ᠪᠠᠶᠠᠷ ᠤᠨ ᠮᠡᠳᠡᠭᠡ︕ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠨᠢᠭᠡ ᠬᠠᠮᠲᠤ ᠨᠡᠶᠢᠲᠡ ᠪᠤᠯᠤᠨ ᠨᠢᠭᠡ ᠬᠤᠪᠢ ᠬᠥᠮᠦᠨ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠰᠠᠶᠢᠰᠢᠶᠠᠯ ᠢ ᠭᠥᠷᠳᠡᠪᠡ
ᠨᠡᠶᠢᠲᠡᠯᠡᠭᠰᠡᠨ ᠴᠠᠭ᠄
2023/3/24
  ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ︽ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠤᠭᠰᠠᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠤᠭᠰᠠᠨ ᠲᠡᠷᠢᠭᠦᠨ ᠤ ᠬᠠᠮᠲᠤ︾ ᠶᠢᠨ ᠴᠣᠯᠠ ᠭᠥᠷᠳᠡᠪᠡ︔ ᠲᠤᠯᠤᠨ ᠨᠠᠭᠤᠷ ᠰᠢᠶᠠᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ ᠶᠢᠨ ᠭᠤᠸᠠᠩ ᠨᠥᠬᠦᠷ ︽ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠤᠭᠰᠠᠨ ᠲᠡᠷᠢᠭᠦᠨ ᠤ ᠬᠤᠪᠢ ᠬᠥᠮᠦᠨ︾ ᠤ ᠴᠣᠯᠠ ᠭᠥᠷᠳᠡᠪᠡ᠃  ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷ᠂ ᠲᠦᠭᠵᠢᠷᠡᠯ᠂ ᠡᠪᠡᠷᠰᠢᠶᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠨᠠᠷᠢᠨ ᠵᠦᠢᠯᠡᠰ ᠢ ᠲᠡᠭᠦᠯᠳᠡᠷᠵᠢᠭᠦᠯᠦᠨ᠂ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ᠂ ᠡᠮᠴᠢᠯᠡᠭᠡᠨ ᠤ ᠪᠠᠳᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠳᠥᠷᠢᠮ ᠤᠨ ᠦᠭᠡᠷᠡᠴᠢᠯᠡᠯᠲᠡ ᠶᠢ ᠤᠷᠭᠦᠯᠵᠢᠯᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠶᠡᠷᠦᠩᠬᠡᠢ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠡᠮᠴᠢᠯᠡᠭᠡᠨ ᠤ ᠪᠠᠳᠤᠯᠠᠭ᠎ᠠ ᠶᠢᠨ ᠠᠵᠢᠯ ᠲᠥᠷᠥᠯ ᠤᠨ ᠰᠤᠷᠲᠠᠯ ᠤᠨ ᠪᠠᠢᠭᠤᠯᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠶᠡᠭᠡ ᠠᠬᠤᠢ ᠪᠠᠶᠢᠳᠠᠯ ᠳᠤᠮᠳᠠ᠂ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠤᠨ ᠴᠢᠳᠠᠪᠤᠷᠢ ᠪᠤᠯᠤᠨ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠯᠠᠪᠳᠠᠭᠤᠨ ᠢᠶᠠᠷ ᠠᠬᠢᠭᠤᠯᠤᠨ᠂ ᠡᠮᠴᠢᠯᠡᠭᠡᠨ ᠤ ᠪᠠᠳᠤᠯᠠᠭ᠎ᠠ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠲᠠᠰᠤᠷᠠᠯᠲᠠ ᠥᠬᠡᠶ ᠢᠯᠡᠷᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠪᠠ ᠣᠯᠠᠨ ᠲᠦᠮᠡᠨ ᠳᠤ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠳᠤᠯᠠᠭᠠᠴᠠ ᠪᠤᠯᠤᠨ ᠬᠤᠷᠳᠤᠴᠠ ᠶᠢ ᠦᠨᠡᠨ ᠬᠦ ᠮᠡᠳᠡᠷᠡᠭᠦᠯᠬᠦ ᠪᠠᠷ ᠴᠢᠷᠮᠠᠶᠢᠨ᠎ᠠ᠃ ᠲᠤᠯᠤᠨ ᠨᠠᠭᠤᠷ ᠰᠢᠶᠠᠨ ᠤ ᠡᠮᠴᠢᠯᠡᠭᠡᠨ ᠤ ᠳᠠᠭᠠᠳᠭᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ ᠶᠢᠨ ᠭᠤᠸᠠᠩ ᠨᠥᠬᠦᠷ ᠣᠯᠠᠨ ᠵᠢᠯ ᠠᠵᠢᠯᠯᠠᠵᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠦᠢᠯᠡᠰ ᠲᠤ ᠢᠮᠠᠭᠲᠠ ᠬᠠᠶᠢᠷᠠᠲᠠᠢ ᠪᠠᠶᠢᠵᠤ᠂ ᠠᠷᠠᠳ ᠲᠦᠮᠡᠨ ᠤ ᠲᠥᠯᠥᠭᠡ ᠦᠢᠯᠡᠴᠢᠯᠡᠬᠦ ᠤᠭ ᠰᠠᠨᠠᠭ᠎ᠠ ᠶᠢ ᠪᠠᠲᠤ ᠴᠡᠭᠡᠵᠢᠯᠡᠵᠦ᠂ ᠣᠯᠠᠨ ᠲᠦᠮᠡᠨ ᠤ ᠲᠥᠯᠥᠭᠡ ᠭᠡᠬᠦ ᠡᠭᠦᠷᠭᠡ ᠬᠠᠷᠢᠭᠤᠴᠠᠯᠭ᠎ᠠ ᠳᠤ ᠪᠠᠭ᠎ᠠ ᠶᠠᠪᠤᠳᠠᠯ ᠦᠭᠡᠢ ᠭᠡᠵᠦ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠭᠢᠯᠭᠡ ᠪᠠᠷ ᠡᠳᠦᠷ ᠳᠣᠳᠤᠮ ᠤᠨ ᠠᠮᠢᠳᠤᠷᠠᠯ ᠳᠤ ᠪᠠᠨ ᠣᠯᠠᠨ ᠲᠦᠮᠡᠨ ᠦᠢᠯᠡᠴᠢᠯᠡᠵᠦ᠂ ᠨᠠᠷᠢᠨ ᠲᠠᠯ᠎ᠠ ᠠᠴᠠ ᠭᠠᠷᠳᠠᠨ᠂ ᠬᠠᠯᠠᠭᠤᠨ ᠳᠣᠲᠣᠨᠣᠰᠤᠭ ᠦᠢᠯᠡᠴᠢᠯᠡᠭᠡᠨ ᠤ ᠣᠪᠣᠷ᠂ ᠪᠣᠯᠪᠠᠰᠤᠷᠠᠩᠭᠤᠢ ᠲᠤᠬᠠᠢᠯᠠᠭᠰᠠᠨ ᠠᠵᠢᠯ ᠤᠨ ᠴᠢᠳᠠᠪᠤᠷᠢ ᠪᠠᠷ ᠡᠮᠴᠢᠯᠡᠭᠡᠨ ᠤ ᠳᠠᠭᠠᠳᠭᠠᠯ ᠤᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠳᠠᠮᠵᠢᠭᠤᠯᠵᠤ᠂ ᠠᠵᠤ ᠠᠬᠤᠶᠢᠯᠠᠯ ᠵᠢᠴᠢ ᠣᠯᠠᠨ ᠲᠦᠮᠡᠨ ᠳᠤ ᠲᠤᠯᠭᠠᠷᠠᠭᠰᠠᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠣᠯᠠᠨ ᠲᠦᠮᠡᠨ ᠢ ᠬᠠᠨᠤᠮᠵᠢᠲᠠᠢ ᠪᠣᠯᠭᠠᠬᠤ ᠪᠠᠷ ᠴᠢᠷᠮᠠᠢᠵᠤ᠂ ᠪᠣᠳᠠᠲᠠᠢ ᠶᠢ ᠡᠷᠬᠢᠮᠯᠡᠵᠦ ᠢᠳᠡᠪᠬᠢᠲᠡᠢ ᠠᠵᠢᠯᠯᠠᠬᠤ ᠪᠠᠷ ᠰᠢᠨ᠎ᠡ ᠴᠠᠭ ᠦᠶ᠎ᠡ ᠶᠢᠨ ᠡᠮᠴᠢᠯᠡᠭᠡ ᠶᠢᠨ ᠪᠠᠳᠤᠯᠠᠭ᠎ᠠ ᠶᠢᠨ ᠠᠵᠢᠯᠳᠠᠨ ᠤ ᠴᠤᠭ ᠵᠢᠪᠬᠤᠭ᠎ᠠ ᠪᠤᠯᠤᠨ ᠡᠭᠦᠷᠭᠡᠯᠡᠯ ᠢ ᠢᠯᠡᠷᠡᠭᠦᠯᠪᠡ᠃  ᠮᠠᠨ ᠤ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠢ ᠬᠥᠬᠢᠭᠦᠯᠦᠨ ᠰᠠᠶᠢᠰᠢᠶᠠᠭᠰᠠᠨ ᠬᠠᠮᠲᠤ ᠨᠡᠶᠢᠲᠡ ᠪᠤᠯᠤᠨ ᠬᠤᠪᠢ ᠬᠥᠮᠦᠨ ᠢᠶᠠᠷ ᠳᠠᠭᠤᠷᠢᠶᠠᠯ ᠪᠣᠯᠭᠠᠵᠤ᠂ ᠲᠡᠷᠢᠭᠦᠨ ᠤ ᠬᠢ ᠪᠠᠷ ᠪᠠᠷᠢᠮᠵᠢᠶᠠᠯᠠᠨ᠂ ᠪᠤᠲᠠᠲᠠᠢ ᠠᠵᠢᠯᠯᠠᠭ᠎ᠠ ᠶᠢ ᠠᠳᠬᠤᠨ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠬᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠬᠠᠷᠠᠯᠲᠠ ᠲᠡᠰᠢ ᠲᠣᠮᠣ ᠠᠯᠬᠤᠮ ᠢᠶᠠᠷ ᠤᠷᠤᠭᠰᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠳᠥᠭᠦᠮ ᠳᠥᠲᠡ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠬᠤ ᠪᠤᠯᠤᠨ᠎ᠠ᠃ 
 
ᠢᠷᠡᠯᠲᠡ᠄ ᠰᠢᠯᠢ ᠶᠢᠨ ᠭᠤᠤᠯ ᠠᠶᠢᠮᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号