ᠥᠪᠥᠷ ᠡᠮ ᠬᠤᠳᠠᠯᠳᠤᠨ ᠠᠪᠬᠤ ᠲᠥᠪ ᠦᠰᠦᠭ ︹2023︺ 55 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄ | ︽ᠨᠠᠶ᠋ᠮᠠᠨ ᠮᠤᠵᠢ ᠬᠤᠶᠠᠷ ᠣᠷᠣᠨ︾ ᠤ ᠮᠤᠵᠢ ᠶᠢᠨ ᠬᠤᠭᠤᠷᠣᠨᠳᠣᠬᠢ ᠬᠤᠯᠪᠣᠭᠠᠨ ᠤ ᠨᠥᠬᠦᠬᠦ ᠢᠯᠳᠠᠰᠤᠨ ᠤ | ᠲᠥᠷᠥᠯ ᠤᠨ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠬᠠᠮᠲᠤᠷᠠᠭᠰᠠᠨ ᠠᠯᠪᠠᠨ ᠬᠡᠷ ︵ᠳᠣᠷᠣᠭᠰᠢ | ︽ᠬᠠᠮᠲᠤᠷᠠᠨ ᠬᠤᠳᠠᠯᠳᠤᠨ ᠠᠪᠬᠤ ᠠᠯᠪᠠᠨ ᠬᠡᠷ︾ ᠭᠡᠵᠦ ᠲᠣᠪᠴᠢᠯᠠᠨ᠎ᠠ︶ ᠤᠨ ᠠᠵᠢᠯ ᠤᠨ ᠲᠣᠬᠢᠷᠠᠭᠤᠯᠤᠯᠲᠠ ᠶᠢ | ᠦᠨᠳᠦᠰᠦᠯᠡᠨ ᠥᠪᠡᠷᠲᠡᠭᠡᠨ ᠵᠠᠰᠠᠬᠤ ᠣᠷᠣᠨ ᠠᠴᠠ ᠲᠠᠷᠢᠬᠢᠨ ︵ᠨᠤᠭᠤᠰᠤᠨ︶ ᠤ ᠬᠠᠲᠠᠭᠤ ᠬᠠᠯᠢᠰᠤ ᠶᠢ ᠨᠥᠬᠦᠬᠦ | ᠢᠯᠳᠠᠰᠤ ᠪᠠ ᠢᠪᠡᠷᠬᠡᠶ ᠨᠥᠬᠦᠬᠦ ᠢᠯᠳᠠᠰᠤ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠥᠷᠨᠢᠭᠦᠯᠪᠡ᠂ ᠡᠳᠦᠭᠡ ᠬᠤᠯᠪᠣᠭᠳᠠᠯ | ᠪᠥᠬᠦᠶ ᠲᠠᠭᠯᠠᠨ ᠮᠡᠳᠡᠭᠦᠯᠬᠦ ᠵᠦᠶ᠋ᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠲᠠᠭᠯᠠᠨ ᠮᠡᠳᠡᠭᠦᠯᠬᠦ ᠬᠡᠪᠴᠢᠶ᠎ᠡ | ᠲᠠᠷᠢᠬᠢᠨ ︵ᠨᠤᠭᠤᠰᠤᠨ︶ ᠤ ᠬᠠᠲᠠᠭᠤ ᠬᠠᠯᠢᠰᠤ ᠶᠢ ᠨᠥᠬᠦᠬᠦ ᠢᠯᠲᠠᠰᠤ ᠪᠠ ᠢᠪᠡᠷᠬᠡᠶ ᠨᠥᠬᠦᠬᠦ ᠢᠯᠲᠠᠰᠤ ᠶᠢ | ᠬᠢᠵᠠᠭᠠᠷᠯᠠᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠠᠩᠭᠢᠯᠠᠯ ᠪᠠ ᠣᠷᠣᠯᠠᠬᠤ ᠨᠣᠮᠧᠷ ᠤᠨ ᠡᠮᠦᠨᠡᠬᠢ ᠠᠷᠪᠠᠨ ᠤᠷᠤᠨ ᠨᠢ C040301118᠂ | C120501118᠂ C120502118 ᠪᠠᠷ ᠡᠬᠢᠯᠡᠭᠰᠡᠨ ᠦᠢᠯᠡᠳᠬᠦᠨ ᠢ ᠲᠠᠬᠯᠠᠨ ᠮᠡᠳᠡᠭᠦᠯᠦᠨ᠎ᠡ᠃ | ᠬᠤᠶᠠᠷ᠂ ᠲᠠᠭᠯᠠᠨ ᠮᠡᠳᠡᠭᠦᠯᠬᠦ ᠭᠤᠣᠯ ᠴᠣᠭᠴᠠ | ᠠᠯᠪᠠᠨ ᠠᠴᠠ ᠪᠠᠶᠢᠭᠤᠯᠤᠭᠰᠠᠨ ᠪᠣᠶ ᠪᠥᠬᠦᠶ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ | ᠪᠠᠶᠢᠭᠤᠯᠤᠮᠵᠢ ᠪᠠᠭᠲᠠᠨ᠎ᠠ᠂ ᠳᠣᠷᠣᠭᠰᠢ ᠠᠳᠠᠯᠢ︶ ᠪᠣᠯᠤᠨ ᠡᠮᠴᠢᠯᠡᠭᠡᠨ ᠤ ᠪᠠᠲᠤᠯᠠᠭ᠎ᠠ ᠶᠢᠨ ᠴᠡᠭ ᠤᠨ ᠨᠡᠶᠢᠭᠡᠮ ᠤᠨ | ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ᠃ | ᠭᠤᠷᠪᠠ᠂ ᠲᠠᠭᠯᠠᠨ ᠮᠡᠳᠡᠭᠦᠯᠦᠭᠰᠡᠨ ᠠᠭᠤᠯᠭ᠎ᠠ | ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠨᠢᠭᠡᠴᠢ ᠶᠢᠨ ᠢᠶᠠᠨ ᠢᠷᠡᠬᠦ ᠨᠢᠭᠡ ᠵᠢᠯ ᠤᠨ ᠲᠠᠷᠢᠬᠢᠨ ︵ | ᠨᠤᠭᠤᠰᠤᠨ︶ ᠤ ᠬᠠᠲᠠᠭᠤ ᠬᠠᠯᠢᠰᠤ ᠶᠢ ᠨᠥᠬᠦᠬᠦ ᠢᠯᠲᠠᠰᠤ ᠪᠠ ᠢᠪᠡᠷᠬᠡᠶ ᠨᠥᠬᠦᠬᠦ ᠢᠯᠲᠠᠰᠤ ᠬᠤᠶᠠᠷ ᠲᠥᠷᠥᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ | ᠮᠡᠳᠡᠭᠦᠯᠦᠨ᠎ᠡ᠃ | ᠳᠥᠷᠪᠡ᠂ ᠲᠠᠭᠯᠠᠨ ᠮᠡᠳᠡᠭᠦᠯᠬᠦ ᠶᠠᠪᠤᠴᠠ | ︵ᠨᠢᠭᠡ︶ ᠲᠠᠭᠯᠠᠨ ᠮᠡᠳᠡᠭᠦᠯᠬᠦ ᠠᠷᠭ᠎ᠠ ᠮᠠᠶ᠋ᠢᠭ | ᠯᠢᠶᠣᠤᠨᠢᠩ ᠮᠤᠵᠢ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠮᠡᠳᠡᠭᠦᠯᠦᠯᠲᠡ ᠶᠢᠨ ᠰᠢᠰᠲ᠋ᠧᠮ ︵ | ᠰᠦᠯᠵᠢᠶᠡᠨ ᠤ ᠬᠠᠶ᠋ᠢᠭ᠄ http://221.180.200.164:8034/#/home︶ ᠳᠤ ᠭᠠᠷᠴᠤ᠂ ᠲᠣᠰ | ᠲᠣᠰ ︽ᠲᠠᠷᠢᠬᠢᠨ ︵ᠨᠤᠭᠤᠰᠤᠨ︶ ᠤ ᠬᠠᠲᠠᠭᠤ ᠬᠠᠯᠢᠰᠤ ᠨᠥᠬᠦᠬᠦ ᠢᠯᠲᠠᠰᠤ︾ ᠪᠠ ︽ᠢᠪᠡᠷᠬᠡᠶ ᠨᠥ᠋ᠬᠦᠬᠦ | ᠢᠯᠲᠠᠰᠤ ᠶᠢ ᠬᠡᠮᠵᠢᠶ᠎ᠡ ᠲᠠᠢ ᠬᠤᠳᠠᠯᠳᠤᠨ ᠠᠪᠬᠤ︾ ᠲᠥᠷᠥᠯ ᠵᠦᠶ᠋ᠯ ᠢ ᠰᠣᠩᠭᠤᠵᠤ᠂ ᠬᠤᠳᠠᠯᠳᠤᠨ ᠠᠪᠬᠤ ᠲᠤᠭ᠎ᠠ | ᠪᠠᠷᠢᠮᠲᠠ ᠶᠢ ᠲᠠᠭᠯᠠᠨ ᠮᠡᠳᠡᠭᠦᠯᠦᠨ᠎ᠡ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠪᠣᠯᠤᠨ ᠡᠮᠴᠢᠯᠡᠭᠡᠨ ᠤ ᠪᠠᠶᠢᠭᠤᠯᠤᠮᠵᠢ ᠨᠢ ᠤᠤᠯ ᠤᠨ ᠪᠠᠶᠢᠭᠰᠠᠨ ᠲᠠᠩᠰᠠᠨ ᠨᠣᠮᠧᠷ ᠢᠶᠠᠷ ᠢᠶᠠᠨ | ᠰᠦᠯᠵᠢᠶᠡᠨ ᠳᠤ ᠭᠠᠷᠴᠤ ᠪᠣᠯᠤᠨ᠎ᠠ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ | ᠡᠮᠴᠢᠯᠡᠭᠡᠨ ᠤ ᠪᠠᠶᠢᠭᠤᠯᠤᠮᠵᠢ ᠶᠢᠨ ᠨᠢᠭᠤᠴᠠ ᠨᠣᠮᠧᠷ ᠢ ᠳᠠᠬᠢᠨ ᠪᠠᠶᠢᠷᠢᠯᠠᠭᠤᠯᠬᠤ ᠵᠢᠴᠢ ᠲᠠᠩᠰᠠᠨ ᠨᠣᠮᠧᠷ ᠢᠶᠠᠷ ᠨᠢ | ᠪᠠᠶᠢᠴᠠᠭᠠᠨ ᠯᠠᠪᠯᠠᠵᠤ ᠪᠣᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠪᠠᠷ ᠨᠡᠮᠡᠭᠰᠡᠨ ᠲᠠᠩᠰᠠᠨ ᠨᠣᠮᠧᠷ ᠢ ᠡᠯ᠎ᠡ | ᠠᠶᠢᠮᠠᠭ ᠬᠤᠲᠠ ᠠᠴᠠ ᠬᠠᠮᠢᠶ᠎ᠠ ᠪᠥᠬᠦᠶ ᠮᠡᠳᠡᠭᠡ ᠵᠠᠩᠭᠢ ᠶᠢ ᠬᠤᠷᠢᠶᠠᠩᠭᠤᠶᠢᠯᠠᠵᠤ᠂ ᠥᠪᠡᠷᠲᠡᠭᠡᠨ ᠵᠠᠰᠠᠬᠤ ᠣᠷᠣᠨ ᠤ | ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠮᠡᠳᠡᠭᠦᠯᠦᠨ ᠬᠦᠷᠭᠡᠵᠦ ᠨᠢᠭᠡᠳᠦᠯᠲᠡᠶ ᠠᠵᠢᠯᠯᠠᠭᠤᠯᠤᠨ᠎ᠠ᠃ | ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠲᠠ ᠲᠠᠭᠯᠠᠨ ᠮᠡᠳᠡᠭᠦᠯᠬᠦ | ᠡᠯ᠎ᠡ ᠡᠮᠴᠢᠯᠡᠭᠡᠨ ᠤ ᠪᠠᠶᠢᠭᠤᠯᠤᠮᠵᠢ ᠰᠢᠰᠲ᠋ᠧᠮ ᠤᠨ ︽ᠳᠡᠭᠡᠭᠰᠢ ᠮᠡᠳᠡᠭᠦᠯᠬᠦ ᠬᠠᠮᠢᠶᠠᠷᠤᠯᠲᠠ︾ ᠶᠢᠨ ᠬᠡᠰᠡᠭ ᠲᠤ | ᠭᠠᠷᠴᠤ᠂ ᠢᠷᠡᠬᠦ ᠨᠢᠭᠡ ᠵᠢᠯ ᠤᠨ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶᠡᠨ ᠤ ᠲᠤᠭ᠎ᠠ ᠪᠠᠷᠢᠮᠲᠠ ᠶᠢ ᠲᠠᠭᠯᠠᠨ | ᠮᠡᠳᠡᠭᠦᠯᠬᠦ ᠠᠵᠢᠯ ᠢ ᠪᠡᠶᠡᠯᠡᠭᠦᠯᠵᠦ᠂ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠳᠡᠭᠡᠨ ᠡᠷᠬᠡᠪᠰᠢ 2022 | ᠣᠨ ᠤ ᠲᠡᠦᠬᠡᠨ ᠲᠤᠭ᠎ᠠ ᠪᠠᠷᠢᠮᠲᠠ ᠪᠠ ᠲᠤᠰ ᠡᠮᠨᠡᠯᠭᠡ ᠶᠢᠨ ᠬᠤᠷᠢᠶᠠᠨ ᠤ HIS ᠲᠤᠭ᠎ᠠ ᠪᠠᠷᠢᠮᠲᠠ ᠲᠠᠢ | ᠵᠤᠬᠢᠴᠠᠯᠳᠤᠭᠤᠯᠵᠤ᠂ ᠬᠠᠷᠭᠤᠭᠤᠯᠤᠨ᠎ᠠ᠃ ᠲᠠᠬᠯᠠᠨ ᠮᠡᠳᠡᠭᠦᠯᠬᠦ ᠬᠡᠷᠡᠭᠴᠡᠭᠡᠨ ᠤ ᠶᠡᠷᠦᠩᠬᠡᠢ ᠬᠡᠮᠵᠢᠶ᠎ᠡ ᠨᠢ ᠵᠠᠷᠴᠢᠮ | ᠳᠡᠭᠡᠷ᠎ᠡ ᠪᠠᠨ 2022 ᠣᠨ ᠤ ᠬᠤᠳᠠᠯᠳᠤᠨ ᠠᠪᠤᠬᠰᠠᠨ ᠲᠡᠦᠬᠡᠨ ᠬᠡᠮᠵᠢᠶᠡᠨ ᠠᠴᠠ ᠳᠣᠣᠷ᠎ᠠ ᠪᠠᠶᠢᠵᠤ ᠪᠣᠯᠬᠤ ᠦᠭᠡᠢ᠂ | ᠡᠨᠡ ᠬᠦ ᠱᠠᠭᠠᠷᠳᠠᠯᠭ᠎ᠠ ᠳᠤ ᠬᠦᠷᠴᠦ ᠳᠡᠶᠢᠯᠬᠦ ᠦᠭᠡᠢ ᠪᠣᠯ ᠡᠷᠬᠡᠪᠰᠢ ᠲᠣᠳᠣᠷᠬᠠᠶᠢᠯᠠᠯᠲᠠ ᠬᠢᠬᠦ ᠬᠡᠷᠡᠭᠲᠡᠢ᠃ | ᠬᠡᠷᠡᠭᠴᠡᠭᠡᠨ ᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠤ ᠳᠠᠷᠠᠭ᠎ᠠ ︽ᠠᠮᠠᠯᠠᠯᠲᠠ ᠶᠢᠨ ᠪᠢᠴᠢᠭ︾ ᠪᠠ ︽ | ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶᠡᠨ ᠤ ᠶᠡᠷᠦᠩᠬᠡᠶ ᠬᠦᠰᠦᠨᠦᠭᠲᠦ︾ ᠶᠢ | ᠳᠠᠷᠤᠮᠠᠯᠯᠠᠵᠤ᠂ ᠲᠣᠰ ᠨᠢᠭᠡᠴᠢ ᠶᠢᠨ ᠬᠤᠷᠢᠶᠠᠨ ᠳᠠᠷᠤᠭ᠎ᠠ᠂ ᠱᠦᠵᠢ ᠬᠤᠶᠠᠷ ᠭᠠᠷ ᠤᠨ ᠥᠰᠥᠭ ᠵᠢᠷᠤᠵᠤ ᠨᠣᠲᠤᠯᠠᠬᠤ | ᠪᠠ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ᠂ ᠰᠢᠰᠲ᠋ᠧᠮ ᠤᠨ ᠳᠣᠲᠣᠷ᠎ᠠ ᠡᠯᠧᠺᠳ᠋ᠷᠤᠨ ᠪᠠᠷ ᠤᠨ PDF ᠪᠢᠴᠢᠭ | ᠮᠠᠲ᠋ᠧᠷᠢᠶᠠᠯ ᠢ ᠳᠠᠮᠵᠢᠭᠤᠯᠤᠨ᠎ᠠ᠃ | ᠲᠠᠪᠤ᠂ ᠴᠠᠭ ᠬᠤᠭᠤᠴᠠᠭᠠᠨ ᠤ ᠲᠣᠬᠢᠷᠠᠭᠤᠯᠤᠯᠲᠠ | ᠲᠠᠭᠯᠠᠨ ᠮᠡᠳᠡᠭᠦᠯᠬᠦ ᠴᠠᠭ᠄ 2023 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ 3 ᠳ᠋ᠤᠭᠠᠷ | ᠰᠠᠷ᠎ᠠ ᠶᠢᠨ 22 ᠤᠨ ᠡᠳᠦᠷ ᠤᠨ 16 ᠴᠠᠭ᠃ | ᠵᠢᠷᠭᠤᠭ᠎ᠠ᠂ ᠠᠩᠬᠠᠷᠬᠤ ᠵᠦᠢᠯ | ︵ᠨᠢᠭᠡ︶ ᠡᠮᠴᠢᠯᠡᠭᠡᠨ ᠤ ᠪᠠᠶᠢᠭᠤᠯᠤᠮᠵᠢ ᠨᠤᠭᠤᠳ ᠲᠠᠭᠯᠠᠨ ᠮᠡᠳᠡᠭᠦᠯᠦᠭᠰᠡᠨ ᠤ ᠪᠠᠨ ᠳᠠᠷᠠᠭ᠎ᠠ ᠠᠶᠢᠮᠠᠭ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠳᠡᠪᠰᠢᠭᠦᠯᠦᠨ ᠬᠢᠨᠠᠨ ᠬᠠᠷᠭᠤᠭᠤᠯᠤᠨ᠎ᠠ᠃ ᠡᠯ᠎ᠡ | ᠠᠶᠢᠮᠠᠭ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠠᠷᠢᠶᠠᠲᠤ ᠣᠷᠣᠨ ᠤ ᠳᠣᠲᠣᠷᠠᠬᠢ | ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠵᠤ᠂ | ᠠᠯᠳᠠᠭ᠎ᠠ ᠥᠬᠡᠶ ᠪᠠᠶᠢᠬᠤ ᠶᠢ ᠨᠤᠲᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠲᠤ ᠲᠤᠰᠢᠶᠠᠨ᠎ᠠ᠃ | ︵ᠬᠤᠶᠠᠷ︶ ᠡᠯ᠎ᠡ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠤᠳᠠᠭᠠᠨ ᠤ ᠲᠤᠭ᠎ᠠ | ᠪᠠᠷᠢᠮᠲᠠ ᠲᠠᠭᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠳᠤ ᠪᠠᠨ ᠴᠢᠳᠠᠮᠠᠭᠠᠢ | ᠲᠤᠰᠬᠠᠶ ᠬᠥᠮᠦᠨ ᠢ ᠲᠣᠬᠢᠷᠠᠭᠤᠯᠵᠤ᠂ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ | ᠬᠠᠷᠢᠭᠤᠴᠠᠭᠤᠯᠵᠤ᠂ ᠲᠣᠭᠲᠠᠭᠰᠠᠨ ᠴᠠᠭ ᠲᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ | ᠮᠡᠳᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ | ︵ᠨᠢᠭᠡ︶ ᠬᠠᠮᠲᠤᠷᠠᠨ ᠬᠤᠳᠠᠯᠳᠤᠨ ᠠᠪᠬᠤ ᠠᠯᠪᠠᠨ ᠭᠡᠷ᠄ | ᠲᠣᠭᠲᠠᠮᠠᠯ ᠤᠲᠠᠰᠤ᠄ 024-22528730᠂ 024-23447076᠂ 024-22528530 | ᠭᠠᠷ ᠤᠲᠠᠰᠤ᠄ 18644049225᠂ 13352452026᠂ 13998823896 | ᠮᠡᠷᠭᠡᠵᠢᠯ ᠤᠨ ᠳᠡᠮᠵᠢᠯᠭᠡ᠄ ᠳ᠋ᠦᠩ ᠷᠤᠸᠠᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠰ ᠤᠨ ᠬᠡᠯᠲᠡᠰ | ᠠᠰᠠᠭᠤᠨ ᠯᠠᠪᠯᠠᠬᠤ ᠤᠲᠠᠰᠤ᠄ 15940092465 | ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ | ᠬᠠᠷᠢᠯᠴᠠᠬᠤ ᠤᠲᠠᠰᠤ᠄ 0471 - 4904515᠂ 4908367 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ | 2023 ᠣᠨ ᠤ 3 ᠳ᠋ᠤᠭᠠᠷ ᠰᠠᠷ᠎ᠠ ᠶᠢᠨ 15 ᠤ ᠡᠳᠦᠷ | |