ᠨᠢᠳᠦᠨ ᠤ ᠰᠠᠯᠠᠭ᠎ᠠ ᠬᠢᠭᠡᠳ ᠶᠠᠰᠤᠨ ᠤ ᠰᠠᠯᠠᠭ᠎ᠠ ᠬᠤᠶᠠᠷ ᠲᠦ᠋ᠷᠦᠯ ᠤᠨ ᠡᠮᠴᠢᠯᠡᠭᠡᠨ ᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠤᠬᠰᠠᠨ ᠲᠡᠦᠬᠡᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/3/15
    ᠥᠪᠥᠷ ᠡᠮ ᠬᠤᠳᠠᠯᠳᠤᠨ ᠠᠪᠬᠤ ᠲᠥᠪ ᠦᠰᠦᠭ ﹇2023﹈ 56 ᠳ᠋ᠤᠭᠠᠷ ᠲᠣᠭᠠᠲᠤ    ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄    ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠨᠠᠢᠮᠠᠨ ᠰᠠᠯᠠᠭ᠎ᠠ ᠮᠥᠴᠢᠷ ᠤᠨ ︽ᠤᠯᠤᠰ ᠠᠴᠠ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠵᠤᠬᠢᠬᠤ ᠲᠤᠭ᠎ᠠ ᠬᠡᠮᠵᠢᠶ᠎ᠡ ᠪᠠᠷ ᠬᠤᠳᠠᠯᠳᠤᠨ ᠠᠪᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ︵ᠡᠮ ᠡᠮᠨᠡᠯᠭᠡ ᠶᠢᠨ ᠪᠠᠲᠤᠯᠠᠭ᠎ᠠ ᠲᠠᠷᠬᠠᠭᠠᠭᠰᠠᠨ ﹇2021﹈ 31 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠢᠳᠦᠨ ᠤ ᠰᠠᠯᠠᠭ᠎ᠠ ᠬᠢᠭᠡᠳ ᠶᠠᠰᠤᠨ ᠤ ᠰᠠᠯᠠᠭ᠎ᠠ ᠬᠤᠶᠠᠷ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠵᠤᠬᠢᠬᠤ ᠲᠤᠭ᠎ᠠ ᠬᠡᠮᠵᠢᠶ᠎ᠡ ᠪᠠᠷ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠠᠴᠠ ᠨᠢᠳᠦᠨ ᠤ ᠰᠠᠯᠠᠭ᠎ᠠ ᠬᠢᠭᠡᠳ ᠶᠠᠰᠤᠨ ᠤ ᠰᠠᠯᠠᠭ᠎ᠠ ᠬᠤᠶᠠᠷ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠤᠭᠰᠠᠨ ᠲᠡᠦᠬᠡᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠵᠦ᠂ ᠡᠳᠦᠭᠡ ᠬᠠᠮᠢᠶ᠎ᠠ ᠪᠥᠬᠦᠶ ᠲᠠᠭᠯᠠᠨ ᠮᠡᠳᠡᠭᠦᠯᠬᠦ ᠵᠦᠶ᠋ᠯᠡᠰ ᠢ ᠳᠣᠤᠷᠠᠬᠢ ᠮᠡᠲᠦ ᠳᠣᠭᠢᠷᠠᠭᠤᠯᠪᠠ᠄    ᠨᠢᠭᠡ᠂ ᠲᠠᠭᠯᠠᠨ ᠮᠡᠳᠡᠭᠦᠯᠬᠦ ᠬᠡᠪᠴᠢᠶ᠎ᠡ    ᠲᠣᠰ ᠤᠳᠠᠭ᠎ᠠ ᠨᠢᠳᠦᠨ ᠤ ᠰᠠᠯᠠᠭ᠎ᠠ ᠬᠢᠭᠡᠳ ᠶᠠᠰᠤᠨ ᠤ ᠰᠠᠯᠠᠭ᠎ᠠ ᠬᠤᠶᠠᠷ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠤᠭᠰᠠᠨ ᠲᠡᠦᠬᠡᠨ ᠲᠤᠭ᠎ᠠ ᠪᠠᠷᠢᠮᠲᠠ ᠶᠢ ᠲᠠᠬᠯᠠᠨ ᠮᠡᠳᠡᠭᠦᠯᠦᠨ᠎ᠡ᠃ ᠨᠢᠳᠦᠨ ᠤ ᠰᠠᠯᠠᠭᠠᠨ ᠤ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠵᠣᠬᠢᠶᠠᠮᠠᠯ ᠲᠠᠯᠠᠰᠲᠤ ᠪᠡᠶᠡᠲᠦ᠂ ᠲᠠᠯᠠᠰᠲᠤ ᠪᠡᠶᠡᠲᠦ ᠶᠢ ᠰᠢᠭᠢᠳᠬᠡᠭᠴᠢ ᠪᠠᠭᠠᠵᠢ ᠵᠢᠴᠢ ᠨᠢᠳᠦᠨ ᠤ ᠨᠠᠩᠭᠢ ᠬᠠᠷᠢᠮᠠᠬᠠᠢ ᠡᠳ᠋ ᠵᠡᠷᠭᠡ ᠪᠠᠭᠲᠠᠨ᠎ᠠ︔ ᠶᠠᠰᠤᠨ ᠰᠠᠯᠠᠭᠠᠨ ᠤ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠵᠠᠩᠭᠤᠤ ᠬᠠᠳᠠᠭᠠᠰᠤ᠂ ᠰᠡᠯᠪᠢᠨ ᠵᠠᠰᠠᠬᠤ ᠳᠤ ᠬᠡᠷᠡᠭᠯᠡᠬᠦ ᠵᠠᠭᠠᠳᠠᠰᠤᠨ ᠤᠲᠠᠰᠤ᠂ ᠵᠠᠭᠠᠭ ᠢ ᠳᠤᠬᠲᠠᠭᠠᠬᠤ ᠬᠠᠳᠠᠭᠠᠰᠤ᠂ ᠬᠥᠨᠳᠡᠯᠡᠨ ᠨᠡᠪᠲᠡᠯᠬᠦ ᠲᠣᠬᠲᠠᠭᠠᠬᠤ ᠬᠠᠳᠠᠭᠠᠰᠤ᠂ ᠵᠥᠭᠡᠯᠡᠨ ᠶᠠᠰᠤ ᠳᠤᠬᠲᠠᠭᠠᠬᠤ ᠬᠠᠳᠠᠭᠠᠰᠤ᠂ ᠵᠥᠭᠡᠯᠡᠨ ᠨᠡᠬᠡᠳᠡᠰᠦ ᠶᠢᠨ ᠳᠤᠬᠲᠠᠭᠠᠬᠤ ᠬᠠᠳᠠᠭᠠᠰᠤ᠂ ᠲᠣᠬᠢᠷᠠᠭᠤᠯᠵᠤ ᠪᠣᠯᠬᠤ ᠳᠤᠬᠲᠠᠭᠠᠬᠤ ᠬᠠᠪᠲᠠᠰᠤ᠂ ᠲᠤᠬᠢᠷᠠᠭᠤᠯᠵᠤ ᠥᠯᠦ ᠪᠣᠯᠬᠤ ᠳᠤᠬᠲᠠᠭᠠᠬᠤ ᠬᠠᠪᠲᠠᠰᠤ᠂ ᠬᠢᠮᠡᠯ ᠰᠢᠨᠳᠠᠰᠤ ᠶᠢᠨ ᠰᠢᠰᠲ᠋ᠧᠮ᠂ ᠬᠠᠭᠠᠰ ᠰᠠᠷᠠᠨ ᠬᠠᠪᠳᠠᠰᠤ ᠶᠢ ᠰᠡᠯᠪᠢᠨ ᠵᠠᠰᠠᠵᠤ ᠰᠢᠯᠵᠢᠭᠦᠯᠦᠨ ᠤᠷᠭᠤᠭᠤᠯᠬᠤ ᠰᠢᠰᠲ᠋ᠧᠮ᠂ ᠦᠶ᠎ᠡ ᠶᠢᠨ ᠲᠣᠯᠢ ᠶᠢᠨ ᠢᠵᠢ ᠪᠥᠷᠢᠳᠦᠭᠦᠯᠬᠦ ᠰᠢᠰᠲ᠋ᠧᠮ᠂ ᠯᠤᠭᠰᠢᠯ ᠤᠨ ᠤᠬᠢᠶᠠᠭᠤᠷ᠂ ᠥᠷᠥᠮᠳᠡᠭᠦᠷ᠂ ᠱᠦᠷᠭᠦᠭᠦᠷ᠂ ᠬᠠᠷᠤᠭᠤᠯ ᠤᠨ ᠬᠡᠯᠡ᠂ ᠤᠨᠳᠤᠤ ᠲᠥᠷᠥᠯ ᠤᠨ ᠶᠠᠰᠤ᠂ ᠢᠵᠢᠯ ᠲᠥᠷᠦᠯ ᠤᠨ ᠤᠨᠳᠤᠤ ᠪᠡᠶ᠎ᠡ ᠶᠢᠨ ᠶᠠᠰᠤ᠂ ᠵᠣᠬᠢᠶᠠᠮᠠᠯ ᠨᠡᠶᠢᠯᠡᠯᠭᠡ ᠶᠢᠨ ᠶᠠᠰᠤ ᠵᠢᠴᠢ ᠶᠠᠰᠤ ᠪᠦᠷᠢᠯᠳᠦᠬᠦ ᠤᠭᠤᠷᠠᠭ ᠵᠡᠷᠭᠡ ᠪᠠᠭᠲᠠᠨ᠎ᠠ᠃    ᠬᠤᠶᠠᠷ᠂ ᠲᠠᠭᠯᠠᠨ ᠮᠡᠳᠡᠭᠦᠯᠬᠦ ᠭᠤᠣᠯ ᠴᠣᠭᠴᠠ    ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ᠂ ᠳᠣᠷᠣᠭᠰᠢ ᠠᠳᠠᠯᠢ︶ ᠪᠣᠯᠤᠨ ᠡᠮᠴᠢᠯᠡᠭᠡᠨ ᠤ ᠪᠠᠲᠤᠯᠠᠭ᠎ᠠ ᠶᠢᠨ ᠴᠡᠭ ᠤᠨ ᠨᠡᠶᠢᠭᠡᠮ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ᠃    ᠭᠤᠷᠪᠠ᠂ ᠲᠠᠭᠯᠠᠨ ᠮᠡᠳᠡᠭᠦᠯᠬᠦ ᠶᠠᠪᠤᠴᠠ    ︵ᠨᠢᠭᠡ︶ ᠲᠠᠭᠯᠠᠨ ᠮᠡᠳᠡᠭᠦᠯᠬᠦ ᠠᠷᠭ᠎ᠠ ᠮᠠᠶ᠋ᠢᠭ    ᠤᠯᠤᠰ ᠤᠨ ᠵᠤᠬᠢᠶᠠᠨ ᠪᠠᠶᠢᠭᠤᠯᠤᠬᠰᠠᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠠᠮᠲᠤᠷᠠᠨ ᠬᠤᠳᠠᠯᠳᠤᠨ ᠠᠪᠬᠤ ᠲᠠᠪᠴᠠᠩ ᠳᠤ ᠭᠠᠷᠴᠤ᠂ ᠰᠢᠰᠲ᠋ᠧᠮ ᠤᠨ ᠳᠤᠲᠤᠭᠠᠳᠤ ᠳᠠᠬᠢ ᠠᠵᠢᠯᠯᠠᠭᠠᠨ ᠤ ᠭᠠᠷ ᠳᠡᠪᠲᠡᠷ ᠢᠶᠠᠷ ᠯᠠᠪᠯᠠᠯᠲᠠ ᠪᠣᠯᠭᠠᠵᠤ᠂ ᠬᠤᠳᠠᠯᠳᠤᠨ ᠠᠪᠤᠭᠰᠠᠨ ᠲᠡᠦᠬᠡᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠨ᠎ᠡ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠤᠨ ᠡᠮᠴᠢᠯᠡᠭᠡᠨ ᠤ ᠪᠠᠶᠢᠭᠤᠯᠤᠮᠵᠢ ᠨᠢ ᠤᠤᠯ ᠤᠨ ᠲᠠᠩᠰᠠᠨ ᠨᠣᠮᠧᠷ ᠢᠶᠠᠷ ᠢᠶᠠᠨ ᠭᠠᠷᠴᠤ ᠪᠣᠯᠤᠨ᠎ᠠ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠶᠢᠭᠤᠯᠤᠮᠵᠢ ᠶᠢᠨ ᠨᠢᠭᠤᠴᠠ ᠨᠣᠮᠧᠷ ᠢ ᠳᠠᠬᠢᠨ ᠪᠠᠶᠢᠷᠢᠯᠠᠭᠤᠯᠬᠤ ᠵᠢᠴᠢ ᠲᠠᠩᠰᠠᠨ ᠨᠣᠮᠧᠷ ᠢᠶᠠᠷ ᠨᠢ ᠪᠠᠶᠢᠴᠠᠭᠠᠨ ᠯᠠᠪᠯᠠᠵᠤ ᠪᠣᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠪᠠᠷ ᠨᠡᠮᠡᠭᠰᠡᠨ ᠲᠠᠩᠰᠠᠨ ᠨᠣᠮᠧᠷ ᠢ ᠡᠯ᠎ᠡ ᠠᠶᠢᠮᠠᠭ ᠬᠤᠲᠠ ᠠᠴᠠ ᠬᠠᠮᠢᠶ᠎ᠠ ᠪᠥᠬᠦᠶ ᠮᠡᠳᠡᠭᠡ ᠵᠠᠩᠭᠢ ᠶᠢ ᠬᠤᠷᠢᠶᠠᠩᠭᠤᠶᠢᠯᠠᠵᠤ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠮᠡᠳᠡᠭᠦᠯᠦᠨ ᠨᠢᠭᠡᠳᠦᠯᠲᠡᠶ ᠠᠵᠢᠯᠯᠠᠭᠤᠯᠬᠤ ᠬᠡᠷᠡᠭᠲᠡᠶ᠃    ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ    ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ 2021 ᠣᠨ᠂ 2022 ᠣᠨ ᠳᠤ ᠬᠡᠷᠡᠭᠯᠡᠭᠰᠡᠨ ᠨᠢᠳᠦᠨ ᠤ ᠰᠠᠯᠠᠭ᠎ᠠ ᠬᠢᠭᠡᠳ ᠶᠠᠰᠤᠨ ᠤ ᠰᠠᠯᠠᠭ᠎ᠠ ᠬᠤᠶᠠᠷ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ HIS ᠰᠢᠰᠲ᠋ᠧᠮ ᠤᠨ ᠪᠣᠳᠠᠲᠠᠶ ᠬᠡᠷᠡᠭᠯᠡᠭᠰᠡᠨ ᠶᠡᠷᠦᠩᠬᠡᠶ ᠬᠡᠮᠵᠢᠶ᠎ᠡ᠂ HIS ᠰᠢᠰᠲ᠋ᠧᠮ ᠤᠨ ᠪᠣᠳᠠᠲᠠᠶ ᠬᠡᠷᠡᠭᠯᠡᠭᠰᠡᠨ ᠶᠡᠷᠦᠩᠬᠡᠶ ᠵᠣᠭᠤᠰ ᠤᠨ ᠲᠤᠭ᠎ᠠ ᠵᠢᠴᠢ ᠲᠡᠤᠬᠡ ᠶᠢᠨ ᠬᠤᠳᠠᠯᠳᠤᠨ ᠠᠪᠤᠭᠰᠠᠨ ᠲᠤᠭ᠎ᠠ ᠪᠠᠷᠢᠮᠲᠠ ︵ᠲᠡᠤᠬᠡ ᠶᠢᠨ ᠬᠤᠳᠠᠯᠳᠤᠨ ᠠᠪᠤᠭᠰᠠᠨ ᠨᠢᠭᠡᠴᠢ ᠦᠨ᠎ᠡ ᠪᠠ ᠬᠠᠷᠠᠭᠠᠯᠵᠠᠭᠰᠠᠨ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢ ᠪᠠᠭᠲᠠᠭᠠᠨ᠎ᠠ᠂ ᠬᠡᠪ ᠪᠠᠷᠢᠮᠵᠢᠶ᠎ᠠ᠂ ᠬᠡᠯᠪᠡᠷᠢ ᠮᠠᠶ᠋ᠢᠭ ᠬᠦᠷᠲᠡᠯ᠎ᠡ ᠪᠤᠳᠠᠲᠠᠢ ᠲᠠᠬᠯᠠᠨ᠎ᠠ︶ ᠶᠢ ᠬᠤᠷᠢᠶᠠᠩᠭᠤᠶᠢᠯᠠᠬᠤ ᠶᠢᠨ ᠬᠠᠮᠲᠤ ᠲᠠᠭᠯᠠᠨ ᠮᠡᠳᠡᠭᠦᠯᠦᠨ᠎ᠡ᠃ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠤᠨ ᠲᠥᠪ ᠴᠢᠩᠭ᠎ᠠ ᠪᠠ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠬᠤᠳᠠᠯᠳᠤᠨ ᠠᠪᠤᠭᠰᠠᠨ ᠲᠡᠦᠬᠡᠨ ᠲᠤᠭ᠎ᠠ ᠪᠠᠷᠢᠮᠲᠠ ᠪᠠᠨ ᠲᠤᠰᠢᠶᠠᠬᠤ ᠳᠠᠭᠠᠨ ᠡᠷᠬᠡᠪᠰᠢ ᠡᠮᠴᠢᠯᠡᠭᠡᠨ ᠤ ᠪᠠᠶᠢᠭᠤᠯᠤᠮᠵᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠬᠤᠷᠢᠶᠠᠨ ᠳᠠᠷᠤᠭ᠎ᠠ ᠬᠤᠶᠠᠷ ᠤᠨ ᠭᠠᠷ ᠤᠨ ᠥᠰᠥᠭ ᠵᠢᠷᠤᠵᠤ ᠨᠤᠲᠠᠯᠠᠭᠰᠠᠨ᠂ ᠲᠠᠮᠠᠭ᠎ᠠ ᠳᠠᠷᠤᠭᠰᠠᠨ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠃    ᠳᠥᠷᠪᠡ᠂ ᠴᠠᠭ ᠤᠨ ᠲᠣᠬᠢᠷᠠᠭᠤᠯᠤᠯᠲᠠ    ᠲᠠᠭᠯᠠᠨ ᠮᠡᠳᠡᠭᠦᠯᠬᠦ ᠴᠠᠭ᠄ 2023 ᠣᠨ ᠤ 3 ᠳ᠋ᠤᠭᠠᠷ ᠰᠠᠷ᠎ᠠ ᠶᠢᠨ 17 ᠤ ᠡᠳᠦᠷ ᠤᠨ 14 ᠴᠠᠭ ᠠᠴᠠ 31 ᠤ ᠡᠳᠦᠷ ᠤᠨ 17 ᠴᠠᠭ᠃    ᠲᠠᠪᠤ᠂ ᠠᠩᠬᠠᠷᠬᠤ ᠵᠦᠢᠯ    ︵ᠨᠢᠭᠡ︶ ᠡᠮᠴᠢᠯᠡᠭᠡᠨ ᠤ ᠪᠠᠶᠢᠭᠤᠯᠤᠮᠵᠢ ᠨᠤᠭᠤᠳ ᠲᠠᠭᠯᠠᠨ ᠮᠡᠳᠡᠭᠦᠯᠦᠭᠰᠡᠨ ᠤ ᠪᠠᠨ ᠳᠠᠷᠠᠭ᠎ᠠ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠲᠤᠰᠢᠶᠠᠵᠤ ᠬᠢᠨᠠᠭᠤᠯᠤᠨ᠎ᠠ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠵᠤ᠂ ᠠᠯᠳᠠᠭ᠎ᠠ ᠥᠬᠡᠶ ᠪᠤᠯᠤᠭᠰᠠᠨ ᠢ ᠨᠤᠲᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠶ᠃    ︵ᠬᠤᠶᠠᠷ︶ ᠡᠯ᠎ᠡ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠤᠳᠠᠭᠠᠨ ᠤ ᠲᠤᠭ᠎ᠠ ᠪᠠᠷᠢᠮᠲᠠ ᠲᠠᠭᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠳᠠᠭᠠᠨ ᠳᠠᠳᠮᠠᠭᠠᠶ ᠲᠤᠰᠬᠠᠶ ᠬᠥᠮᠦᠨ ᠢ ᠲᠣᠬᠢᠷᠠᠭᠤᠯᠵᠤ᠂ ᠬᠤᠳᠠᠯᠳᠤᠨ ᠠᠪᠤᠭᠰᠠᠨ ᠲᠤᠭ᠎ᠠ ᠪᠠᠷᠢᠮᠲᠠ ᠲᠠᠭᠯᠠᠨ ᠮᠡᠳᠡᠭᠦᠯᠬᠦ ᠠᠵᠢᠯ ᠢ ᠬᠠᠷᠢᠭᠤᠴᠠᠭᠤᠯᠵᠤ᠂ ᠲᠣᠭᠲᠠᠭᠰᠠᠨ ᠴᠠᠭ ᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ ᠪᠦᠭᠡᠳ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ    2023 ᠣᠨ ᠤ 3 ᠳ᠋ᠤᠭᠠᠷ ᠰᠠᠷ᠎ᠠ ᠶᠢᠨ 15 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号