ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠲᠦᠷᠭᠡᠨ ᠠᠵᠢᠯᠯᠠᠵᠤ ᠪᠣᠳᠠᠲᠠᠢ ᠠᠵᠢᠯᠯᠠᠵᠤ ᠦᠷ᠎ᠡ ᠪᠦᠲᠦᠮᠵᠢ ᠶᠢ ᠲᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2023/3/22
   ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ︽ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠲᠡᠭᠡᠭᠰᠢᠯᠡᠭᠦᠯᠦᠶ᠎ᠡ︾ ᠲᠤᠰᠬᠠᠢ ᠠᠵᠢᠯᠯᠠᠭ᠎ᠠ ᠶᠢᠨ ᠬᠤᠶᠠᠳᠤᠭᠠᠷ ᠱᠠᠲᠤᠨ ᠤ ᠠᠵᠢᠯ ᠤᠨ ᠡᠭᠦᠷᠭᠡ ᠶᠢ ᠶᠡᠭᠡ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠳᠣᠷᠬᠠᠶᠢᠯᠠᠭᠰᠠᠨ ᠡᠯ᠎ᠡ ᠵᠦᠢᠯ ᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠪᠠᠷ ᠠᠵᠢᠯ ᠤᠨ ︽ᠳᠣᠣᠷᠠᠳᠤ ᠬᠢᠵᠠᠭᠠᠷ︾ ᠪᠠ ︽ᠬᠢᠵᠠᠭᠠᠷ ᠱᠤᠭᠤᠮ︾ ᠪᠣᠯᠭᠠᠵᠤ᠂ ᠴᠠᠭ ᠤᠨ ᠬᠢᠵᠠᠭᠠᠷ ᠶᠣᠰᠣᠭᠠᠷ ᠠᠵᠢᠯ ᠤᠨ ᠡᠭᠦᠷᠭᠡ ᠪᠠᠨ ᠡᠷᠡᠰ ᠪᠡᠶᠡᠯᠡᠭᠦᠯᠵᠦ᠂ ︽ᠬᠡᠷᠡᠭ ᠶᠠᠪᠤᠳᠠᠯ ᠢ ᠴᠠᠭ ᠲᠤᠬᠠᠢ ᠲᠤᠨᠢ ᠰᠢᠢᠳᠪᠦᠷᠢᠯᠡᠵᠦ᠂ ᠬᠡᠷᠡᠭ ᠶᠠᠪᠤᠳᠠᠯ ᠢ ᠰᠥᠨᠢ ᠥᠩᠭᠡᠷᠡᠭᠦᠯᠬᠦ ᠦᠭᠡᠢ︾ ᠪᠠᠶᠢᠬᠤ ᠶᠢ ᠪᠡᠶᠡᠯᠡᠭᠦᠯᠦᠨ᠂ ᠡᠭᠦᠷᠭᠡ ᠪᠠᠨ ᠴᠠᠭ ᠲᠤᠨᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠰᠠᠨᠠᠯ ᠤᠨ ᠬᠠᠷᠢᠭᠤ ᠲᠤᠰᠬᠠᠯ᠂ ᠬᠤᠷᠠᠯ ᠤᠨ ᠠᠵᠢᠯᠯᠠᠭ᠎ᠠ᠂ ᠰᠢᠮᠳᠠᠭᠤᠯᠤᠨ ᠪᠠᠶᠢᠴᠠᠭᠠᠵᠤ ᠬᠢᠨᠠᠨ ᠵᠢᠯᠤᠭᠤᠳᠬᠤ᠂ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠵᠡᠷᠭᠡ ᠲᠠᠯ᠎ᠠ ᠪᠠᠷ      ᠬᠦᠴᠦᠯᠡᠵᠦ᠂ ᠬᠤᠷᠳᠤᠴᠠ ᠪᠠᠨ ᠳᠠᠬᠢᠨ ᠳᠡᠭᠡᠭᠰᠢᠯᠡᠭᠦᠯᠵᠦ᠂ ᠦᠷ᠎ᠡ ᠪᠦᠲᠦᠮᠵᠢ ᠪᠠᠨ ᠳᠠᠬᠢᠨ ᠲᠡᠭᠡᠭᠰᠢᠯᠡᠭᠦᠯᠬᠦ ᠶᠢᠨ ᠲᠦᠯᠦᠭᠡ᠂ 3 ᠳ᠋ᠤᠭᠠᠷ ᠰᠠᠷ᠎ᠠ ᠶᠢᠨ 21 ᠤ ᠡᠳᠦᠷ᠂ ᠲᠣᠪᠴᠢᠶ᠎ᠠ ᠶᠢᠨ ᠭᠤᠣᠯ ᠤᠳᠤᠷᠢᠳᠤᠯᠭ᠎ᠠ ᠲᠣᠪᠴᠢᠶ᠎ᠠ ᠶᠢᠨ ᠶᠠᠪᠤᠳᠠᠯ ᠤᠨ ᠬᠤᠷᠠᠯ ᠢ ᠳᠠᠬᠢᠨᠲᠠ ᠬᠤᠷᠠᠯᠳᠤᠭᠤᠯᠵᠤ᠂ ᠬᠤᠶᠠᠳᠤᠭᠠᠷ ᠱᠠᠲᠤᠨ ᠤ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠨ᠂ ᠭᠤᠷᠪᠠᠳᠤᠭᠠᠷ ᠱᠠᠲᠤᠨ ᠤ ᠬᠤᠯᠪᠣᠭᠳᠠᠯ ᠪᠦᠬᠦᠢ ᠠᠵᠢᠯ ᠢ ᠰᠤᠳᠤᠯᠤᠨ      ᠪᠠᠶᠢᠷᠢᠯᠠᠭᠤᠯᠵᠤ᠂ ᠠᠯᠪᠠᠨ ᠪᠢᠴᠢᠭ ᠤᠨ ᠳᠣᠲᠣᠭᠠᠳᠤ ᠶᠢᠨ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ     ᠠᠳᠬᠤᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠪᠦᠬᠦᠯᠢ ᠴᠣᠭᠴᠠ ᠶᠢᠨ ᠠᠵᠢᠯ ᠤᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠠᠯᠪᠠᠨ ᠪᠢᠴᠢᠭ ᠤᠨ ᠰᠢᠢᠳᠪᠦᠷᠢᠯᠡᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠦᠢᠴᠡᠳᠬᠡᠬᠦ ᠪᠠᠶᠢᠭ᠎ᠠ ᠠᠯᠪᠠᠨ ᠪᠢᠴᠢᠭ ᠢ ᠵᠠᠷᠴᠢᠮ ᠳᠡᠭᠡᠷ᠎ᠡ ᠪᠠᠨ ᠲᠤᠬᠠᠢ ᠶᠢᠨ ᠡᠳᠦᠷ ᠲᠤ ᠭᠦᠢᠴᠡᠳᠬᠡᠬᠦ ᠰᠠᠨᠠᠯ ᠢᠶᠠᠨ ᠳᠤᠷᠠᠳᠴᠤ᠂ ᠲᠤᠬᠠᠢ ᠶᠢᠨ ᠡᠳᠦᠷ ᠲᠤᠨᠢ ᠠᠵᠢᠯᠯᠠᠭ᠎ᠠ ᠡᠬᠢᠯᠡᠭᠦᠯᠦᠨ᠂ ᠡᠳᠦᠷ ᠲᠤᠨᠢ ᠲᠠᠭᠤᠰᠬᠠᠨ᠎ᠠ᠂ ᠬᠠᠮᠢᠶ᠎ᠠ ᠪᠦᠬᠦᠢ ᠬᠠᠷᠢᠭᠤᠴᠠᠯᠭᠠᠳᠦ ᠭᠠᠵᠠᠷ ᠭᠡᠷ ︵ᠨᠢᠭᠡᠴᠡ︶ ᠨᠢ ᠴᠠᠭ ᠲᠤᠬᠠᠢ ᠳᠤᠨᠢ ᠭᠦᠢᠴᠡᠳᠬᠡᠵᠦ᠂ ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠬᠠᠤᠯᠢ ᠶᠣᠰᠣᠨ ᠤ ᠴᠢᠨᠠᠷ ᠲᠠᠢ ᠬᠢᠨᠠᠨ ᠬᠠᠷᠭᠤᠭᠤᠯᠤᠯᠲᠠ ᠬᠢᠬᠦ ᠴᠢᠬᠤᠯᠠ ᠲᠠᠢ ᠠᠯᠪᠠᠨ ᠪᠢᠴᠢᠭ ᠢ ᠬᠠᠤᠯᠢ ᠴᠠᠭᠠᠵᠠ ᠶᠢᠨ ᠲᠢᠩᠬᠢᠮ ᠲᠤ ᠳᠠᠩᠰᠠᠯᠠᠭᠤᠯᠬᠤ ᠪᠠᠷ ᠭᠤᠶᠤᠴᠢᠯᠠᠭᠠᠳ ᠳ᠋ᠤᠭᠠᠷᠯᠠᠭᠰᠠᠨ ᠤ ᠲᠠᠷᠠᠭ᠎ᠠ᠂ ᠬᠢᠨᠠᠨ ᠬᠠᠷᠭᠤᠭᠤᠯᠬᠤ ᠴᠠᠭ ᠢ ᠡᠩ ᠤᠨ ᠪᠠᠶᠢᠳᠠᠯ ᠳᠤ 3 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠲᠣᠪᠴᠢᠶ᠎ᠠ ᠶᠢᠨ ᠰᠢᠰᠲ᠋ᠧᠮ ᠤᠨ ᠪᠢᠴᠢᠭ ᠮᠠᠲ᠋ᠧᠷᠢᠶᠠᠯ ᠤᠨ ᠠᠵᠢᠯᠯᠠᠭᠠᠨ ᠤ ᠬᠦᠴᠦᠨ ᠲᠠᠢ ᠬᠤᠭᠤᠴᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠬᠠᠷᠢᠶ᠎ᠠ ᠨᠢᠭᠡᠴᠡ ᠨᠦᠭᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠪᠤᠴᠠᠭᠠᠬᠤ ᠬᠠᠮᠢᠶᠠᠷᠤᠯᠲᠠ ᠶᠢᠨ ᠳᠦᠷᠢᠮ︾ ᠢ ᠬᠢᠨᠠᠮᠠᠭᠠᠢ ᠰᠤᠷᠤᠯᠴᠠᠵᠤ᠂ ᠠᠯᠪᠠᠨ ᠭᠡᠷ ᠡᠭᠦᠨ ᠢ ᠦᠨᠳᠦᠰᠦᠯᠡᠨ ᠲᠤᠰᠬᠠᠢ ᠰᠡᠳᠦᠪ ᠢᠶᠠᠷ ᠰᠤᠳᠤᠯᠵᠤ᠂ ︽ᠠᠯᠪᠠᠨ ᠪᠢᠴᠢᠭ ᠤᠨ ᠰᠢᠢᠳᠪᠦᠷᠢᠯᠡᠯᠲᠡ ᠶᠢᠨ ᠶᠠᠰᠤ ᠴᠢᠨᠠᠷ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠪᠣᠳᠠᠲᠠᠢ ᠠᠷᠭ᠎ᠠ ᠬᠡᠮᠵᠢᠶ᠎ᠡ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠭᠡᠷ ︵ᠨᠢᠭᠡᠴᠡ︶ ᠨᠢ ᠪᠢᠴᠢᠭ ᠮᠠᠲ᠋ᠧᠷᠢᠶᠠᠯ ᠶᠠᠪᠤᠭᠤᠯᠬᠤ ᠳᠠᠭᠠᠨ ︽ᠬᠡᠨ ᠲᠤᠭᠤᠷᠪᠢᠪᠠᠯ ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ᠂ ᠠᠯᠪᠠᠨ ᠪᠢᠴᠢᠭ ᠤᠨ ︽ᠨᠢᠭᠡ ᠬᠠᠷᠭᠤᠭᠤᠯᠵᠦ ᠬᠤᠶᠠᠷ ᠰᠢᠭᠦᠯᠲᠡ ᠬᠢᠬᠦ︾ ᠶᠢᠨ ᠳᠦᠷᠢᠮ ᠢ ᠬᠡᠷᠡᠭᠵᠢᠭᠦᠯᠵᠦ᠂ ᠤᠯᠤᠰ ᠲᠥᠷᠥ ᠶᠢᠨ ᠪᠣᠭᠤᠮᠲᠠ᠂ ᠲᠥᠷᠥ ᠶᠢᠨ ᠪᠣᠳᠣᠯᠭ᠎ᠠ ᠶᠢᠨ ᠪᠣᠭᠤᠮᠲᠠ᠂ ᠲᠦᠷᠦ ᠶᠢᠨ ᠪᠤᠳᠤᠯᠭ᠎ᠠ ᠶᠢᠨ ᠪᠣᠭᠤᠮᠲᠠ᠂ ᠬᠠᠤᠯᠢ ᠴᠠᠭᠠᠵᠠ ᠶᠢᠨ ᠪᠤᠭᠤᠮᠳᠠ᠂ ᠠᠭᠤᠯᠭ᠎ᠠ ᠶᠢᠨ ᠪᠣᠭᠤᠮᠲᠠ᠂ ᠵᠠᠭᠪᠤᠷ ᠤᠨ ᠪᠣᠭᠤᠮᠲᠠ᠂ ᠥᠰᠥᠭ ᠪᠢᠴᠢᠭ ᠤᠨ ᠪᠣᠭᠤᠮᠲᠠ ᠶᠢ ᠴᠢᠩᠭ᠎ᠠ ᠠᠳᠬᠤᠨ᠎ᠠ᠂ ᠠᠯᠪᠠᠨ ᠭᠡᠷ ᠨᠢ ᠪᠢᠴᠢᠭ ᠮᠠᠲ᠋ᠧᠷᠢᠶᠠᠯ ᠢ ᠪᠤᠴᠠᠭᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠪᠥᠬᠦ ᠲᠤᠪᠴᠢᠶ᠎ᠠ ᠶᠢᠨ ᠺᠠᠳ᠋ᠷ ᠠᠵᠢᠯᠲᠠᠨ ᠤ ᠳᠦᠷᠢᠮ ᠤᠨ ᠦᠵᠡᠯ ᠤᠬᠠᠮᠰᠠᠷ ᠢ ᠴᠢᠩᠭᠠᠷᠠᠭᠤᠯᠬᠤ ᠶᠢ ᠠᠬᠢᠭᠤᠯᠵᠤ᠂ ᠠᠯᠪᠠᠨ ᠪᠢᠴᠢᠭ ᠰᠢᠢᠳᠪᠦᠷᠢᠯᠡᠬᠦ ᠠᠵᠢᠯ ᠢ ᠨᠠᠩ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢ ᠲᠠᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃   ᠰᠠᠨᠠᠭᠤᠯᠭ᠎ᠠ ᠪᠠ ᠰᠠᠨᠠᠯ ᠲᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠎ᠠ᠃ ᠮᠠᠨ ᠤ ᠲᠣᠪᠴᠢᠶ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠭᠡᠰᠢᠭᠦᠳ ᠤᠨ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠬᠦ ᠪᠠ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠲᠤᠭᠳᠠᠭᠠᠪᠠ᠂ ᠰᠢᠢᠳᠪᠦᠷᠢᠯᠡᠬᠦ ᠶᠠᠪᠤᠴᠠ᠂ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠴᠦ ᠰᠢᠢᠳᠪᠦᠷᠢᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠮᠠᠨ ᠤ ᠲᠣᠪᠴᠢᠶ᠎ᠠ ᠶᠢᠨ ᠳᠠᠭᠠᠭᠠᠨ ᠰᠢᠢᠳᠪᠦᠷᠢᠯᠡᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ ᠬᠠᠮᠤᠭ ᠤᠨ ᠲᠡᠷᠢᠭᠦᠨ ᠳᠤ ᠬᠤᠯᠪᠣᠭᠳᠠᠯ ᠪᠦᠬᠦᠢ ᠭᠠᠵᠠᠷ ᠭᠡᠷ ᠬᠦᠯᠢᠶᠡᠨ ᠠᠪᠬᠤ ᠶᠢᠨ ᠬᠠᠮᠲᠤ ᠲᠤᠰᠢᠶᠠᠨ ᠥᠭᠴᠦ ᠭᠦᠢᠴᠡᠳᠬᠡᠭᠦᠯᠵᠦ᠂ ᠰᠢᠪᠠᠳᠠᠨ ᠰᠢᠢᠳᠪᠦᠷᠢᠯᠡᠭᠦᠯᠬᠦ ᠡᠬᠡ ᠲᠠᠩᠰᠠ ᠶᠢ ᠪᠤᠢ ᠪᠣᠯᠭᠠᠵᠤ᠂ ᠪᠤᠢ ᠪᠦᠬᠦᠢ ᠰᠠᠨᠠᠭᠤᠯᠭ᠎ᠠ ᠪᠠ ᠰᠠᠨᠠᠯ ᠲᠤᠷᠠᠳᠤᠯᠭ᠎ᠠ ᠶᠢ ᠲᠣᠭᠲᠠᠭᠰᠠᠨ ᠬᠤᠭᠤᠴᠠᠭᠠᠨ ᠳᠣᠲᠣᠷ᠎ᠠ ᠰᠢᠢᠳᠪᠦᠷᠢᠯᠡᠨ ᠳᠠᠭᠤᠰᠬᠠᠬᠤ ᠶᠢ ᠦᠨᠡᠨ ᠬᠦ ᠪᠠᠲᠤᠯᠠᠵᠤ᠂ ᠵᠦᠢᠯ ᠪᠣᠯᠭᠠᠨ ᠳᠤ ᠬᠠᠷᠢᠭᠤ ᠥᠭᠬᠦ᠂ ᠵᠦᠢᠯ ᠪᠣᠯᠭᠠᠨ ᠳᠤ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠲᠥᠯᠥᠭᠡᠯᠡᠭᠴᠢ ᠭᠡᠰᠢᠭᠦᠳ ᠤᠨ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠰᠢᠢᠳᠪᠦᠷᠢᠯᠡᠬᠦ ᠠᠵᠢᠯ ᠤᠨ ᠶᠠᠰᠤ ᠴᠢᠨᠠᠷ ᠤᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃   ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ︽ᠶᠠᠰᠤ ᠴᠢᠨᠠᠷ ᠪᠠ ᠲᠤᠭ᠎ᠠ ᠬᠡᠮᠵᠢᠶ᠎ᠡ︾ ᠶᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠤᠰᠬᠠᠢ ᠬᠥᠮᠥᠨ ᠲᠣᠬᠢᠷᠠᠭᠤᠯᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠭᠤᠯᠵᠤ᠂ ᠰᠠᠷ᠎ᠠ ᠪᠦᠷᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠥᠯᠥᠪᠯᠡᠭᠡ ᠶᠢᠨ ᠬᠦᠰᠦᠨᠦᠭᠲᠦ ᠶᠢ ᠲᠣᠭᠲᠠᠭᠠᠨ᠂ ᠲᠣᠪᠴᠢᠶ᠎ᠠ ᠶᠢᠨ ᠪᠠᠶᠢᠭᠤᠯᠤᠯᠭ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠭᠠᠵᠠᠷ ᠭᠡᠷ᠂ ᠬᠠᠷᠢᠶ᠎ᠠ ᠪᠦᠬᠦᠢ ᠡᠯ᠎ᠡ ᠨᠢᠭᠡᠴᠡ ᠨᠦᠭᠦᠳ ᠲᠥᠯᠥᠪᠯᠡᠭᠡ ᠶᠣᠰᠣᠭᠠᠷ ᠮᠡᠳᠡᠭᠦᠯᠦᠨ ᠬᠦᠷᠭᠡᠵᠦ᠂ ᠠᠵᠢᠯ ᠤᠨ ᠡᠳᠦᠷ ᠪᠦᠷᠢ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠨᠢᠭᠡ ᠶᠡᠷᠦᠩᠬᠡᠶᠢᠯᠡᠭᠰᠡᠨ ᠲᠥᠷᠥᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠪᠠᠲᠤᠯᠠᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠨᠢᠭᠡᠪᠦᠷᠢ ᠶᠢ ᠴᠥᠮ ᠭᠠᠵᠠᠷ ᠭᠡᠷ ︵ᠨᠢᠭᠡᠴᠡ︶ ᠤᠨ ᠬᠠᠷᠢᠭᠤᠴᠠᠯᠭᠠᠲᠠᠨ ᠢᠶᠠᠷ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠭᠤᠯᠵᠤ᠂ ᠠᠯᠪᠠᠨ ᠭᠡᠷ ᠢᠶᠠᠷ ᠪᠣᠭᠤᠮᠲᠠ ᠶᠢ ᠰᠠᠬᠢᠭᠤᠯᠵᠤ᠂ ᠠᠭᠤᠯᠭ᠎ᠠ ᠨᠢ ᠪᠤᠷᠤᠭᠤ ᠲᠠᠢ᠂ ᠶᠠᠰᠤ ᠴᠢᠨᠠᠷ ᠨᠢ ᠥᠨᠳᠥᠷ ᠪᠢᠰᠢ ᠡᠬᠡ ᠪᠢᠴᠢᠭ ᠢ ᠪᠦᠬᠦᠨ ᠢ ᠪᠤᠴᠠᠭᠠᠵᠤ ᠳᠠᠬᠢᠨ ᠮᠡᠳᠡᠭᠦᠯᠵᠦ᠂ ᠡᠬᠡ ᠪᠢᠴᠢᠭ ᠤᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠡᠭᠯᠡᠭᠰᠡᠨ ᠪᠠᠶᠢᠳᠠᠯ ᠢ ᠮᠡᠳᠡᠭᠡᠯᠡᠬᠦ ᠳᠦᠷᠢᠮ ᠢ ᠪᠠᠶᠢᠭᠤᠯᠵᠤ᠂ ᠭᠠᠵᠠᠷ ᠭᠡᠷ ︵ᠨᠢᠭᠡᠴᠡ︶ ᠤᠨ ᠮᠡᠳᠡᠭᠦᠯᠦᠨ ᠬᠦᠷᠭᠡᠭᠰᠡᠨ ᠡᠬᠡ ᠪᠢᠴᠢᠭ ᠢ ᠭᠥᠯᠢᠶᠡᠨ ᠠᠪᠤᠭᠰᠠᠨ ᠪᠠᠶᠢᠳᠠᠯ ᠢ ᠤᠯᠠᠷᠢᠯ ᠢᠶᠠᠷ ᠨᠠᠪᠲᠠᠷᠡᠭᠦᠯᠵᠦ᠂ ᠭᠠᠵᠠᠷ ᠭᠡᠷ ︵ᠨᠢᠭᠡᠴᠡ︶ ᠤᠨ ᠮᠡᠳᠡᠭᠦᠯᠦᠨ ᠬᠦᠷᠭᠡᠬᠦ ᠡᠬᠡ ᠪᠢᠴᠢᠭ ᠤᠨ ᠢᠳᠡᠪᠬᠢᠵᠢᠯ ᠢ ᠳᠡᠭᠡᠭᠰᠢᠯᠡᠭᠦᠯᠦᠨ᠎ᠡ᠃   ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ︽ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠲᠡᠭᠡᠭᠰᠢᠯᠡᠭᠦᠯᠦᠶ᠎ᠡ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠠᠵᠢᠯ ᠢᠶᠠᠨ ᠵᠢᠷᠤᠮᠵᠢᠭᠤᠯᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠱᠠᠲᠤ ᠦᠶ᠎ᠡ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠢᠴᠢᠭ ᠮᠠᠲ᠋ᠧᠷᠢᠶᠠᠯ ᠰᠢᠢᠳᠪᠦᠷᠢᠯᠡᠬᠦ᠂ ᠬᠤᠷᠠᠯ ᠡᠷᠬᠢᠯᠡᠬᠦ᠂ ᠠᠵᠢᠯ ᠶᠠᠪᠤᠳᠠᠯ ᠭᠦᠢᠴᠡᠳᠬᠡᠬᠦ ᠵᠡᠷᠭᠡ ᠲᠠᠯ᠎ᠠ ᠶᠢᠨ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠣᠪᠴᠢᠶ᠎ᠠ ᠶᠢᠨ ᠰᠢᠰᠲ᠋ᠧᠮ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号