ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠬᠤ ᠶᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠠᠵᠤ ᠠᠬᠤᠢ | ᠨᠡᠶᠢᠭᠡᠮ ᠤᠨ ᠬᠥᠭᠵᠢᠯᠲᠡ ᠶᠢ ᠤᠶᠠᠯᠳᠤᠭᠤᠯᠬᠤ ᠶᠢ ᠠᠬᠢᠭᠤᠯᠬᠤ ᠵᠡᠷᠭᠡ ᠡᠭᠦᠷᠭᠡ ᠴᠢᠳᠠᠪᠬᠢ ᠶᠢ ᠴᠢᠩᠭᠠᠳᠬᠠᠵᠥ᠂ | ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠪᠠᠶᠢᠭᠤᠯᠤᠮᠵᠢ ᠶᠢᠨ ᠥᠭᠡᠷᠡᠴᠢᠯᠡᠯᠲᠡ᠂ ᠡᠬᠢ ᠪᠠᠶᠠᠯᠢᠭ ᠢ | ᠨᠢᠭᠡᠳᠦᠯᠲᠡᠶ ᠲᠥᠯᠥᠪᠵᠢᠬᠦᠯᠬᠦ᠂ ᠶᠡᠷᠦᠩᠬᠡᠶᠢᠯᠡᠨ ᠵᠣᠬᠢᠴᠠᠭᠤᠯᠬᠤ᠂ ᠲᠥᠷᠥ ᠶᠢᠨ ᠪᠤᠳᠤᠯᠭ᠎ᠠ ᠬᠠᠤᠯᠢ ᠲᠣᠭᠲᠠᠭᠠᠯ᠂ | ᠱᠠᠯᠠᠪᠳᠠᠭᠤᠯᠤᠨ ᠪᠠᠶᠢᠴᠠᠭᠠᠬᠤ ᠵᠡᠷᠭᠡ ᠬᠤᠷᠸ᠎ᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠵᠥ᠂ | ᠤᠯᠤᠰ ᠤᠨ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ᠂ ᠤᠯᠤᠰ ᠤᠨ ᠲᠤᠷᠰᠢᠯᠲᠠ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ | ᠶᠡᠭᠡ ᠲᠤᠰᠬᠠᠢ ᠵᠦᠢᠯᠡᠰ᠂ ᠤᠯᠤᠰ ᠤᠨ ᠮᠡᠷᠭᠡᠵᠢᠯ ᠢ ᠰᠢᠨᠵᠢᠭᠦᠯᠬᠦ ᠰᠢᠰᠲ᠋ᠧᠮ ᠤᠨ ᠪᠠᠶᠢᠭᠤᠯᠤᠯᠲᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ ᠪᠠ ᠦᠢᠯᠡᠳᠪᠦᠷᠢᠯᠡᠯ | ᠵᠢᠭᠠᠨ ᠰᠤᠷᠭᠠᠯᠳᠠ ᠰᠤᠳᠤᠯᠭᠠᠨ ᠢ ᠤᠶᠠᠯᠳᠤᠭᠤᠯᠬᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠨᠠᠯᠲᠠ ᠦᠨᠡᠯᠡᠯᠲᠡ ᠶᠢᠨ ᠰᠢᠰᠲ᠋ᠧᠮ ᠤᠨ ᠪᠠᠶᠢᠭᠤᠯᠤᠯᠲᠠ᠂ ᠱᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ | ᠢᠲᠡᠭᠡᠮᠵᠢ ᠶᠢᠨ ᠪᠠᠶᠢᠭᠤᠯᠤᠯᠲᠠ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠰᠢᠯᠭᠠᠷᠠᠭᠤᠯᠤᠯᠳᠠ ᠵᠡᠷᠭᠡ ᠬᠤᠯᠪᠣᠭᠳᠠᠯ ᠪᠦᠬᠦᠢ | ᠲᠤᠰᠢᠶᠠᠯ ᠬᠠᠷᠢᠭᠤᠴᠠᠯᠭ᠎ᠠ ᠶᠢ ᠦᠯᠡᠳᠡᠬᠡᠵᠥ᠂ ᠮᠦᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠦᠷᠢᠯᠳᠦᠬᠦᠨ | ᠰᠠᠯᠠᠭ᠎ᠠ ᠮᠥᠴᠢᠷ ᠢᠶᠠᠷ ᠢᠶᠠᠨ ᠪᠠᠶᠢᠯᠭᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠬᠦᠳᠡᠭᠡ ᠠᠵᠥ ᠠᠬᠤᠢ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠪᠠ ᠲᠥᠷᠥ ᠶᠢᠨ | ᠪᠣᠳᠣᠯᠭ᠎ᠠ ᠶᠢ ᠵᠤᠬᠢᠶᠠᠨ ᠪᠠᠶᠢᠭᠤᠯᠤᠨ ᠨᠤᠤᠷᠠᠭᠯᠠᠨ ᠳᠤᠭᠤᠷᠪᠢᠬᠤ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ ᠶᠢ ᠵᠢᠯᠣᠭᠤᠳᠭᠤ ᠲᠤᠰᠢᠶᠠᠯ ᠬᠠᠷᠢᠭᠤᠴᠠᠯᠭ᠎ᠠ ᠶᠢ ᠬᠦᠳᠡᠭᠡ ᠠᠵᠥ ᠠᠬᠤᠢ | ᠬᠥᠳᠡᠭᠡ ᠲᠣᠰᠬᠤᠨ ᠤ ᠶᠠᠮᠤᠨ ᠳᠤ ᠬᠤᠪᠢᠶᠠᠷᠢᠯᠠᠨ ᠦᠭᠭᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠲᠥᠯᠥᠪᠵᠢᠭᠦᠯᠭᠡ ᠪᠠ ᠲᠥᠷᠥ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠨᠤᠤᠷᠠᠭᠯᠠᠨ ᠳᠤᠭᠤᠷᠪᠢᠬᠤ ᠲᠤᠰᠢᠶᠠᠯ | ᠬᠠᠷᠢᠭᠤᠴᠠᠯᠭ᠎ᠠ ᠶᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ | ᠲᠣᠭᠤᠷᠢᠨ ᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠤ | ᠲᠤᠰ ᠲᠤᠰ ᠬᠤᠪᠢᠶᠠᠷᠢᠯᠠᠨ ᠦᠭᠭᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠳᠡᠭᠡᠳᠦ ᠰᠢᠨ᠎ᠡ | ᠮᠡᠷᠭᠡᠵᠢᠯ ᠤᠨ ᠬᠥᠭᠵᠢᠯᠲᠡ ᠵᠢᠴᠢ ᠠᠵᠤ ᠦᠢᠯᠡᠰᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠤᠳᠤᠯᠭ᠎ᠠ ᠶᠢ | ᠵᠣᠬᠢᠶᠠᠨ ᠪᠠᠶᠢᠭᠤᠯᠤᠨ ᠨᠤᠤᠷᠠᠭᠯᠠᠨ ᠲᠤᠭᠤᠷᠪᠢᠬᠤ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠵᠢᠱᠢᠶ᠎ᠡ ᠦᠵᠡᠭᠦᠯᠬᠦ ᠣᠷᠣᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ | ᠳᠤᠭᠤᠷᠢᠭ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠵᠢᠯᠣᠭᠤᠳᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠮᠡᠷᠭᠡᠵᠢᠯ ᠤᠨ ᠵᠠᠬ᠎ᠠ ᠳᠡᠯᠭᠡᠭᠦᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠭᠤᠴᠢ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠭᠤ ᠵᠡᠷᠬᠡ ᠲᠤᠰᠢᠶᠠᠯ ᠬᠠᠷᠢᠭᠤᠴᠠᠯᠭ᠎ᠠ ᠶᠢ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ ᠳᠤ ᠬᠤᠪᠢᠶᠠᠷᠢᠯᠠᠨ ᠦᠭᠭᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠠᠮᠤᠨ ᠤ ᠭᠠᠳᠠᠭᠠᠳᠤ ᠶᠢᠨ ᠤᠶᠤᠨ ᠴᠢᠳᠠᠪᠤᠷᠢ ᠶᠢ ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠬᠤ ᠲᠤᠰᠢᠶᠠᠯ | ᠬᠠᠷᠢᠭᠤᠴᠠᠯᠭ᠎ᠠ ᠶᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠳᠤ | ᠬᠤᠪᠢᠶᠠᠷᠢᠯᠠᠨ ᠦᠭᠴᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠳᠤ | ᠤᠯᠤᠰ ᠤᠨ ᠭᠠᠳᠠᠭᠠᠳᠤ ᠶᠢᠨ ᠲᠤᠰᠭᠠᠢ ᠮᠡᠷᠭᠡᠵᠢᠯᠲᠡᠨ ᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠢ ᠬᠤᠪᠢᠶᠠᠷᠢᠯᠠᠨ ᠬᠡᠷᠡᠭᠯᠡᠬᠦ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢᠷᠡᠭᠦᠯᠵᠤ᠂ ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠯᠥᠪᠯᠡᠭᠡ ᠶᠢ ᠬᠡᠷᠡᠭᠵᠢᠭᠦᠯᠬᠦ ᠪᠠ ᠲᠤᠰᠭᠠᠢ ᠪᠠᠶᠢᠭᠤᠯᠤᠮᠵᠢ ᠶᠢᠨ ᠬᠠᠮᠢᠶᠠᠷᠤᠯᠲᠠ ᠶᠢᠨ | ᠪᠠᠢᠭᠤᠯᠤᠮᠵᠢ ᠶᠢ ᠲᠡᠭᠦᠯᠳᠡᠷᠵᠢᠭᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠲᠥᠷᠥ ᠶᠢᠨ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠢ ᠵᠦᠢᠯᠡᠰ᠂ ᠰᠠᠭᠤᠷᠢ | ᠮᠥᠩᠭᠦ ᠵᠡᠷᠭᠡ︶ ᠶᠢ ᠵᠣᠬᠢᠴᠠᠭᠤᠯᠤᠨ ᠬᠠᠮᠢᠶᠠᠷᠬᠤ᠂ ᠡᠷᠳᠡᠮ ᠰᠢᠨᠵᠢᠯᠡᠭᠡᠨ ᠤ ᠲᠥᠷᠥᠯ ᠵᠦᠢᠯ ᠤᠨ ᠪᠠᠯᠠ ᠮᠥᠩᠭᠦ ᠶᠢ | ᠵᠣᠬᠢᠴᠠᠭᠤᠯᠤᠨ ᠦᠨᠡᠯᠡᠬᠦ ᠵᠡᠷᠭᠡ ᠲᠤᠰᠢᠶᠠᠯ ᠬᠠᠷᠢᠭᠤᠴᠠᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠠᠮᠤᠨ ᠳᠤ ᠬᠠᠷᠢᠶᠠᠯᠠᠭᠳᠠᠬᠤ ᠳᠤᠮᠳᠠᠳᠤ ᠤᠯᠤᠰ ᠤᠨ ᠬᠥᠳᠡᠭᠡ ᠲᠣᠰᠬᠤᠨ ᠤ ᠮᠡᠷᠭᠡᠵᠢᠯ ᠢ ᠨᠡᠭᠡᠭᠡᠨ ᠬᠥᠭᠵᠢᠭᠦᠯᠬᠦ | ᠲᠥᠪ ᠢ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠳᠤ ᠬᠤᠪᠢᠶᠠᠷᠢᠯᠠᠨ ᠦᠭᠴᠤ᠂ ᠳᠤᠮᠳᠠᠳᠤ | ᠤᠯᠤᠰ ᠤᠨ ᠠᠮᠢᠳᠤ ᠪᠣᠳᠠᠰ ᠤᠨ ᠮᠡᠷᠭᠡᠵᠢᠯ ᠤᠨ ᠬᠥᠭᠵᠢᠯᠲᠡ ᠶᠢᠨ ᠲᠥᠪ ᠢ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠳᠤ ᠬᠤᠪᠢᠶᠠᠷᠢᠯᠡᠨ ᠦᠭᠴᠤ᠂ ᠳᠤᠮᠳᠠᠳᠤ ᠤᠯᠤᠰ ᠤᠨ 21 ᠳ᠋ᠤᠭᠡᠷ ᠵᠠᠭᠤᠨ ᠤ ᠵᠥᠪᠯᠡᠬᠦ | ᠵᠦᠢᠯ ᠤᠨ ᠬᠠᠮᠢᠶᠠᠷᠤᠯᠲᠠ ᠶᠢᠨ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠳᠡᠭᠡᠳᠦ | ᠮᠡᠷᠭᠡᠵᠢᠯ ᠢ ᠰᠤᠳᠤᠯᠤᠨ ᠬᠥᠭᠵᠢᠭᠦᠯᠬᠦ ᠲᠥᠪ ᠢ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ | ᠮᠥᠩᠭᠦᠨ ᠤ ᠵᠦᠪᠯᠡᠯ ᠳᠤ ᠬᠤᠪᠢᠶᠠᠷᠢᠯᠡᠨ ᠦᠭᠬᠦᠨ᠎ᠠ᠃ | ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠵᠥᠪᠯᠡᠯ ᠢ ᠮᠦᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠶᠠᠮᠤᠨ ᠠᠴᠠ ᠬᠠᠮᠢᠶᠠᠷᠤᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤᠯᠤᠰ ᠤᠨ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ | ᠲᠣᠪᠴᠢᠶ᠎ᠠ ᠶᠢᠨ ᠫᠠᠶᠢᠰᠠ ᠶᠢ ᠦᠯᠡᠳᠡᠭᠡᠬᠦ ᠦᠭᠡᠢ᠃ | ᠬᠤᠶᠠᠷ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ | ᠪᠠᠶᠢᠭᠤᠯᠤᠨ᠎ᠠ᠃ ᠦᠨᠡᠲᠦ ᠲᠡᠮᠳᠡᠭᠲᠦ ᠶᠢᠨ ᠦᠢᠯᠡᠰ ᠠᠴᠠ ᠪᠤᠰᠤᠳ ᠮᠥᠩᠭᠦᠨ ᠭᠦᠢᠯᠭᠡᠭᠡᠨ ᠤ ᠦᠢᠯᠡᠰ ᠤᠨ ᠬᠢᠨᠠᠯᠲᠠ | ᠬᠠᠮᠢᠶᠠᠷᠤᠯᠲᠠ ᠶᠢ ᠨᠢᠭᠡᠳᠦᠯᠲᠡᠢ ᠬᠠᠷᠢᠭᠤᠴᠠᠵᠤ᠂ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ᠂ ᠦᠢᠯᠡ ᠠᠵᠢᠯᠯᠠᠭ᠎ᠠ | ᠶᠢᠨ ᠬᠢᠨᠠᠯᠲᠠ ᠬᠠᠮᠢᠶᠠᠷᠤᠯᠲᠠ᠂ ᠴᠢᠳᠠᠮᠵᠢ ᠶᠢᠨ ᠬᠢᠨᠠᠯᠲᠠ ᠬᠠᠮᠢᠶᠠᠷᠤᠯᠲᠠ᠂ ᠨᠡᠪᠲᠡᠯᠬᠦ ᠮᠠᠶ᠋ᠢᠭ ᠤᠨ ᠬᠢᠨᠠᠯᠳᠠ | ᠬᠠᠮᠢᠶᠠᠷᠤᠯᠳᠠ᠂ ᠦᠷᠭᠦᠯᠵᠢᠯᠡᠭᠰᠡᠨ ᠬᠢᠨᠠᠯᠳᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢ ᠨᠢᠭᠡᠳᠦᠯᠲᠡᠶ ᠲᠥᠯᠥᠪᠵᠢᠬᠦᠯᠤᠨ ᠬᠠᠷᠢᠭᠤᠴᠠᠵᠤ᠂ ᠠᠶᠤᠯ | ᠲᠦᠭᠰᠢᠭᠦᠷᠢ ᠶᠢ ᠬᠠᠮᠢᠶᠠᠷᠬᠤ ᠪᠠ ᠰᠡᠷᠭᠡᠶᠢᠯᠡᠨ ᠰᠢᠢᠳᠪᠦᠷᠢᠯᠡᠬᠦ ᠶᠢ ᠴᠢᠩᠭᠠᠳᠬᠠᠨ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ᠎ᠠ᠃ | ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ | ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠰᠠᠭᠤᠷᠢᠨ ᠳᠡᠭᠡᠷ᠎ᠡ | ᠪᠠᠶᠢᠭᠤᠯᠵᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠥᠩᠭᠦᠨ ᠭᠦᠢᠯᠭᠡᠭᠡᠨ ᠤ ᠰᠲ᠋ᠣᠺ ᠢ ᠡᠵᠡᠮᠳᠡᠭᠰᠡᠨ | ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠦᠯᠦᠭᠯᠡᠯ ᠤᠨ ᠡᠳᠦᠷ ᠲᠤᠲᠤᠮ ᠤᠨ ᠬᠢᠨᠠᠨ ᠬᠠᠮᠢᠶᠠᠷᠬᠤ ᠲᠤᠰᠢᠶᠠᠯ | ᠬᠠᠷᠢᠭᠤᠴᠠᠯᠭ᠎ᠠ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠢ ᠬᠠᠮᠠᠭᠠᠯᠠᠵᠤ ᠬᠠᠮᠢᠶ᠎ᠠ ᠪᠦᠬᠦᠢ ᠲᠤᠰᠢᠶᠠᠯ | ᠬᠠᠷᠢᠭᠤᠴᠠᠯᠭ᠎ᠠ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠡᠯᠡ | ᠣᠷᠤᠭᠤᠯᠤᠭᠴᠢᠳ ᠢ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠶᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃ | ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠦᠯᠡᠳᠡᠭᠡᠬᠦ | ᠦᠭᠡᠢ᠃ | ᠭᠤᠷᠪᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠋ᠡ᠃ ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠋ᠠ | ᠮᠥᠴᠢᠷ ᠤᠨ ᠣᠷᠣᠨ ᠨᠤᠲᠤᠭ ᠲᠤ ᠲᠣᠮᠢᠯᠠᠭᠰᠠᠨ ᠪᠠᠶᠢᠭᠤᠯᠤᠮᠵᠢ ᠪᠠᠷ ᠭᠤᠣᠯ ᠪᠣᠯᠭᠠᠭᠰᠠᠨ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠥᠪ ᠤᠨ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠋ᠠ ᠮᠥᠴᠢᠷ ᠤᠨ ᠣᠷᠣᠨ ᠨᠤᠲᠤᠭ ᠲᠤ ᠲᠣᠮᠢᠯᠠᠭᠰᠠᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠪᠠ ᠬᠦᠴᠦᠨ ᠤ ᠲᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠦᠨ᠋ᠡ᠃ | ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠬᠢᠨᠠᠯᠳᠠ | ᠬᠠᠮᠢᠶᠠᠷᠤᠯᠲᠠ ᠶᠢᠨ ᠪᠠᠶᠢᠭᠤᠯᠤᠮᠵᠢ ᠬᠢᠨᠠᠯᠳᠠ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠋ᠠ ᠶᠢ ᠲᠤᠰᠬᠠᠢ | ᠬᠠᠷᠢᠭᠤᠴᠠᠵᠤ᠂ ᠮᠥᠩᠭᠦᠨ ᠭᠦᠢᠯᠭᠡᠭᠡᠨ ᠤ ᠠᠵᠢᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ ᠵᠡᠷᠭᠡ | ᠫᠠᠶᠢᠰᠠ ᠶᠢ ᠲᠠᠬᠢᠵᠤ ᠨᠡᠮᠡᠵᠦ ᠡᠯᠭᠦᠬᠦ ᠦᠭᠡᠢ᠃ | ᠲᠦᠷᠪᠡ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠳᠠ ᠬᠠᠮᠢᠶᠡᠷᠤᠯᠳᠠ ᠶᠢᠨ ᠵᠥᠪᠯᠡᠯ ᠢ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠬᠢᠷᠠᠭᠤᠯᠤᠨ᠋ᠠ᠃ ᠳᠤᠮᠳᠠᠳᠤ | ᠤᠯᠤᠰ ᠤᠨ ᠦᠨᠡᠲᠦ ᠲᠡᠮᠳᠡᠭᠲᠦ ᠶᠢᠨ ᠬᠢᠨᠡᠯᠳᠠ ᠬᠠᠮᠢᠶᠡᠷᠤᠯᠳᠠ ᠶᠢᠨ ᠵᠥᠪᠯᠡᠯ ᠢ ᠲᠦᠷᠤ ᠶᠢᠨ ᠶᠠᠪᠤᠳᠠᠯ ᠤᠨ ᠬᠤᠷᠢᠶ᠎ᠠ | ᠶᠢᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠠᠴᠠ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ | ᠬᠠᠷᠢᠶ᠎ᠠ ᠪᠠᠶᠢᠭᠤᠯᠤᠮᠵᠢ ᠪᠣᠯᠭᠠᠨ ᠲᠤᠬᠢᠷᠡᠭᠤᠯᠦᠨ᠋ᠡ᠃ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠋ᠠ ᠶᠢ ᠴᠢᠩᠭᠠᠳᠬᠠᠨ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠬᠢᠨᠠᠨ | ᠪᠠᠶᠢᠴᠠᠭᠠᠬᠤ ᠡᠭᠦᠷᠭᠡ ᠬᠠᠷᠢᠭᠤᠴᠠᠯᠭ᠋ᠠ ᠶᠢ ᠬᠤᠪᠢᠶᠠᠷᠢᠯᠠᠨ ᠤᠷᠤᠭᠤᠯᠵᠤ᠂ ᠳᠤᠮᠳᠠᠳᠤ ᠤᠯᠤᠰ ᠤᠨ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠺᠣᠮᠫᠠᠨᠢ ︵ᠠᠵᠤ ᠠᠬᠤᠶᠢᠯᠠᠯ︶ ᠶᠢᠨ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ ᠶᠢ ᠬᠢᠨᠠᠨ ᠪᠠᠶᠢᠴᠠᠭᠠᠬᠤ ᠠᠵᠢᠯ ᠢ ᠨᠢᠭᠡᠳᠦᠯᠲᠡᠶ ᠬᠠᠷᠢᠭᠤᠴᠠᠨ᠋ᠠ᠃ | ᠲᠠᠪᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠠᠯᠪᠤᠷᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠵᠢᠬᠦᠯᠤᠨ ᠠᠬᠢᠭᠤᠯᠤᠨ᠋ᠠ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠶᠡᠭᠡ | ᠲᠣᠭᠤᠷᠢᠭ ᠤᠨ ᠬᠤᠪᠢᠶᠠᠷᠢ ᠪᠠᠩᠬᠢ ᠵᠢᠴᠢ ᠬᠤᠪᠢᠶᠠᠷᠢ ᠪᠠᠩᠬᠢ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠯᠲᠡᠰ᠂ | ᠶᠡᠷᠦᠩᠬᠡᠶ ᠪᠠᠩᠬᠢ ᠶᠢᠨ ᠰᠢᠭᠤᠳ ᠬᠠᠷᠢᠶ᠎ᠠ ᠡᠵᠡᠩᠨᠡᠯᠲᠡ ᠬᠠᠮᠢᠶᠠᠷᠤᠯᠲᠠ ᠶᠢᠨ ᠬᠡᠯᠲᠡᠰ ᠪᠣᠯᠤᠨ ᠮᠤᠵᠢ ᠶᠢᠨ ᠲᠦᠪ | ᠰᠠᠯᠪᠤᠷᠢ ᠪᠠᠩᠬᠢ ᠶᠢ ᠬᠠᠰᠤᠵᠤ᠂ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠳᠤ | ᠮᠤᠵᠢ ᠶᠢᠨ ᠱᠠᠲᠤᠨ ᠤ ᠬᠤᠪᠢᠶᠠᠷᠢ ᠪᠠᠩᠬᠢ ᠪᠠᠶᠢᠭᠤᠯᠵᠤ᠂ ᠱᠧᠡᠵᠧᠨ᠂ ᠳ᠋ᠠᠯᠢᠶᠠᠨ᠂ ᠨᠢᠩᠪᠦ᠋ᠸᠧ᠂ ᠴᠢᠩᠳᠣᠤ᠂ | ᠰᠢᠶᠠᠮᠧᠨ ᠳᠤ ᠲᠥᠯᠥᠪᠯᠡᠭᠡᠨ ᠳᠤ ᠲᠤᠰᠠᠭᠠᠷ ᠵᠢᠭᠰᠠᠭᠠᠭᠰᠠᠨ ᠬᠤᠳᠠ ᠶᠢᠨ ᠬᠤᠪᠢᠶᠠᠷᠢ ᠪᠠᠩᠬᠢ ᠪᠠᠶᠢᠭᠤᠯᠤᠨ᠋ᠠ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠪᠡᠭᠡᠵᠢᠩ ᠳᠠᠬᠢ ᠬᠤᠪᠢᠶᠠᠷᠢ ᠪᠠᠩᠬᠢ ᠳᠤ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠯᠲᠡᠰ ᠤᠨ ᠫᠠᠶᠢᠰᠠ ᠶᠢ ᠦᠯᠡᠳᠡᠭᠡᠵᠤ᠂ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠱᠠᠩᠬᠠᠢ ᠳᠠᠬᠢ ᠬᠤᠪᠢᠶᠠᠷᠢ ᠪᠠᠩᠬᠢ ᠪᠣᠯᠤᠨ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠱᠠᠩᠬᠠᠢ ᠳᠠᠬᠢ ᠶᠡᠷᠦᠩᠬᠡᠢ ᠵᠠᠬᠢᠷᠭ᠎ᠠ ᠬᠠᠮᠲᠤᠷᠠᠨ ᠠᠵᠢᠯᠯᠠᠨ᠋ᠠ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠶᠠᠨ ︵ᠬᠤᠲᠠ︶ ᠤ ᠰᠠᠯᠪᠤᠷᠢ ᠪᠠᠩᠬᠢ ᠶᠢ ᠬᠠᠰᠤᠵᠤ᠂ | ᠬᠤᠯᠪᠣᠭᠳᠠᠯ ᠪᠦᠬᠦᠢ ᠡᠭᠦᠷᠭᠡ ᠴᠢᠳᠠᠪᠬᠢ ᠶᠢ ᠨᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠤᠰᠬᠠᠶ ᠣᠷᠣᠨ | ︵ᠬᠤᠲᠠ︶ ᠤ ᠲᠥᠪ ᠰᠠᠯᠪᠤᠷᠢ ᠪᠠᠩᠬᠢ ᠳᠤ ᠰᠢᠯᠵᠢᠭᠦᠯᠦᠨ ᠣᠷᠣᠭᠤᠯᠤᠨ᠋ᠠ᠃ ᠬᠢᠯᠢ ᠶᠢᠨ ᠪᠤᠶᠤ ᠭᠠᠳᠠᠭᠠᠳᠤ | ᠠᠷᠠᠯᠵᠢᠶᠠᠨ ᠤ ᠭᠤᠪᠢᠭᠤᠯᠭ᠎ᠠ ᠶᠢ ᠲᠠᠰᠤᠯᠤᠨ ᠪᠣᠳᠣᠵᠤ ᠪᠤᠷᠤᠯᠠᠭᠤᠯᠬᠤ ᠲᠤᠬᠠᠶᠢᠯᠠᠭᠰᠠᠨ ᠠᠵᠢᠯ ᠤᠨ ᠬᠡᠮᠵᠢᠶ᠎ᠡ ᠨᠢ | ᠶᠡᠭᠡ ᠭᠠᠵᠠᠷ ᠣᠷᠣᠨ ᠳᠤ ᠪᠣᠯ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠭᠠᠵᠠᠷ ᠤᠨ ᠲᠡᠰ ︵ᠬᠤᠲᠠ︶ ᠤᠨ ᠲᠥᠪ ᠰᠠᠯᠪᠤᠷᠢ ᠪᠠᠩᠬᠢ ᠶᠢᠨ ᠲᠣᠮᠢᠯᠠᠭᠰᠠᠨ ᠪᠠᠶᠢᠭᠤᠯᠤᠮᠵᠢ ᠶᠢᠨ | ᠠᠷᠭ᠋᠎ᠠ ᠬᠡᠯᠪᠡᠷᠢ ᠶᠢ ᠠᠪᠴᠤ ᠬᠠᠮᠢᠶ᠎ᠠ ᠪᠦᠬᠦᠢ ᠬᠠᠮᠢᠶᠠᠷᠤᠯᠲᠠ ᠦᠢᠯᠡᠴᠢᠯᠡᠭᠡᠨ ᠤ ᠡᠭᠦᠷᠭᠡ ᠴᠢᠳᠠᠪᠬᠢ ᠶᠢ | ᠭᠦᠢᠴᠡᠳᠭᠡᠨ᠋ᠡ᠃ | ᠵᠢᠷᠭᠤᠭ᠋ᠠ᠂ ᠤᠯᠤᠰ ᠤᠨ ᠥᠮᠴᠢᠯᠡᠯ ᠤᠨ ᠮᠥᠩᠭᠦᠨ ᠭᠦᠶᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠲᠡᠭᠦᠯᠳᠡᠷᠵᠢᠭᠦᠯᠦᠨ᠋ᠡ᠃ ᠤᠯᠤᠰ ᠤᠨ ᠥᠮᠴᠢᠯᠡᠯ ᠤᠨ ᠮᠥᠩᠭᠦᠨ ᠭᠦᠶᠯᠭᠡᠭᠡᠨ ᠤ ᠬᠥᠷᠥᠩᠭᠡ ᠶᠢᠨ | ᠪᠠᠯᠠ ᠤᠷᠤᠭᠤᠯᠤᠭᠴᠢ ᠶᠢᠨ ᠬᠠᠮᠢᠶ᠎ᠠ ᠪᠥᠬᠦᠶ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠲᠥᠪ ᠤᠨ ᠮᠥᠩᠭᠦᠨ | ᠭᠦᠶᠯᠭᠡᠭᠡᠨ ᠤ ᠬᠠᠮᠢᠶᠠᠷᠤᠯᠲᠠ ᠶᠢᠨ ᠰᠠᠯᠠᠭ᠋ᠠ ᠮᠥᠴᠢᠷ ᠤᠨ ᠬᠠᠮᠢᠶᠠᠷᠴᠤ ᠪᠠᠶᠢᠭ᠋᠎ᠠ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠲᠥᠷᠥᠯ ᠤᠨ ᠪᠠᠶᠢᠭᠤᠯᠤᠮᠵᠢ ᠶᠢ ᠰᠠᠯᠭᠠᠵᠤ᠂ ᠬᠤᠯᠪᠤᠭᠳᠠᠯ ᠪᠦᠬᠦᠢ ᠤᠯᠤᠰ ᠤᠨ ᠥᠮᠴᠢᠯᠡᠯ ᠤᠨ | ᠮᠥᠩᠭᠦᠨ ᠭᠦᠶᠯᠭᠡᠭᠡᠨ ᠤ ᠬᠥᠷᠥᠩᠭᠡ ᠶᠢ ᠤᠯᠤᠰ ᠤᠨ ᠥᠮᠴᠢᠯᠡᠯ ᠤᠨ ᠮᠥᠩᠭᠦᠨ ᠭᠦᠶᠯᠭᠡᠭᠡᠨ ᠤ ᠬᠥᠷᠥᠩᠭᠡ ᠶᠢᠨ | ᠨᠠᠶᠢᠳᠠᠯᠭ᠋ᠠ ᠬᠦᠯᠢᠶᠡᠭᠰᠡᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠬᠤᠪᠢᠶᠠᠷᠢᠯᠠᠨ ᠣᠷᠣᠭᠤᠯᠵᠤ᠂ ᠲᠡᠭᠦᠨ ᠢᠶᠠᠷ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠷᠬᠡ ᠣᠯᠭᠤᠭᠰᠠᠨ ᠪᠠᠯᠠ ᠤᠷᠤᠭᠤᠯᠤᠭᠴᠢ ᠶᠢᠨ ᠡᠭᠦᠷᠭᠡ | ᠬᠠᠷᠢᠭᠤᠴᠠᠯᠭ᠋ᠠ ᠶᠢ ᠨᠢᠭᠡᠳᠦᠯᠲᠡᠶ ᠭᠦᠶᠴᠡᠳᠭᠡᠯᠭᠡᠨ᠋ᠡ᠃ | ᠳᠣᠯᠤᠭ᠋ᠠ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠋ᠠ ᠮᠥᠴᠢᠷ ᠤᠨ ᠠᠵᠢᠯᠲᠠᠨ ᠤ ᠨᠢᠭᠡᠳᠦᠯᠲᠡᠶ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠋ᠠ᠃ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ | ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ | ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ ᠰᠠᠯᠪᠤᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠨᠤᠭᠤᠳ | ᠴᠥᠮ ᠵᠠᠰᠠᠭ ᠵᠠᠬᠢᠷᠭᠠᠨ ᠤ ᠣᠷᠣᠨ ᠲᠤᠭ᠋᠎ᠠ ᠶᠢ ᠬᠡᠷᠡᠭᠯᠡᠵᠦ᠂ ᠠᠵᠢᠯᠲᠠᠳ ᠢ ᠤᠯᠤᠰ ᠤᠨ ᠠᠯᠪᠠᠲᠠᠨ ᠤ ᠨᠢᠭᠡᠳᠦᠯᠲᠡᠶ | ᠵᠢᠷᠤᠮᠵᠢᠭᠰᠠᠨ ᠬᠠᠮᠢᠶᠠᠷᠤᠯᠲᠠ ᠳᠤ ᠣᠷᠣᠭᠤᠯᠤᠨ᠂ ᠤᠯᠤᠰ ᠤᠨ ᠠᠯᠪᠠᠲᠠᠨ ᠤ ᠴᠠᠯᠢᠩ ᠣᠯᠭᠤᠮᠵᠢ ᠶᠢᠨ ᠪᠠᠷᠢᠮᠵᠢᠶ᠎ᠠ ᠶᠢ | ᠬᠡᠷᠡᠭᠵᠢᠭᠦᠯᠦᠨ᠋ᠡ᠃ | ᠨᠠᠢᠮᠠ᠂ ᠤᠯᠤᠰ ᠤᠨ ᠳ᠋ᠡᠶᠢᠲ᠋ᠠ ᠶᠢᠨ ᠲᠣᠪᠴᠢᠶ᠎ᠠ ᠶᠢ ᠪᠠᠶᠢᠭᠤᠯᠤᠨ᠋ᠠ᠃ ᠳ᠋ᠠᠶᠢᠲ᠋ᠠ ᠶᠢᠨ ᠰᠠᠭᠤᠷᠢ ᠲᠦᠷᠢᠮ ᠤᠨ | ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠶᠢᠳᠭᠡᠵᠦ | ᠬᠠᠮᠲᠤ ᠪᠠᠷ ᠡᠳ᠋ᠯᠡᠬᠦ ᠪᠠ ᠨᠡᠭᠡᠭᠡᠨ ᠠᠰᠢᠭᠯᠠᠬᠤ ᠶᠢ ᠨᠢᠭᠡᠳᠦᠯᠲᠡᠶ ᠲᠥᠯᠥᠪᠯᠡᠨ᠂ ᠲᠣᠭᠠᠴᠢᠯᠠᠭᠰᠠᠨ ᠳᠤᠮᠳᠠᠳᠤ ᠤᠯᠤᠰ᠂ | ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠨᠡᠶᠢᠭᠡᠮ ᠤᠨ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ | ᠵᠡᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠬᠠᠮᠢᠶᠠᠷᠤᠨ᠋ᠠ᠃ | ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ ᠤᠨ | ᠡᠭᠦᠷᠭᠡᠯᠡᠵᠦ ᠪᠠᠶᠢᠭᠰᠠᠨ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ | ᠰᠤᠳᠤᠯᠤᠨ ᠲᠣᠭᠲᠠᠭᠠᠬᠤ᠂ ᠣᠯᠠᠨ ᠨᠡᠶᠢᠲᠡ ᠶᠢᠨ ᠦᠶᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠮᠡᠳᠡᠭᠡ | ᠵᠠᠩᠭᠢᠵᠢᠯᠲᠠ ᠶᠢ ᠵᠣᠬᠢᠴᠠᠭᠤᠯᠤᠨ ᠠᠬᠢᠭᠤᠯᠵᠤ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠤᠯᠤᠰ ᠤᠨ ᠴᠢᠬᠤᠯᠠ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠪᠠ ᠬᠠᠮᠲᠤ ᠪᠠᠷ ᠡᠳ᠋ᠯᠡᠬᠦ ᠶᠢ ᠵᠣᠬᠢᠴᠠᠭᠤᠯᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠵᠢᠯ ᠲᠥᠷᠥᠯ ᠪᠠ ᠰᠠᠯᠠᠭ᠋ᠠ | ᠮᠥᠴᠢᠷ ᠠᠯᠤᠰᠯᠠᠨ ᠬᠤᠯᠪᠣᠯᠳᠤᠨ ᠨᠡᠪᠲᠡᠷᠡᠯᠴᠡᠬᠦ ᠵᠡᠷᠭᠡ ᠲᠤᠰᠢᠶᠠᠯ ᠬᠠᠷᠢᠭᠤᠴᠠᠯᠭ᠋ᠠ ᠵᠢᠴᠢ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠭᠦᠷᠭᠡᠯᠡᠵᠦ ᠪᠠᠶᠢᠭᠰᠠᠨ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠤᠯᠤᠰ ᠤᠨ ᠲᠤᠮᠤ ᠳ᠋ᠠᠶᠢᠲ᠋ᠠ ᠶᠢᠨ | ᠪᠠᠶᠢᠯᠳᠤᠬᠤ ᠪᠤᠳᠤᠯᠭ᠋᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠳ᠋ᠠᠶᠢᠲ᠋ᠠ ᠶᠢᠨ ᠡᠯᠧᠮᠧᠨ᠋ᠲ ᠤᠨ ᠰᠠᠭᠤᠷᠢ | ᠲᠦᠷᠢᠮ ᠤᠨ ᠪᠠᠶᠢᠭᠤᠯᠤᠯᠲᠠ ᠶᠢ ᠠᠬᠢᠭᠤᠯᠬᠤ᠂ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠤᠰᠢᠶᠠᠯ ᠬᠠᠷᠢᠭᠤᠴᠠᠯᠭ᠋ᠠ ᠶᠢ ᠤᠯᠤᠰ ᠤᠨ ᠳ᠋ᠡᠶᠢᠲ᠋ᠠ ᠶᠢᠨ | ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠋ᠠ᠃ | ᠶᠢᠰᠦ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠤᠰᠢᠶᠠᠯ ᠬᠠᠷᠢᠭᠤᠴᠠᠯᠭ᠋ᠠ ᠶᠢ | ᠰᠢᠯᠢᠳᠡᠭᠵᠢᠭᠦᠯᠦᠨ᠋ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠤᠯᠳᠠᠯᠭ᠋ᠠ ᠪᠣᠯᠭᠠᠭᠰᠠᠨ ︽ | ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ ᠬᠦᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠭᠡᠨ ᠪᠦᠲᠦᠭᠡᠨ ᠪᠠᠶᠢᠭᠤᠯᠵᠤ᠂ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠦᠷᠦᠭᠦᠯᠡᠨ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠋ᠠ ᠲᠠᠢ ᠬᠠᠪᠰᠤᠷᠤᠨ ᠲᠡᠳᠬᠦᠬᠦ ᠰᠢᠶᠠᠨ ᠪᠣᠯᠤᠨ | ᠭᠤᠣᠯᠳᠠᠯᠭ᠋ᠠ ᠲᠠᠢ ᠭᠠᠵᠠᠷ ᠣᠷᠣᠨ ᠤ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠋᠎ᠠ ᠶᠢ ᠵᠣᠬᠢᠶᠠᠨ ᠪᠠᠶᠢᠭᠤᠯᠤᠨ | ᠲᠣᠭᠲᠠᠭᠠᠬᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠋ᠠ᠂ ᠠᠵᠢᠯ ᠲᠦᠷᠦᠯ ᠢᠶᠠᠷ ᠬᠠᠪᠰᠤᠷᠣᠨ ᠲᠡᠳᠬᠦᠬᠦ᠂ | ᠨᠡᠶᠢᠭᠡᠮ ᠤᠨ ᠬᠠᠪᠰᠤᠷᠤᠨ ᠲᠡᠳᠬᠦᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠡᠳ᠋ ᠤᠨ ᠵᠠᠰᠠᠭ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠪᠠᠯᠠ ᠮᠥᠩᠭᠦ ᠶᠢᠨ ᠬᠤᠪᠢᠶᠠᠷᠢᠯᠠᠯᠲᠠ ᠶᠢ | ᠠᠬᠢᠭᠤᠯᠬᠤ ᠲᠤᠬᠠᠶ ᠰᠠᠨᠠᠭᠤᠯᠭ᠋ᠠ ᠶᠢᠨ ᠲᠥᠰᠦᠯ ᠢ ᠰᠤᠳᠤᠯᠤᠨ ᠳᠤᠷᠠᠳᠬᠤ ᠶᠢᠨ ᠬᠠᠮᠲᠤ ᠵᠢᠭᠠᠨ ᠵᠢᠯᠣᠭᠤᠳᠴᠤ᠂ | ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ᠂ ᠬᠥᠳᠡᠭᠡ ᠲᠣᠰᠬᠤᠨ ᠢ ᠬᠠᠪᠰᠤᠷᠤᠨ ᠲᠡᠳᠬᠦᠬᠦ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠵᠡᠷᠭᠡ ᠲᠤᠰᠢᠶᠠᠯ ᠬᠠᠷᠢᠭᠤᠴᠠᠯᠭ᠋ᠠ ᠶᠢ ᠬᠦᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ ᠳᠤ ᠬᠤᠪᠢᠶᠠᠷᠢᠯᠠᠨ ᠣᠷᠣᠭᠤᠯᠤᠨ᠋ᠠ᠂ ᠬᠥᠳᠡᠭᠡ ᠠᠵᠤ ᠠᠬᠤᠶ ᠬᠥᠳᠡᠭᠡ ᠲᠣᠰᠬᠤᠨ ᠤ | ᠶᠠᠮᠤᠨ ᠳᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠨᠡᠮᠡᠵᠦ | ᠲᠤᠬᠢᠷᠠᠭᠤᠯᠤᠨ᠋ᠠ᠃ | ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ | ᠪᠡᠶᠡᠯᠡᠭᠦᠯᠦᠭᠰᠡᠨ ᠤ ᠳᠠᠷᠠᠭᠠᠬᠢ ᠰᠢᠯᠵᠢᠯᠲᠡ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠬᠠᠪᠰᠤᠷᠤᠨ ᠲᠡᠳᠬᠦᠬᠦ | ᠲᠦᠷᠦ ᠶᠢᠨ ᠪᠤᠳᠤᠯᠭ᠋᠎ᠠ᠂ ᠡᠳ᠋ ᠤᠨ ᠵᠠᠰᠠᠭ ᠤᠨ ᠳᠡᠮᠵᠢᠯᠭᠡ᠂ ᠲᠦᠷᠦᠯ ᠵᠦᠢᠯ ᠤᠨ ᠲᠤᠬᠢᠷᠠᠭᠤᠯᠤᠯᠳᠠ ᠶᠢ | ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠪᠡᠯᠡ ᠮᠥᠩᠭᠦ ᠲᠦᠷᠦᠯ ᠵᠦᠢᠯ ᠢ ᠬᠠᠷᠢᠴᠠᠩᠭᠤᠢ ᠪᠠᠷ | ᠲᠤᠰᠠᠭᠠᠷ ᠠᠵᠢᠯᠯᠠᠭᠤᠯᠤᠨ ᠬᠠᠮᠢᠶᠠᠷᠤᠨ᠋ᠠ᠃ | ᠲᠤᠰᠠᠭᠠᠷ ᠪᠠᠶᠢᠭᠤᠯᠤᠭᠰᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ | ᠬᠠᠰᠤᠨ᠋ᠠ᠃ | ᠠᠷᠪᠠ᠂ ᠥᠲᠡᠭᠦᠰ ᠤᠨ ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠋ᠡ᠃ ᠬᠥᠮᠦᠨ ᠠᠮᠠ ᠶᠢᠨ | ᠨᠠᠰᠤᠵᠢᠯ ᠢ ᠢᠳᠡᠪᠬᠢᠲᠡᠢ ᠠᠷᠭᠠᠴᠡᠭᠠᠬᠤ ᠤᠯᠤᠰ ᠤᠨ ᠪᠠᠶᠢᠯᠳᠤᠬᠤ ᠪᠤᠳᠤᠯᠭ᠋᠎ᠠ ᠶᠢ ᠬᠡᠷᠡᠭᠵᠢᠭᠦᠯᠵᠦ᠂ ᠪᠦᠬᠦ | ᠨᠠᠰᠤᠲᠠᠶᠢᠴᠤᠳ ᠲᠤ ᠨᠠᠰᠤᠵᠢᠯ ᠤᠨ ᠦᠨᠳᠦᠰᠦᠨ ᠦᠢᠯᠡᠴᠢᠯᠡᠭᠡ ᠡᠳ᠋ᠯᠡᠭᠦᠯᠬᠦ ᠶᠢ ᠠᠬᠢᠭᠤᠯᠵᠤ᠂ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ᠤᠨ ᠬᠥᠮᠦᠨ ᠠᠮᠠ ᠶᠢᠨ ᠨᠠᠰᠤᠵᠢᠯ ᠢ ᠠᠷᠭᠠᠴᠡᠭᠠᠬᠤ ᠲᠦᠷᠦ ᠶᠢᠨ | ᠪᠤᠳᠤᠯᠭ᠋᠎ᠠ ᠠᠷᠭ᠋᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠤᠤᠷᠠᠭᠯᠠᠨ ᠲᠤᠭᠤᠷᠪᠢᠵᠤ ᠵᠣᠬᠢᠴᠠᠭᠤᠯᠤᠨ | ᠨᠠᠶᠢᠳᠠᠪᠤᠷᠢᠵᠢᠭᠤᠯᠬᠤ᠂ ᠪᠦᠬᠦ ᠤᠯᠤᠰ ᠤᠨ ᠦᠳᠡᠭᠦᠰ ᠤᠨ ᠠᠵᠢᠯ ᠤᠨ ᠵᠥᠪᠯᠡᠯ ᠤᠨ ᠡᠭᠦᠷᠭᠡᠯᠡᠬᠦ ᠪᠣᠳᠠᠲᠠᠢ ᠠᠵᠢᠯ | ᠵᠡᠷᠭᠡ ᠲᠤᠰᠢᠶᠠᠯ ᠬᠠᠷᠢᠭᠤᠴᠠᠯᠭ᠋ᠠ ᠶᠢ ᠠᠷᠠᠳ ᠤᠨ ᠶᠠᠪᠤᠳᠠᠯ ᠤᠨ ᠶᠠᠮᠤᠨ ᠳᠤ ᠬᠤᠪᠢᠶᠠᠷᠢᠯᠠᠨ ᠣᠷᠣᠭᠤᠯᠤᠨ᠋ᠠ᠃ ᠪᠦᠬᠦ | ᠤᠯᠤᠰ ᠤᠨ ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠢ ᠠᠷᠠᠳ ᠤᠨ ᠶᠠᠪᠤᠳᠠᠯ ᠤᠨ ᠶᠠᠮᠤᠨ ᠳᠤ | ᠥᠭᠡᠷᠡᠴᠢᠯᠡᠨ ᠪᠠᠶᠢᠭᠤᠯᠵᠤ᠂ ᠲᠡᠭᠦᠨ ᠤ ᠶᠡᠷᠦᠩᠬᠡᠶᠢᠯᠡᠨ ᠵᠣᠬᠢᠴᠠᠭᠤᠯᠬᠤ᠂ ᠱᠠᠯᠠᠪᠳᠠᠨ ᠵᠢᠯᠣᠭᠤᠳᠬᠤ᠂ ᠨᠠᠰᠤᠵᠢᠯ ᠤᠨ | ᠦᠢᠯᠡᠰ ᠤᠨ ᠬᠥᠭᠵᠢᠯᠲᠡ ᠶᠢ ᠵᠣᠬᠢᠶᠠᠨ ᠪᠠᠶᠢᠭᠤᠯᠵᠤ ᠠᠬᠢᠭᠤᠯᠬᠤ ᠲᠤᠰᠢᠶᠠᠯ ᠬᠠᠷᠢᠭᠤᠴᠠᠯᠭ᠋ᠠ ᠶᠢ ᠴᠢᠩᠭᠠᠳᠬᠠᠨ᠋ᠠ᠃ | ᠳᠤᠮᠳᠠᠳᠤ ᠤᠯᠤᠰ ᠤᠨ ᠨᠠᠰᠤᠲᠠᠶᠢᠴᠤᠳ ᠤᠨ ᠨᠡᠶᠢᠭᠡᠮᠯᠢᠭ ᠢ ᠠᠷᠠᠳ ᠤᠨ ᠶᠠᠪᠤᠳᠠᠯ ᠤᠨ ᠶᠠᠮᠤᠨ ᠠᠴᠠ | ᠣᠷᠣᠯᠠᠨ ᠬᠠᠮᠢᠶᠠᠷᠬᠤ ᠪᠣᠯᠭᠠᠨ ᠥᠭᠡᠷᠡᠴᠢᠯᠡᠨ᠋ᠡ᠃ | ᠠᠷᠪᠠᠨ ᠨᠢᠭᠡ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ | ᠲᠡᠭᠦᠯᠳᠡᠷᠵᠢᠭᠦᠯᠦᠨ᠋ᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ | ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠶᠯᠡᠴᠢᠯᠡᠬᠦ ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠢᠶᠠᠷᠤᠯᠲᠠ ᠳᠠᠬᠢ ᠤᠯᠤᠰ ᠤᠨ ᠲᠣᠪᠴᠢᠶ᠎ᠠ ᠠᠴᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠣᠬᠢᠷᠠᠭᠤᠯᠤᠨ᠎ᠠ᠃ ᠲᠠᠸᠠᠷ ᠤᠨ ᠲᠡᠮᠳᠡᠭ᠂ | ᠲᠤᠰᠬᠠᠶ ᠠᠰᠢᠭ ᠵᠡᠷᠭᠡ ᠬᠦᠷᠢᠶ᠎ᠡ ᠴᠠᠷᠠᠭ᠋ᠠ ᠶᠢᠨ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠋ᠠ ᠶᠢ ᠦᠷᠭᠦᠯᠵᠢᠯᠡᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠠᠴᠠ | ᠡᠭᠦᠷᠭᠡᠯᠡᠵᠦ᠂ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠠᠵᠢᠯ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ | ᠡᠷᠬᠡ ᠶᠢᠨ ᠲᠣᠪᠴᠢᠶ᠎ᠠ ᠶᠢᠨ ᠲᠤᠰᠬᠠᠶ ᠵᠢᠯᠣᠭᠤᠳᠣᠯᠭ᠋ᠠ ᠶᠢ ᠬᠦᠯᠢᠶᠡᠨ᠋ᠡ᠃ | ᠠᠷᠪᠠᠨ ᠬᠤᠶᠠᠷ᠂ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠣᠬᠢᠷᠠᠭᠤᠯᠤᠨ᠎ᠠ᠃ ᠰᠢᠨ᠋᠎ᠡ ᠴᠠᠭ ᠦᠶ᠎ᠡ ᠶᠢᠨ ᠨᠠᠮ ᠤᠨ | ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠵᠠᠬᠢᠳᠠᠯ ᠰᠤᠷᠪᠤᠯᠵᠢᠯᠠᠯ ᠤᠨ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠨᠡᠩ ᠰᠠᠶᠢᠲᠤᠷ | ᠬᠠᠮᠠᠭᠠᠯᠠᠬᠤ ᠶᠢᠨ ᠲᠦᠯᠦᠭᠡ᠂ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠬᠠᠮᠢᠶᠠᠷᠤᠯᠲᠠ ᠳᠠᠬᠢ ᠤᠯᠤᠰ ᠤᠨ ᠲᠣᠪᠴᠢᠶ᠎ᠠ ᠠᠴᠠ ᠲᠦᠷᠦ ᠶᠢᠨ ᠶᠠᠪᠤᠳᠠᠯ ᠤᠨ | ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠣᠬᠢᠷᠠᠭᠤᠯᠤᠨ᠎ᠠ᠃ | ᠠᠷᠪᠠᠨ ᠭᠤᠷᠪᠠ᠂ ᠲᠥᠪ ᠤᠨ ᠲᠦᠷᠦ ᠶᠢᠨ ᠪᠠᠶᠢᠭᠤᠯᠭ᠋ᠠ ᠶᠢᠨ ᠠᠵᠢᠯᠳᠠᠨ ᠤ ᠣᠷᠣᠨ ᠲᠤᠭ᠋᠎ᠠ ᠶᠢ | ᠴᠤᠮᠬᠠᠳᠬᠠᠨ ᠬᠠᠰᠤᠨ᠋ᠠ᠃ ᠲᠥᠪ ᠤᠨ ᠲᠥᠷᠥ ᠶᠢᠨ ᠪᠠᠶᠢᠭᠤᠯᠭ᠋ᠠ ᠶᠢᠨ ᠡᠯ᠎ᠡ ᠰᠠᠯᠠᠭ᠋ᠠ ᠮᠥᠴᠢᠷ ᠤᠨ ᠠᠵᠢᠯᠲᠠᠨ ᠤ | ᠣᠷᠣᠨ ᠲᠤᠭ᠋᠎ᠠ ᠶᠢ 5% ᠶᠢᠨ ᠬᠠᠷᠢᠴᠠᠯ ᠢᠶᠠᠷ ᠨᠢᠭᠡᠳᠦᠯᠲᠡᠶ ᠴᠤᠮᠬᠠᠳᠬᠠᠨ ᠬᠠᠰᠤᠵᠤ᠂ ᠡᠭᠡᠭᠦᠯᠦᠨ ᠬᠤᠷᠢᠶᠠᠭᠰᠠᠨ | ᠣᠷᠣᠨ ᠲᠤᠭ᠋᠎ᠠ ᠶᠢ ᠭᠤᠣᠯᠳᠠᠭᠤ ᠭᠤᠣᠯᠳᠠᠯᠭ᠋ᠠ ᠲᠠᠢ ᠬᠦᠷᠢᠶ᠎ᠡ ᠪᠣᠯᠤᠨ ᠴᠢᠬᠤᠯᠠ ᠠᠵᠢᠯ ᠳᠤ ᠬᠡᠷᠡᠭᠯᠡᠨ᠎ᠡ᠃ | ᠥᠭᠡᠷᠡᠴᠢᠯᠡᠯᠲᠡ ᠬᠢᠭᠰᠡᠨ ᠤ ᠳᠠᠷᠠᠭ᠋ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ | ᠭᠠᠳᠠᠨ᠋ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠦᠷᠢᠯᠳᠦᠬᠦᠨ ᠰᠠᠯᠠᠭ᠋ᠠ ᠮᠥᠴᠢᠷ ᠮᠥᠨ 26 ᠪᠠᠷ ᠢᠶᠠᠨ | ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ | ᠦᠨᠳᠦᠰᠦᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠶᠠᠮᠤᠨ ᠵᠡᠷᠭᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠦᠷᠢᠯᠳᠦᠬᠦᠨ ᠰᠠᠯᠠᠭ᠋ᠠ ᠮᠥᠴᠢᠷ ᠤᠨ | ᠲᠤᠬᠢᠷᠠᠭᠤᠯᠤᠯᠳᠠ ᠪᠠ ᠪᠠᠶᠢᠷᠢᠯᠠᠭᠤᠯᠤᠯᠲᠠ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠬᠢᠨᠠᠨ ᠵᠥᠪᠯᠡᠵᠦ ᠵᠥᠪᠰᠢᠶᠡᠷᠡᠨ᠋ᠡ᠃ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ | ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ | ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠤᠯᠤᠰ ᠤᠨ ᠳ᠋ᠠᠶᠢᠲ᠋ᠠ ᠶᠢᠨ ᠲᠣᠪᠴᠢᠶ᠎ᠠ᠂ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠦᠷᠢᠯᠳᠦᠬᠦᠨ ᠰᠠᠯᠠᠭ᠋ᠠ ᠮᠥᠴᠢᠷ ᠠᠴᠠ ᠭᠠᠳᠠᠨᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠷᠢᠶ᠎ᠠ | ᠪᠠᠶᠢᠭᠤᠯᠤᠮᠵᠢ ᠶᠢᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠢ ᠰᠢᠨ᠋᠎ᠡ ᠪᠠᠷ ᠪᠦᠷᠢᠯᠳᠦᠭᠰᠡᠨ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠬᠢᠨᠠᠨ ᠪᠠᠶᠢᠴᠠᠭᠠᠵᠤ ᠵᠥᠪᠰᠢᠶᠡᠷᠡᠨ᠋ᠡ᠃ | |