ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ ᠤᠯᠠᠭᠠᠨᠴᠠᠪ ᠬᠤᠲᠠ ᠶᠢᠨ ᠰᠢᠩ ᠾᠧ ᠰᠢᠶᠠᠨ ᠳᠤ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡ ᠶᠢᠨ ᠳᠣᠷᠣᠭᠰᠢ ᠪᠠᠭᠤᠭᠰᠠᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/3/20
   3 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ ᠬᠤᠯᠪᠣᠭᠳᠠᠯ ᠪᠦᠬᠦᠢ ᠭᠠᠵᠠᠷ᠂ ᠠᠯᠪᠠᠨ ᠭᠡᠷ ᠤᠨ ᠬᠠᠷᠢᠭᠤᠴᠠᠯᠭᠠᠲᠠᠨ ᠢ ᠳᠠᠭᠠᠭᠤᠯᠤᠨ ᠤᠯᠠᠭᠠᠨᠴᠠᠪ ᠬᠤᠲᠠ ᠶᠢᠨ ᠰᠢᠩ ᠾᠧ ᠰᠢᠶᠠᠨ ᠳᠤ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡ ᠶᠢᠨ ᠳᠣᠷᠣᠭᠰᠢ ᠪᠠᠭᠤᠭᠰᠠᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
3-20-下沉工作.jpg
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠩ ᠾᠧ ᠰᠢᠶᠠᠨ ᠤ ᠳ᠋ᠠ ᠺᠦ᠋ ᠯᠢᠶᠠᠨ ᠰᠢᠶᠠᠩ ᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠦᠷᠳᠡᠭᠡ᠂ ᠦᠨᠳᠦᠰᠦᠲᠡᠨ ᠤ ᠪᠦᠯᠬᠦᠮᠳᠡᠯ ᠰᠢᠶᠠᠩ ᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠦᠷᠳᠡᠭᠡ᠂ ᠴᠧᠩ ᠭᠤᠸᠠᠨ ᠪᠠᠯᠭᠠᠰᠤᠨ ᠤ ᠰᠢᠩ ᠴᠠᠩ ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠴᠡᠭ᠂ ᠴᠧᠩ ᠭᠤᠸᠠᠨ ᠪᠠᠯᠭᠠᠰᠤᠨ ᠤ ᠰᠢ ᠭᠤᠸᠠᠨ ᠲᠣᠰᠬᠤᠨ ᠤ ᠵᠥᠪᠯᠡᠯ ᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠴᠡᠭ᠂ ᠰᠢᠩ ᠡᡁᠧ ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠲᠢᠩᠬᠢᠮ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠦᠷᠳᠡᠭᠡ ︵ᠴᠡᠭ︶ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠡᠮᠴᠢᠯᠡᠭᠡ ᠶᠢᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠶᠢ ᠲᠤᠬᠠᠢ ᠶᠢᠨ ᠭᠠᠵᠠᠷ ᠲᠤᠨᠢ ᠣᠶᠢᠯᠠᠭᠠᠪᠠ᠃    ᠶᠢᠨ ᠮᠠᠨ ᠢ᠂ ᠡᠮᠴᠢᠯᠡᠭᠡ ᠶᠢᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠥᠷᠲᠡᠭᠡ ︵ᠴᠡᠭ︶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ 2023 ᠣᠨ ᠤ ᠡᠮᠴᠢᠯᠡᠭᠡ ᠶᠢᠨ ᠪᠠᠳᠤᠯᠠᠭ᠎ᠠ ᠶᠢᠨ ᠭᠤᠤᠯᠳᠠᠯᠭ᠎ᠠ ᠲᠠᠢ ᠠᠵᠢᠯ ᠪᠣᠯᠤᠨ᠎ᠠ᠃ ᠡᠯ᠎ᠡ ᠠᠶᠢᠮᠠᠭ ᠬᠤᠲᠠ ᠨᠤᠭᠤᠳ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠂ ᠨᠢᠭᠡ ᠳᠤ᠂ ᠲᠣᠤᠷ ᠴᠡᠭ ᠢ ᠳᠣᠷᠣᠭᠰᠢ ᠪᠠᠭᠤᠯᠭᠠᠬᠤ᠂ ᠮᠡᠳᠡᠭᠡ ᠵᠠᠩᠭᠢ ᠪᠠᠷ ᠴᠢᠳᠠᠪᠤᠷᠢ ᠣᠯᠭᠤᠬᠤ᠂ ᠪᠠᠷᠢᠮᠵᠢᠶ᠎ᠠ ᠵᠢᠷᠤᠮᠵᠢᠭᠰᠠᠨ ᠰᠡᠳᠬᠢᠴᠡ ᠶᠣᠰᠣᠭᠠᠷ᠂ ᠦᠨᠳᠦᠰᠦᠨ ᠱᠠᠲᠤᠨ ᠤ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠲᠦᠮᠡᠨ ᠢ ︽ᠡᠮᠴᠢᠯᠡᠭᠡ ᠶᠢᠨ ᠪᠠᠲᠤᠯᠠᠭ᠎ᠠ ᠶᠢᠨ ᠶᠠᠪᠤᠳᠠᠯ ᠢ ᠭᠦᠢᠴᠡᠳᠬᠡᠬᠦ ᠳᠤ ᠬᠥᠮᠦᠨ ᠢ ᠭᠤᠶᠤᠬᠤ ᠦᠭᠡᠢ︾ ᠪᠠᠶᠢᠬᠤ ᠶᠢ ᠪᠡᠶᠡᠯᠡᠭᠦᠯᠵᠦ᠂ ᠴᠢᠨᠠᠷ ᠰᠠᠶᠢᠲᠠᠶ ᠳᠥᠭᠦᠮ ᠳᠥᠲᠡ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠨᠡᠷᠡᠲᠦ ᠲᠡᠮᠳᠡᠭ ᠢ ᠪᠣᠶ ᠪᠣᠯᠭᠠᠨ᠎ᠠ᠃ ᠬᠤᠶᠠᠷ ᠲᠤ᠂ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠲᠣᠤᠷ ᠰᠦᠯᠵᠢᠶ᠎ᠡ ᠶᠢ ᠤᠷᠲᠤᠳᠬᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠷᠢᠶ᠎ᠠ ᠭᠠᠵᠠᠷ ᠤᠨ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠣᠷᠣᠭᠤᠯᠬᠤ ᠶᠢ ᠠᠬᠢᠭᠤᠯᠵᠤ᠂ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠭᠠᠴᠠᠭ᠎ᠠ᠂ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ ᠭᠦᠢᠴᠡᠳᠬᠡᠬᠦ ᠶᠢ ᠢᠳᠡᠪᠬᠢᠲᠡᠶ ᠠᠬᠢᠭᠤᠯᠤᠨ᠎ᠠ᠃ ᠭᠤᠷᠪᠠ ᠳᠤ᠂ ᠦᠨᠳᠦᠰᠦᠨ ᠱᠠᠲᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠥᠷᠲᠡᠭᠡ᠂ ᠴᠡᠭ ᠢ ᠪᠥᠬᠦ ᠲᠠᠯ᠎ᠠ ᠪᠠᠷ ᠪᠠᠶᠢᠭᠤᠯᠵᠤ᠂ ︽15 ᠮᠢᠨᠦ᠋ᠲ︾ ᠤᠨ ᠡᠮᠴᠢᠯᠡᠭᠡ ᠶᠢᠨ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠢ ︽ᠬᠡᠷ ᠤᠨ ᠡᠭᠦᠳᠡ︾ ᠳᠡᠭᠡᠨ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠪᠡᠶᠡᠴᠢᠯᠡᠨ ᠤᠶᠢᠯᠠᠭᠠᠭᠤᠯᠵᠦ᠂ ︽ᠠᠷᠠᠳ ᠲᠤ ᠲᠥᠬᠦᠮ ᠦᠵᠡᠭᠦᠯᠵᠦ᠂ ᠠᠷᠠᠳ ᠲᠤ ᠠᠰᠢᠭ ᠬᠦᠷᠲᠡᠭᠡᠬᠦ︾ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃   ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠵᠢᠶᠠ ᠸᠧᠶ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ ᠵᠢᠴᠢ ᠬᠠᠮᠢᠶ᠎ᠠ ᠪᠥᠬᠦᠶ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号