ᠡᠯ᠎ᠡ ᠠᠶᠢᠮᠠᠭ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ᠄ | ︽ᠡᠮᠴᠢᠯᠡᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ | ᠲᠠᠷᠬᠠᠭᠠᠭᠰᠠᠨ ﹇2020﹈ 5 ᠳ᠋ᠤᠭᠠᠷ ᠲᠣᠭᠠᠲᠤ︶ ︽ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 18 ᠳ᠋ᠤᠭᠠᠷ ᠲᠣᠭᠠᠲᠤ︶ ︽ᠦᠨᠳᠦᠰᠦᠨ | ᠡᠮᠴᠢᠯᠡᠭᠡ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 92 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠬᠤᠳᠠᠯᠳᠤᠨ ᠠᠪᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡ | ᠶᠢᠨ ᠪᠠᠲᠤᠯᠠᠭ᠎ᠠ ᠪᠠ ᠡᠮ ᠡᠮᠨᠡᠯᠭᠡ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠠᠮᠵᠢᠯᠴᠠᠨ ᠬᠥᠭᠵᠢᠬᠦ ᠶᠢ ᠳᠥᠯᠭᠢᠨ | ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠵᠤ᠂ | ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠡᠳᠦᠭᠡ ᠡᠳᠦᠷᠯᠢᠭ ᠤᠨ ᠮᠡᠰᠡ ᠵᠠᠰᠠᠯ ᠤᠨ ᠡᠮᠴᠢᠯᠡᠭᠡ | ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠥᠬᠦᠶ ᠵᠦᠢᠯᠡᠰ ᠢ ᠤᠯᠠᠮ ᠨᠢᠭᠡ | ᠠᠯᠬᠤᠮ ᠰᠢᠯᠢᠳᠡᠭᠵᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠡᠳᠦᠷᠯᠢᠭ ᠤᠨ ᠮᠡᠰᠡ ᠵᠠᠰᠠᠯ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶ᠎ᠡ ᠶᠢ | ᠲᠤᠳᠤᠷᠬᠠᠶᠢᠯᠠᠪᠠ | ︵ᠨᠢᠭᠡ︶ ᠲᠤᠰ ᠮᠡᠳᠡᠭᠳᠡᠯ ᠳᠤ ᠬᠡᠯᠡᠵᠦ ᠪᠠᠶᠢᠭ᠎ᠠ ᠡᠳᠦᠷᠯᠢᠭ ᠤᠨ ᠮᠡᠰᠡ ᠵᠠᠰᠠᠯ ᠭᠡᠳᠡᠭ ᠪᠣᠯ ᠡᠪᠡᠳᠴᠢᠲᠡᠨ | ᠣᠨᠣᠰᠢᠯᠠᠨ ᠡᠮᠴᠢᠯᠡᠭᠡ ᠶᠢᠨ ᠲᠥᠯᠥᠪᠯᠡᠭᠡ ᠶᠣᠰᠣᠭᠠᠷ 1 ᠡᠳᠦᠷ ︵24 ᠴᠠᠭ︶ ᠤᠨ ᠳᠤᠲᠤᠷ᠎ᠠ ᠡᠮᠨᠡᠯᠭᠡ ᠳᠤ | ᠰᠠᠭᠤᠬᠤ᠂ ᠡᠮᠨᠡᠯᠭᠡ ᠠᠴᠠ ᠭᠠᠷᠳᠠᠯ᠎ᠠ ᠮᠡᠰᠡ ᠵᠠᠰᠠᠯ ᠪᠤᠶᠤ ᠠᠵᠢᠯᠯᠠᠭ᠎ᠠ ᠶᠢ ᠪᠡᠶᠡᠯᠡᠭᠦᠯᠵᠦ᠂ ᠡᠪᠡᠳᠴᠢᠨ ᠤ | ᠪᠠᠶᠢᠳᠠᠯ ᠠᠴᠠ ᠪᠣᠯᠵᠤ ᠡᠮᠨᠡᠯᠭᠡ ᠠᠴᠠ ᠭᠠᠷᠬᠤ ᠬᠤᠭᠤᠴᠠᠭ᠎ᠠ ᠶᠢ ᠬᠤᠶᠢᠰᠢᠯᠠᠭᠤᠯᠬᠤ ᠴᠢᠬᠤᠯᠠᠲᠠᠶ ᠣᠨᠴᠠᠭᠠᠶ | ᠡᠪᠡᠳᠴᠢᠨ ᠤ ᠵᠢᠱᠢᠶ᠎ᠡ ᠶᠢ ᠡᠮᠨᠡᠯᠭᠡ ᠳᠤ ᠰᠠᠭᠤᠬᠤ ᠴᠠᠭ ᠢ 48 ᠴᠠᠭ ᠠᠴᠠ ᠬᠡᠲᠦᠷᠡᠭᠦᠯᠵᠦ ᠪᠣᠯᠬᠤ ᠥᠬᠡᠶ᠃ | ᠲᠣᠭᠲᠠᠭᠠᠯ ᠶᠣᠰᠣᠭᠠᠷ ᠡᠭᠦᠳᠡᠨ ᠡᠮᠨᠡᠯᠭᠡ ᠳᠤ ᠬᠡᠷᠡᠭᠵᠢᠭᠦᠯᠬᠦ ᠶᠣᠰᠣᠲᠠᠶ ᠮᠡᠰᠡ ᠵᠠᠰᠠᠯ ᠵᠢᠴᠢ ᠪᠠᠶᠢᠴᠠᠭᠠᠬᠤ ᠴᠢᠨᠠᠷᠲᠠᠶ | ᠠᠵᠢᠯᠯᠠᠭ᠎ᠠ ᠶᠢ ᠡᠳᠦᠷᠯᠢᠭ ᠤᠨ ᠮᠡᠰᠡ ᠵᠠᠰᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠦᠭᠡᠢ᠃ | ︵ᠬᠤᠶᠠᠷ︶ ᠡᠳᠦᠷᠯᠢᠭ ᠤᠨ ᠮᠡᠰᠡ ᠵᠠᠰᠠᠯ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ ᠴᠢᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ︽ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ | ᠡᠳᠦᠷᠯᠢᠭ ᠤᠨ ᠮᠡᠰᠡ ᠵᠠᠰᠠᠯ ᠤᠨ ᠲᠤᠷᠰᠢᠯᠲᠠ ᠶᠢᠨ ᠠᠵᠢᠯ ᠢ ᠥᠷᠨᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ︾ ︵ᠤᠯᠤᠰ ᠡᠷᠡᠭᠦᠯ ᠡᠮᠴᠢᠯᠡᠭᠡ ᠵᠠᠬᠢᠳᠠᠯ ﹇2016﹈ 306 ᠳ᠋ᠤᠭᠠᠷ ᠲᠣᠭᠠᠲᠤ︶ ᠳᠠᠬᠢ ︽ | ᠲᠤᠷᠰᠢᠯᠲᠠ ᠶᠢᠨ ᠡᠮᠨᠡᠯᠭᠡ ᠶᠢᠨ ᠬᠤᠷᠢᠶᠠᠨ ᠤ ᠦᠨᠳᠦᠰᠦᠨ ᠨᠥᠬᠦᠴᠡᠯ︾ ᠳᠤ ᠨᠡᠶᠢᠴᠡᠬᠦ᠂ ᠡᠯ᠎ᠡ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠨᠢ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠡᠳᠦᠷᠯᠢᠭ ᠤᠨ | ᠮᠡᠰᠡ ᠵᠠᠰᠠᠯ ᠤᠨ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ ᠶᠢ ᠬᠤᠶᠠᠳᠤᠭᠠᠷ ᠳᠡᠰ ᠤᠨ | ᠡᠮᠴᠢᠯᠡᠭᠡᠨ ᠤ ᠪᠠᠶᠢᠭᠤᠯᠤᠮᠵᠢ ᠳᠤ ᠬᠦᠷᠲᠡᠯ᠎ᠡ ᠥᠷᠭᠡᠳᠬᠡᠵᠦ ᠪᠣᠯᠤᠨ᠎ᠠ᠃ ᠴᠢᠭ ᠲᠣᠠᠠᠳ᠋ᠬᠠᠰᠠᠨ ᠡᠮᠴᠢᠯᠡᠭᠡᠨ ᠤ | ᠪᠠᠶᠢᠭᠤᠯᠥᠮᠵᠢ ᠨᠢ ᠬᠠᠷᠢᠶ᠎ᠠ ᠪᠦᠬᠦᠢ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ ᠮᠦᠴᠢᠷ ᠲᠤ ᠡᠳᠦᠷᠯᠢᠭ ᠤᠨ | ᠮᠡᠰᠡ ᠵᠠᠰᠠᠯ ᠤᠨ ᠡᠮᠴᠢᠯᠡᠭᠡ ᠦᠷᠨᠢᠬᠦᠯᠬᠦ ᠪᠠᠷ ᠮᠡᠳᠡᠬᠦᠯᠵᠦ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ | ᠮᠦᠴᠢᠷ ᠢᠶᠠᠷ ᠨᠣᠳᠡᠯᠡᠨ ᠲᠣᠠᠠᠳᠠᠭᠠᠵᠦ ᠵᠦᠪᠰᠢᠶᠡᠷᠡᠬᠦᠯᠬᠦ ᠶᠢᠨ ᠬᠠᠮᠳᠣ ᠠᠳᠡᠯᠢ ᠱᠠᠳᠣᠨ ᠤ ᠡᠮᠴᠢᠯᠡᠭᠡ ᠶᠢᠨ | ᠪᠠᠲᠤᠯᠠᠭ᠎ᠠ ᠶᠢᠨ ᠭᠤᠤᠯᠴᠢᠯᠠᠨ ᠬᠦᠢᠴᠡᠳᠭᠡᠬᠦ ᠰᠠᠯᠠᠭ᠎ᠠ ᠮᠦᠴᠢᠷ ᠲᠤ ᠳᠡᠩᠰᠡᠯᠡᠭᠤᠯᠥᠠᠠᠰᠠᠨ ᠤ ᠳᠡᠷᠠᠭ᠎ᠠ᠂ ᠳᠡᠬᠦᠨ ᠤ | ᠪᠤᠢ ᠪᠤᠯᠥᠠᠠᠰᠠᠨ ᠡᠳᠦᠷᠯᠢᠭ ᠤᠨ ᠮᠡᠰᠡ ᠵᠠᠰᠠᠯ ᠵᠢᠴᠢ ᠣᠷᠢᠳᠴᠢᠯᠡᠨ ᠡᠮᠨᠡᠯᠭᠡ ᠳᠤ ᠰᠠᠭᠤᠠᠠᠰᠠᠨ ᠵᠠᠷᠣᠳᠡᠯ ᠢ ᠲᠣᠰ | ᠮᠡᠳᠡᠭᠳᠡᠯ ᠳᠤ ᠲᠣᠠᠠᠳᠠᠭᠠᠠᠠᠰᠠᠨ ᠡᠳᠦᠷᠯᠢᠭ ᠤᠨ ᠮᠡᠰᠡ ᠵᠠᠰᠠᠯ ᠤᠨ ᠲᠣᠭᠠᠴᠠᠭ᠎ᠠ ᠬᠢᠬᠦ ᠬᠦᠷᠢᠶ᠎ᠠ ᠭᠡᠪᠴᠢᠶ᠎ᠠ ᠳᠤ | ᠣᠷᠣᠭᠤᠯᠵᠦ ᠪᠤᠯᠥᠨ᠎ᠠ᠃ | ︵ᠭᠤᠷᠪᠠ︶ ᠡᠳᠦᠷᠯᠢᠭ ᠤᠨ ᠮᠡᠰᠡ ᠵᠠᠰᠠᠯ ᠬᠢᠬᠦ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ︽ | ᠡᠳᠦᠷᠯᠢᠭ ᠤᠨ ᠮᠡᠰᠡ ᠵᠠᠰᠠᠯ ᠲᠠᠨᠢᠯᠴᠠᠭᠤᠯᠬᠤ ᠭᠠᠷᠴᠠᠭ ︵2022 ᠣᠨ ᠤ ᠬᠡᠪᠯᠡᠯ︶ ᠢ ᠳᠠᠷᠤᠮᠠᠯᠯᠠᠨ ᠲᠠᠷᠬᠠᠭᠠᠬᠤ | ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ | ᠤᠯᠤᠰ ᠡᠷᠡᠭᠦᠯ ᠠᠯᠪᠠᠨ ᠵᠠᠬᠢᠳᠠᠯ ﹇2020﹈ 38 ᠳ᠋ᠤᠭᠠᠷ ᠲᠣᠭᠠᠲᠤ︶ ᠬᠡᠪᠴᠢᠶᠡᠨ ᠳᠣᠲᠣᠷ᠎ᠠ᠂ ᠲᠤᠰ | ᠨᠢᠭᠡᠴᠢ ᠶᠢᠨ ᠢᠶᠠᠨ ᠪᠣᠳᠠᠲᠤ ᠪᠠᠶᠢᠳᠠᠯ ᠢ ᠦᠨᠳᠦᠰᠦᠯᠡᠨ᠂ ᠡᠮᠴᠢᠯᠡᠭᠡᠨ ᠤ ᠠᠷᠭ᠎ᠠ ᠵᠠᠮ ᠨᠢ ᠲᠣᠳᠣᠷᠬᠠᠶ᠂ ᠣᠨᠣᠰᠢᠯᠠᠨ | ᠡᠮᠨᠡᠬᠦ ᠵᠢᠷᠤᠮᠵᠢᠯ ᠨᠢ ᠲᠣᠳᠣᠷᠬᠠᠶ᠂ ᠣᠨᠣᠰᠢᠯᠠᠨ ᠡᠮᠨᠡᠬᠦ ᠮᠡᠷᠭᠡᠵᠢᠯ ᠨᠢ ᠪᠣᠯᠪᠠᠰᠤᠷᠠᠩᠭᠤᠶ᠂ ᠡᠮᠴᠢᠯᠡᠭᠡᠨ ᠤ ᠶᠠᠰᠤ | ᠴᠢᠨᠠᠷ ᠢ ᠡᠵᠡᠮᠳᠡᠵᠦ ᠳᠡᠶᠢᠯᠬᠦ᠂ ᠡᠮᠴᠢᠯᠡᠭᠡᠨ ᠤ ᠠᠮᠤᠷ ᠲᠦᠪᠰᠢᠨ ᠢ ᠪᠠᠲᠤᠯᠠᠵᠤ ᠳᠡᠶᠢᠯᠬᠦ ᠡᠪᠡᠳᠴᠢᠨ ᠤ ᠵᠦᠢᠯ ᠪᠠ | ᠮᠡᠷᠭᠡᠵᠢᠯ ᠤᠨ ᠬᠡᠯᠪᠡᠷᠢ ᠪᠠᠷ ᠡᠳᠦᠷᠯᠢᠭ ᠤᠨ ᠮᠡᠰᠡ ᠵᠠᠰᠠᠯ ᠥᠷᠨᠢᠭᠦᠯᠦᠨ᠎ᠡ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ | ᠣᠷᠣᠨ ᠨᠤᠭᠤᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠠᠨᠢᠯᠴᠠᠭᠤᠯᠬᠤ ᠭᠠᠷᠴᠠᠭ ᠤᠨ | ᠬᠡᠪᠴᠢᠶᠡᠨ ᠠᠴᠠ ᠬᠡᠲᠦᠷᠡᠭᠰᠡᠨ ᠡᠳᠦᠷᠯᠢᠭ ᠤᠨ ᠮᠡᠰᠡ ᠵᠠᠰᠠᠯ ᠳᠤ ᠲᠤᠰᠠᠭᠠᠷ ᠮᠡᠳᠡᠭᠦᠯᠬᠦ ᠲᠣᠭᠲᠠᠴᠠ ᠶᠢ ᠪᠠᠶᠢᠭᠤᠯᠵᠤ᠂ | ᠡᠮᠴᠢᠯᠡᠭᠡᠨ ᠤ ᠪᠠᠶᠢᠭᠤᠯᠤᠮᠵᠢ ᠶᠢᠨ ᠡᠳᠦᠷᠯᠢᠭ ᠤᠨ ᠮᠡᠰᠡ ᠵᠠᠰᠠᠯ ᠥᠷᠨᠢᠭᠦᠯᠬᠦ ᠶᠢ ᠠᠬᠢᠭᠤᠯᠤᠨ᠎ᠠ᠃ | ᠬᠤᠶᠠᠷ᠂ ᠡᠳᠦᠷᠯᠢᠭ ᠤᠨ ᠮᠡᠰᠡ ᠵᠠᠰᠠᠯ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ ᠲᠥᠷᠥ ᠶᠢᠨ | ᠪᠣᠳᠣᠯᠭ᠎ᠠ ᠶᠢ ᠲᠤᠳᠤᠷᠬᠠᠶᠢᠯᠠᠪᠠ | ︵ᠨᠢᠭᠡ︶ ᠡᠮᠴᠢᠯᠡᠭᠡᠨ ᠤ ᠪᠠᠶᠢᠭᠤᠯᠤᠮᠵᠢ ᠨᠢ ᠡᠳᠦᠷᠯᠢᠭ ᠤᠨ ᠮᠡᠰᠡ ᠵᠠᠰᠠᠯ ᠳᠤ ᠤᠷᠢᠳᠴᠢᠯᠠᠨ ᠡᠮᠨᠡᠯᠭᠡ ᠳᠤ | ᠰᠠᠭᠤᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠲᠤᠯᠠᠭ᠎ᠠ ᠳᠤ ᠣᠷᠣᠯᠴᠠᠭᠰᠠᠳ ᠡᠮᠴᠢᠯᠡᠭᠡᠨ ᠤ ᠪᠠᠶᠢᠭᠤᠯᠤᠮᠵᠢ ᠳᠤ | ᠡᠪᠡᠳᠴᠢᠨ ᠦᠵᠡᠭᠦᠯᠬᠦ ᠳᠤ᠂ ᠡᠪᠡᠳᠴᠢᠳᠡᠨ ᠢ ᠭᠥᠯᠢᠶᠡᠨ ᠠᠪᠤᠬᠰᠠᠨ ᠡᠮᠴᠢ ᠠᠴᠠ ᠦᠨᠡᠯᠡᠨ ᠵᠢᠱᠢᠯᠲᠡ ᠬᠢᠵᠦ᠂ | ᠡᠳᠦᠷᠯᠢᠭ ᠤᠨ ᠮᠡᠰᠡ ᠵᠠᠰᠠᠯ ᠳᠤ ᠨᠡᠶᠢᠴᠡᠬᠦ ᠡᠪᠡᠳᠴᠢᠲᠡᠨ ᠤᠷᠢᠳᠴᠢᠯᠠᠨ ᠡᠮᠨᠡᠯᠭᠡ ᠳᠤ ᠰᠠᠭᠤᠬᠤ ᠭᠠᠷᠳᠠᠮ ᠢ ᠲᠦᠷ | ᠭᠦᠢᠴᠡᠳᠬᠡᠵᠦ᠂ ᠤᠷᠢᠳᠴᠢᠯᠠᠨ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ︵ᠡᠯ᠎ᠡ ᠨᠢᠭᠡᠳᠦᠯᠲᠡᠶ ᠲᠥᠯᠥᠪᠯᠡᠬᠦ | ᠭᠠᠵᠠᠷ ᠣᠷᠣᠨ ᠨᠢ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ᠪᠠᠷᠢᠴᠠᠭᠠᠨ ᠤ ᠮᠥᠩᠭᠦ | ᠲᠤᠰᠢᠶᠠᠬᠤ ᠡᠰᠡᠬᠦ ᠪᠠᠨ ᠲᠣᠭᠲᠠᠭᠠᠵᠤ ᠪᠣᠯᠤᠨ᠎ᠠ︶ ᠪᠠᠨ ᠲᠤᠰᠢᠶᠠᠵᠤ᠂ ᠤᠷᠢᠳᠴᠢᠯᠠᠨ ᠡᠮᠨᠡᠯᠭᠡ ᠳᠤ ᠰᠠᠭᠤᠬᠤ | ᠬᠤᠭᠤᠴᠠᠭᠠᠨ ᠳᠤ ᠮᠡᠰᠡ ᠵᠠᠰᠠᠯ ᠤᠨ ᠬᠠᠮᠢᠶ᠎ᠠ ᠪᠦᠬᠦᠢ ᠴᠢᠬᠤᠯᠠ ᠪᠦᠬᠦᠢ ᠮᠡᠰᠡ ᠵᠠᠰᠠᠯ ᠤᠨ ᠡᠮᠦᠨᠡᠬᠢ | ᠪᠠᠶᠢᠴᠠᠭᠠᠯᠲᠠ ᠶᠢ ᠪᠡᠶᠡᠯᠡᠭᠦᠯᠵᠦ᠂ ᠤᠷᠢᠳᠴᠢᠯᠠᠨ ᠡᠮᠨᠡᠯᠭᠡ ᠳᠤ ᠰᠠᠭᠤᠬᠤ ᠴᠠᠭ ᠢ 7 ᠡᠳᠦᠷ ᠠᠴᠠ ᠬᠡᠲᠦᠷᠡᠭᠦᠯᠵᠦ | ᠪᠣᠯᠬᠤ ᠦᠭᠡᠢ᠃ ᠮᠡᠰᠡ ᠵᠠᠰᠠᠯ ᠠᠴᠠ ᠡᠮᠦᠨᠡᠬᠢ ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ᠂ ᠭᠥᠯᠢᠶᠡᠨ | ᠠᠪᠤᠬᠰᠠᠨ ᠡᠮᠴᠢᠯᠡᠭᠡᠨ ᠤ ᠡᠮᠴᠢ ᠠᠴᠠ ᠡᠪᠡᠳᠴᠢᠲᠡᠨ ᠤ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠳᠠᠬᠢᠨᠲᠠ | ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠡᠳᠦᠷᠯᠢᠭ ᠤᠨ ᠮᠡᠰᠡ ᠵᠠᠰᠠᠯ ᠤᠨ ᠡᠮᠴᠢᠯᠡᠭᠡ ᠳᠤ ᠨᠡᠶᠢᠴᠡᠪᠡᠯ | ᠡᠮᠨᠡᠯᠭᠡ ᠳᠤ ᠰᠠᠭᠤᠬᠤ ᠭᠠᠷ ᠭᠦᠢᠴᠡᠳᠬᠡᠯ ᠢ ᠵᠢᠩᠬᠢᠨᠢ ᠪᠠᠷ ᠬᠢᠵᠦ᠂ ᠨᠢᠭᠡ ᠤᠳᠠᠭ᠎ᠠ ᠶᠢᠨ ᠡᠩ ᠤᠨ ᠡᠮᠨᠡᠯᠭᠡ ᠳᠤ | ᠰᠠᠭᠤᠭᠰᠠᠨ ᠢᠶᠠᠷ ᠳ᠋ᠦᠩᠨᠡᠨ ᠪᠤᠳᠤᠵᠤ᠂ ᠡᠮᠴᠢᠯᠡᠭᠡᠨ ᠤ ᠲᠥᠷᠥᠯ ᠢᠯᠭᠠᠯ ᠢᠶᠠᠷ ︽ᠡᠳᠦᠷᠯᠢᠭ ᠤᠨ ᠮᠡᠰᠡ ᠵᠠᠰᠠᠯ︾ ᠢ | ᠰᠣᠩᠭᠤᠬᠤ ᠶᠢᠨ ᠬᠠᠮᠲᠤ᠂ ᠤᠷᠢᠳᠴᠢᠯᠠᠨ ᠡᠮᠨᠡᠯᠭᠡ ᠳᠤ ᠰᠠᠭᠤᠭᠰᠠᠨ ᠬᠤᠭᠤᠴᠠᠭᠠᠨ ᠳᠠᠬᠢ ᠲᠣᠰ ᠤᠳᠠᠭᠠᠨ ᠤ ᠮᠡᠰᠡ | ᠵᠠᠰᠠᠯ ᠯᠤᠭ᠎ᠠ ᠬᠤᠯᠪᠣᠭᠳᠠᠬᠤ ᠪᠠᠶᠢᠴᠠᠭᠠᠯᠲᠠ᠂ ᠰᠢᠯᠭᠠᠨ ᠪᠠᠶᠢᠴᠠᠭᠠᠬᠤ ᠵᠠᠷᠤᠳᠠᠯ ᠢ ᠡᠮᠨᠡᠯᠭᠡ ᠳᠤ ᠰᠠᠭᠤᠭᠰᠠᠨ | ᠵᠠᠷᠤᠳᠠᠯ ᠯᠤᠭ᠎ᠠ ᠬᠠᠮᠲᠤ ᠳᠤᠨᠢ ᠳ᠋ᠦᠩᠨᠡᠨ ᠪᠤᠳᠤᠨ᠎ᠠ︔ ᠡᠮᠴᠢ ᠶᠢᠨ ᠦᠨᠡᠯᠡᠨ ᠵᠢᠱᠢᠯᠲᠡ ᠬᠢᠬᠦ ᠪᠠᠷ ᠳᠠᠮᠵᠢᠭᠤᠯᠤᠨ | ᠡᠳᠦᠷᠯᠢᠭ ᠤᠨ ᠮᠡᠰᠡ ᠵᠠᠰᠠᠯ ᠤᠨ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠤᠷᠢᠳᠴᠢᠯᠠᠨ ᠡᠮᠨᠡᠯᠭᠡ ᠳᠤ | ᠰᠠᠭᠤᠭᠰᠠᠨ ᠬᠤᠭᠤᠴᠠᠭᠠᠨ ᠳᠠᠬᠢ ᠵᠠᠷᠤᠳᠠᠯ ᠢ ᠡᠭᠦᠳᠡᠨ ᠡᠮᠨᠡᠯᠭᠡ ᠶᠢᠨ ᠬᠠᠮᠢᠶ᠎ᠠ ᠪᠥᠬᠦᠶ ᠡᠮᠴᠢᠯᠡᠭᠡᠨ ᠤ ᠪᠠᠳᠤᠯᠠᠭ᠎ᠠ ᠶᠢᠨ | ᠲᠥᠷᠥ ᠶᠢᠨ ᠪᠣᠳᠣᠯᠭ᠎ᠠ ᠶᠢᠨ ᠶᠣᠰᠣᠭᠠᠷ ᠳ᠋ᠦᠩᠨᠡᠨ ᠪᠤᠳᠤᠨ᠎ᠠ᠃ ᠡᠳᠦᠷᠯᠢᠭ ᠤᠨ ᠮᠡᠰᠡ ᠵᠠᠰᠠᠯ ᠤᠨ ᠡᠪᠡᠳᠴᠢᠲᠡᠨ | ᠡᠮᠨᠡᠯᠭᠡ ᠳᠤ ᠰᠠᠭᠤᠭᠰᠠᠨ ᠬᠤᠭᠤᠴᠠᠭᠠᠨ ᠳᠤ ᠲᠠᠭᠠᠯᠳᠤᠯ ᠡᠪᠡᠳᠴᠢᠨ᠂ ᠬᠠᠪᠰᠤᠷᠤᠮᠠᠯ ᠡᠪᠡᠳᠴᠢᠨ ᠪᠤᠶᠤ ᠪᠤᠰᠤᠳ | ᠰᠠᠨᠠᠭᠠᠨ ᠳᠤ ᠥᠬᠡᠶ ᠪᠠᠶᠢᠳᠠᠯ ᠭᠠᠷᠪᠠᠯ᠂ 48 ᠴᠠᠭ ᠤᠨ ᠳᠣᠲᠣᠷ᠎ᠠ ᠡᠮᠨᠡᠯᠭᠡ ᠠᠴᠠ ᠭᠠᠷᠬᠤ ᠪᠤᠶᠤ ᠡᠳᠦᠷᠯᠢᠭ ᠤᠨ | ᠮᠡᠰᠡ ᠵᠠᠰᠠᠯ ᠬᠢᠬᠦ ᠶᠢ ᠵᠥᠪᠰᠢᠶᠡᠷᠡᠬᠦ ᠥᠬᠡᠶ ᠪᠠᠶᠢᠪᠠᠯ᠂ ᠡᠳᠦᠷᠯᠢᠭ ᠤᠨ ᠮᠡᠰᠡ ᠵᠠᠰᠠᠯ ᠤᠨ ᠬᠠᠮᠢᠶᠠᠷᠤᠯᠲᠠ ᠶᠢ ᠬᠠᠶᠠᠵᠦ | ᠂ ᠡᠩ ᠤᠨ ᠡᠮᠨᠡᠯᠭᠡ ᠳᠤ ᠰᠠᠭᠤᠭᠰᠠᠨ ᠤ ᠶᠣᠰᠣᠭᠠᠷ ᠬᠠᠮᠢᠶᠠᠷᠴᠤ᠂ ᠤᠷᠢᠳᠴᠢᠯᠠᠨ ᠡᠮᠨᠡᠯᠭᠡ ᠳᠤ ᠰᠠᠭᠤᠭᠰᠠᠨ | ᠬᠤᠭᠤᠴᠠᠭᠠᠨ ᠳᠤ ᠬᠠᠮᠢᠶ᠎ᠠ ᠪᠥᠬᠦᠶ ᠪᠠᠶᠢᠴᠠᠭᠠᠯᠳᠠ᠂ ᠰᠢᠯᠭᠠᠨ ᠪᠠᠶᠢᠴᠠᠭᠠᠭᠰᠠᠨ ᠵᠠᠷᠤᠳᠠᠯ ᠢ ᠡᠮᠨᠡᠯᠭᠡ ᠳᠤ ᠰᠠᠭᠤᠭᠰᠠᠨ | ᠵᠠᠷᠤᠳᠠᠯ ᠳᠤ ᠣᠷᠣᠭᠤᠯᠤᠨ ᠬᠠᠮᠲᠤ ᠳᠤᠨᠢ ᠳ᠋ᠦᠩᠨᠡᠨ ᠪᠤᠳᠤᠨ᠎ᠠ᠃ | ︵ᠬᠤᠶᠠᠷ︶ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠯ ᠢᠶᠠᠷ ᠥᠷᠨᠢᠭᠦᠯᠦᠭᠰᠡᠨ | ᠡᠳᠦᠷᠯᠢᠭ ᠤᠨ ᠮᠡᠰᠡ ᠵᠠᠰᠠᠯ ᠳᠤ ᠡᠬᠢᠯᠡᠵᠦ ᠥᠭᠬᠦ ᠱᠤᠭᠤᠮ ᠭᠠᠷᠭᠠᠬᠤ ᠦᠭᠡᠶ᠂ ᠳᠠᠩᠰᠠ ᠲᠠᠶᠢᠯᠬᠤ ᠬᠠᠷᠢᠴᠠᠯ ᠢ | ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ | ᠥᠪᠡᠰᠦᠪᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠡᠳᠦᠷᠯᠢᠭ ᠤᠨ ᠮᠡᠰᠡ ᠵᠠᠰᠠᠯ ᠤᠨ ᠳᠠᠩᠰᠠ ᠲᠠᠶᠢᠯᠬᠤ | ᠬᠠᠷᠢᠴᠠᠯ ᠢ ᠡᠩ ᠤᠨ ᠡᠮᠨᠡᠯᠭᠡ ᠳᠤ ᠰᠠᠭᠤᠭᠰᠠᠨ ᠤ ᠳᠠᠩᠰᠠ ᠲᠠᠶᠢᠯᠬᠤ ᠬᠠᠷᠢᠴᠠᠯ ᠠᠴᠠ ᠳᠣᠤᠷ᠎ᠠ ᠪᠠᠶᠢᠯᠭᠠᠵᠤ ᠪᠣᠯᠬᠤ | ᠦᠭᠡᠶ᠃ | ︵ᠭᠤᠷᠪᠠ︶ ᠡᠳᠦᠷᠯᠢᠭ ᠤᠨ ᠮᠡᠰᠡ ᠵᠠᠰᠠᠯ ᠤᠨ ᠡᠮᠴᠢᠯᠡᠭᠡᠨ ᠤ ᠵᠠᠷᠤᠳᠠᠯ ᠢ ᠡᠪᠡᠳᠴᠢᠨ ᠡᠮᠭᠡᠭ ᠤᠨ ᠣᠨᠣᠰᠢᠯᠠᠬᠤ | ᠬᠠᠮᠢᠶ᠎ᠠ ᠪᠥᠬᠦᠶ ᠠᠩᠭᠢᠯᠠᠯ ︵DRG︶ ᠪᠠ ᠡᠪᠡᠳᠴᠢᠨ ᠤ ᠲᠥᠷᠥᠯ ᠤᠨ ᠬᠤᠪᠢᠨ ᠵᠢᠩ ︵DIP︶︶ | ᠰᠦᠢᠳᠬᠡᠯ ᠲᠤᠰᠢᠶᠠᠬᠤ ᠬᠡᠪᠴᠢᠶ᠎ᠡ ᠶᠢ ᠵᠣᠬᠢᠰᠲᠠᠶ ᠪᠠᠷ ᠪᠠᠭᠤᠷᠠᠭᠤᠯᠵᠤ᠂ ᠬᠠᠮᠢᠶ᠎ᠠ ᠪᠦᠬᠦᠢ ᠦᠯᠡᠳᠡᠪᠦᠷᠢ ᠦᠯᠡᠳᠡᠭᠡᠨ | ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠡᠳᠦᠷᠯᠢᠭ ᠤᠨ | ᠮᠡᠰᠡ ᠵᠠᠰᠠᠯ ᠥᠷᠨᠢᠭᠦᠯᠬᠦ ᠶᠢ ᠵᠣᠷᠢᠭᠵᠢᠭᠤᠯᠤᠨ᠎ᠠ᠃ | ︵ᠲᠦᠷᠪᠡ︶ ᠣᠷᠣᠨ ᠤ ᠳᠣᠲᠣᠷ᠎ᠠ ᠣᠨᠳᠣᠤ ᠭᠠᠵᠠᠷ ᠲᠤ ᠡᠮᠨᠡᠭᠦᠯᠦᠭᠰᠡᠨ ᠡᠪᠡᠳᠴᠢᠲᠡᠨ ᠢ ᠲᠤᠰ ᠮᠡᠳᠡᠭᠳᠡᠯ ᠤᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠤᠶ ᠪᠣᠯᠤᠭᠰᠠᠨ ᠡᠳᠦᠷᠯᠢᠭ ᠤᠨ ᠮᠡᠰᠡ ᠵᠠᠰᠠᠯ ᠤᠨ ᠵᠠᠷᠤᠳᠠᠯ ᠢ ᠴᠢᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠭᠤᠳ ᠳ᠋ᠦᠩᠨᠡᠨ ᠪᠣᠳᠣᠵᠤ᠂ ︽ᠪᠠᠲᠤᠯᠠᠭ᠎ᠠ ᠳᠤ | ᠣᠷᠣᠯᠴᠠᠭᠰᠠᠨ ᠭᠠᠵᠠᠷ ᠤᠨ ᠲᠥᠷᠥ ᠶᠢᠨ ᠪᠣᠳᠣᠯᠭ᠎ᠠ᠂ ᠡᠮᠨᠡᠭᠦᠯᠬᠦ ᠭᠠᠵᠠᠷ ᠤᠨ ᠭᠠᠷᠴᠠᠭ︾ ᠤᠨ ᠶᠣᠰᠣᠭᠠᠷ | ᠬᠠᠷᠠᠭᠠᠯᠵᠠᠯ ᠣᠯᠭᠤᠨ᠎ᠠ᠃ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠡᠪᠡᠳᠴᠢᠲᠡᠨ ᠢ ᠣᠳᠣ ᠶᠢᠨ | ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ᠂ ᠲᠣᠰ ᠮᠡᠳᠡᠭᠳᠡᠯ ᠤᠨ | ᠪᠠᠲᠤᠯᠠᠭ᠎ᠠ ᠶᠢᠨ ᠬᠡᠪᠴᠢᠶᠡᠨ ᠳᠤ ᠲᠦᠷ ᠣᠷᠣᠭᠤᠯᠬᠤ ᠦᠭᠡᠢ᠃ | ᠭᠤᠷᠪᠠ᠂ ᠡᠳᠦᠷᠯᠢᠭ ᠤᠨ ᠮᠡᠰᠡ ᠵᠠᠰᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ | ︵ᠨᠢᠭᠡ︶ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ︽ᠡᠮᠴᠢᠯᠡᠭᠡᠨ ᠤ ᠪᠠᠶᠢᠭᠤᠯᠤᠮᠵᠢ ᠶᠢᠨ | ᠡᠳᠦᠷᠯᠢᠭ ᠤᠨ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ ᠢ ᠳᠠᠷᠤᠮᠠᠯᠯᠠᠨ | ᠶᠠᠪᠤᠭᠤᠯᠬᠤ ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ | ᠮᠡᠳᠡᠭᠳᠡᠯ︾ ︵ᠤᠯᠤᠰ ᠡᠷᠡᠭᠦᠯ ᠡᠮᠴᠢᠯᠡᠭᠡ ᠠᠯᠪᠠᠨ ᠲᠠᠷᠬᠠᠭᠠᠭᠰᠠᠨ ﹇2022﹈ 16 ᠳ᠋ᠤᠭᠠᠷ ᠲᠣᠭᠠᠲᠤ︶ | ᠱᠠᠭᠠᠷᠳᠠᠯᠭ᠎ᠠ ᠶᠤᠰᠤᠭᠠᠷ᠂ ᠲᠤᠰᠠᠭᠠᠷ ᠡᠳᠦᠷᠯᠢᠭ ᠤᠨ ᠡᠮᠴᠢᠯᠡᠭᠡ ᠶᠢᠨ ᠲᠥᠪ ᠪᠠᠶᠢᠭᠤᠯᠵᠤ᠂ ᠡᠪᠡᠳᠴᠢᠲᠡᠨ ᠤ | ᠥᠷᠥᠭᠡ ᠶᠢ ᠡᠮᠨᠡᠨ ᠵᠠᠰᠠᠬᠤ ᠨᠥᠬᠦᠴᠡᠯ ᠢ ᠨᠢᠭᠡᠳᠦᠯᠲᠡᠶ ᠲᠥᠪᠯᠡᠷᠡᠭᠦᠯᠦᠨ ᠬᠠᠮᠢᠶᠠᠷᠬᠤ ᠨᠥᠬᠦᠴᠡᠯ ᠢ ᠪᠦᠷᠢᠯᠳᠦᠭᠦᠯᠵᠦ᠂ | ᠡᠳᠦᠷᠯᠢᠭ ᠤᠨ ᠮᠡᠰᠡ ᠵᠠᠰᠠᠯ ᠤᠨ ᠬᠠᠮᠢᠶ᠎ᠠ ᠪᠥᠬᠦᠶ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠳᠦᠷᠯᠢᠭ ᠤᠨ ᠮᠡᠰᠡ | ᠵᠠᠰᠠᠯ ᠤᠨ ᠨᠢᠭᠡᠴᠢ ᠪᠠᠷᠢᠮᠵᠢᠶ᠎ᠠ᠂ ᠮᠡᠰᠡ ᠵᠠᠰᠠᠯ ᠤᠨ ᠡᠪᠡᠳᠴᠢᠨ ᠤ ᠲᠥᠷᠥᠯ ᠵᠦᠢᠯ ᠵᠢᠴᠢ ᠮᠡᠰᠡ ᠵᠠᠰᠠᠯ ᠤᠨ ᠬᠡᠯᠪᠡᠷᠢ | ᠂ ᠭᠤᠤᠯ ᠲᠦᠭᠰᠢᠭᠦᠷᠢ᠂ ᠡᠪᠡᠳᠴᠢᠲᠡᠨ ᠢ ᠰᠢᠯᠢᠨ ᠰᠣᠩᠭᠤᠬᠤ ᠪᠠᠷᠢᠮᠵᠢᠶ᠎ᠠ᠂ ᠡᠮᠴᠢᠯᠡᠭᠡᠨ ᠤ ᠠᠷᠭ᠎ᠠ ᠵᠠᠮ᠂ ᠬᠠᠮᠢᠶ᠎ᠠ | ᠪᠥᠬᠦᠶ ᠪᠠᠶᠢᠴᠠᠭᠠᠨ ᠰᠢᠯᠭᠠᠬᠤ ᠲᠥᠷᠥᠯ ᠵᠦᠢᠯ ᠵᠡᠷᠭᠡ ᠶᠢ ᠲᠣᠳᠣᠷᠬᠠᠶᠢᠯᠠᠵᠤ᠂ ᠮᠡᠰᠡ ᠵᠠᠰᠠᠯ ᠤᠨ ᠬᠠᠮᠢᠶ᠎ᠠ ᠥᠬᠡᠶ | ᠪᠠᠶᠢᠴᠠᠭᠠᠨ ᠰᠢᠯᠭᠠᠬᠤ ᠲᠥᠷᠥᠯ ᠵᠦᠢᠯ ᠢ ᠡᠮᠨᠡᠯᠭᠡ ᠳᠤ ᠰᠠᠭᠤᠬᠤ ᠵᠠᠷᠤᠳᠠᠯ ᠳᠤ ᠪᠤᠳᠤᠵᠤ ᠣᠷᠣᠭᠤᠯᠬᠤ ᠶᠢ ᠴᠢᠩᠭ᠎ᠠ | ᠴᠠᠭᠠᠵᠢᠯᠠᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠴᠢᠨᠠᠷ ᠪᠣᠯᠤᠨ ᠡᠮᠴᠢᠯᠡᠭᠡᠨ ᠤ ᠠᠮᠤᠷ | ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠡᠮᠴᠢᠯᠡᠭᠡᠨ ᠤ ᠥᠪᠡᠷ ᠤᠨ ᠥᠷᠲᠡᠭ ᠢ ᠵᠦᠢ ᠵᠣᠬᠢᠰᠲᠠᠶ | ᠬᠢᠵᠠᠭᠠᠷᠯᠠᠵᠤ᠂ ᠡᠳᠦᠷᠯᠢᠭ ᠤᠨ ᠮᠡᠰᠡ ᠵᠠᠰᠠᠯ ᠬᠢᠭᠰᠡᠨ ᠤ ᠳᠠᠷᠠᠭ᠎ᠠ ᠲᠤᠰ ᠡᠪᠡᠳᠴᠢᠨ ᠤ ᠲᠥᠷᠥᠯ ᠤᠨ ᠡᠮᠴᠢᠯᠡᠭᠡᠨ ᠤ | ᠶᠡᠷᠦᠩᠬᠡᠶ ᠵᠠᠷᠤᠳᠠᠯ ᠢ ᠤᠤᠯ ᠤᠨ ᠡᠮᠨᠡᠯᠭᠡ ᠳᠤ ᠰᠠᠭᠤᠵᠤ ᠡᠮᠨᠡᠭᠦᠯᠬᠦ ᠵᠠᠷᠤᠳᠠᠯ ᠠᠴᠠ ᠳᠣᠤᠷ᠎ᠠ ᠪᠠᠶᠢᠯᠭᠠᠬᠤ ᠶᠢ ᠦᠨᠡᠨᠬᠦ | ᠪᠠᠲᠤᠯᠠᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠠᠷᠤᠭᠠᠰᠤ ᠶᠢ ᠦᠨᠡᠨᠬᠦ ᠪᠠᠭᠤᠷᠠᠭᠤᠯᠬᠤ | ᠬᠡᠷᠡᠭᠲᠡᠶ᠃ ᠵᠠᠷᠴᠢᠮ ᠳᠡᠭᠡᠷ᠎ᠡ ᠪᠠᠨ᠂ ᠡᠳᠦᠷᠯᠢᠭ ᠤᠨ ᠮᠡᠰᠡ ᠵᠠᠰᠠᠯ ᠤᠨ ᠬᠠᠮᠢᠶ᠎ᠠ ᠪᠦᠬᠦᠢ ᠨᠥᠬᠦᠴᠡᠯ ᠳᠤ ᠨᠡᠶᠢᠴᠡᠭᠰᠡᠨ | ᠡᠪᠡᠳᠴᠢᠨ ᠤ ᠵᠢᠱᠢᠶ᠎ᠡ ᠶᠢ ᠴᠥᠮ ᠡᠳᠦᠷᠯᠢᠭ ᠤᠨ ᠮᠡᠰᠡ ᠵᠠᠰᠠᠯ ᠤᠨ ᠬᠠᠮᠢᠶᠠᠷᠤᠯᠲᠠ ᠳᠤ ᠤᠷᠤᠭᠤᠯᠤᠨ᠎ᠠ᠃ ᠴᠡᠭ | ᠲᠣᠠᠠᠳ᠋ᠬᠠᠰᠠᠨ ᠡᠮᠴᠢᠯᠡᠭᠡᠨ ᠤ ᠪᠠᠶᠢᠭᠤᠯᠥᠮᠵᠢ ᠨᠢ ᠡᠪᠡᠳᠴᠢᠳᠡᠨ ᠢ ᠬᠦᠯᠢᠶᠡᠨ ᠠᠪᠴᠥ ᠡᠮᠨᠡᠬᠦ ᠳᠤ ᠡᠪᠡᠳᠴᠢᠳᠡᠨ ᠯᠦᠭᠡ | ᠡᠳᠦᠷᠯᠢᠭ ᠤᠨ ᠮᠡᠰᠡ ᠵᠠᠰᠡᠯ ᠤᠨ ᠪᠠᠶᠢᠳᠡᠯ ᠢ ᠮᠡᠳᠡᠬᠦ ᠵᠦᠪᠰᠢᠶᠡᠷᠡᠯ ᠤᠨ ᠪᠢᠴᠢᠭ ᠲᠣᠠᠠᠳᠠᠭᠠᠵᠦ᠂ ᠡᠳᠦᠷᠯᠢᠭ ᠤᠨ | ᠮᠡᠰᠡ ᠵᠠᠰᠡᠯ ᠠᠴᠠ ᠪᠤᠴᠠᠭᠠᠨ ᠭᠠᠷᠭᠠᠬᠤ ᠨᠦᠬᠦᠴᠡᠯ ᠵᠢᠴᠢ ᠡᠮᠴᠢᠯᠡᠭᠡ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ | ᠳᠥᠷᠥ ᠶᠢᠨ ᠪᠤᠳᠣᠯᠭ᠎ᠠ ᠵᠡᠷᠭᠡ ᠴᠢᠬᠤᠯᠡ ᠵᠦᠢᠯᠡᠰ ᠢ ᠲᠣᠳᠣᠷᠬᠠᠶᠢᠯᠠᠨ᠎ᠠ᠃ | ︵ᠬᠤᠶᠠᠷ︶ ᠡᠯ᠎ᠡ ᠱᠠᠲᠤᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡ ᠪᠣᠯᠪᠠᠰᠤᠷᠠᠩᠭᠤᠶ ᠪᠣᠯᠪᠠᠯ ᠨᠢᠭᠡ ᠶᠢ ᠥᠷᠨᠢᠭᠦᠯᠬᠦ ᠵᠠᠷᠴᠢᠮ ᠤᠨ | ᠶᠣᠰᠣᠭᠠᠷ᠂ ᠨᠥᠬᠦᠴᠡᠯ ᠳᠤ ᠨᠡᠶᠢᠴᠡᠬᠦ ᠡᠮᠴᠢᠯᠡᠭᠡᠨ ᠤ ᠪᠠᠶᠢᠭᠤᠯᠤᠮᠵᠢ ᠶᠢᠨ ᠥᠷᠨᠢᠭᠦᠯᠦᠭᠰᠡᠨ ᠡᠳᠦᠷᠯᠢᠭ ᠤᠨ ᠮᠡᠰᠡ | ᠵᠠᠰᠠᠯ ᠤᠨ ᠬᠠᠮᠢᠶ᠎ᠠ ᠪᠦᠬᠦᠢ ᠵᠠᠷᠤᠳᠠᠯ ᠢ ᠲᠤᠰ ᠮᠡᠳᠡᠭᠳᠡᠯ ᠤᠨ ᠪᠠᠲᠤᠯᠠᠬᠤ ᠬᠡᠪᠴᠢᠶᠡᠨ ᠳᠤ ᠤᠷᠤᠭᠤᠯᠤᠨ᠎ᠠ᠃ | ᠡᠳᠦᠷᠯᠢᠭ ᠤᠨ ᠮᠡᠰᠡ ᠵᠠᠰᠠᠯ ᠤᠨ ᠡᠮᠴᠢᠯᠡᠭᠡ ᠶᠢᠨ ᠪᠠᠲᠤᠯᠠᠭ᠎ᠠ ᠶᠢᠨ ᠵᠠᠷᠤᠳᠠᠯ ᠥᠭᠬᠦ ᠲᠥᠷᠥ ᠶᠢᠨ ᠪᠣᠳᠣᠯᠭ᠎ᠠ ᠪᠠ | ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠥᠳᠡᠯᠦᠩᠭᠦᠶ ᠪᠠᠷ ᠲᠡᠭᠦᠯᠳᠡᠷᠵᠢᠭᠦᠯᠵᠦ᠂ ᠡᠳᠦᠷᠯᠢᠭ ᠤᠨ ᠮᠡᠰᠡ ᠵᠠᠰᠠᠯ ᠢ | ᠲᠥᠬᠦᠷᠵᠢᠭᠦᠯᠦᠭᠰᠡᠨ ᠵᠠᠷᠤᠳᠠᠯ ᠥᠭᠬᠦ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠡᠳᠦᠷᠯᠢᠭ ᠤᠨ ᠮᠡᠰᠡ ᠵᠠᠰᠠᠯ ᠤᠨ ᠵᠠᠷᠤᠳᠠᠯ ᠥᠭᠬᠦ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ | ᠡᠳᠦᠷᠯᠢᠭ ᠤᠨ ᠮᠡᠰᠡ ᠵᠠᠰᠠᠯ ᠤᠨ ᠡᠮᠴᠢᠯᠡᠭᠡ ᠶᠢᠨ ᠪᠠᠳᠤᠯᠠᠭ᠎ᠠ ᠶᠢᠨ ᠵᠠᠷᠤᠳᠠᠯ ᠥᠭᠬᠦ ᠵᠢᠴᠢ ᠳ᠋ᠦᠩᠨᠡᠨ ᠪᠣᠳᠣᠬᠤ | ᠲᠥᠷᠥ ᠶᠢᠨ ᠪᠣᠳᠣᠯᠭ᠎ᠠ ᠶᠢ ᠴᠠᠭ ᠲᠤᠨᠢ ᠲᠣᠬᠢᠷᠠᠭᠤᠯᠤᠨ ᠵᠦᠢ ᠵᠣᠬᠢᠰᠲᠠᠶ ᠲᠤᠬᠢᠷᠠᠭᠤᠯᠤᠨ᠎ᠠ᠃ ᠡᠮᠴᠢᠯᠡᠭᠡ ᠶᠢᠨ | ᠪᠠᠲᠤᠯᠠᠭ᠎ᠠ ᠶᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ ᠡᠳᠦᠷᠯᠢᠭ ᠤᠨ ᠮᠡᠰᠡ ᠵᠠᠰᠠᠯ ᠬᠢᠬᠦ ᠶᠢ ᠵᠥᠪᠳᠡᠯᠴᠡᠨ | ᠬᠠᠮᠢᠶᠠᠷᠬᠤ ᠠᠭᠤᠯᠭ᠎ᠠ ᠳᠠᠭᠠᠨ ᠣᠷᠣᠭᠤᠯᠵᠤ᠂ ᠡᠳᠦᠷᠯᠢᠭ ᠤᠨ ᠮᠡᠰᠡ ᠵᠠᠰᠠᠯ ᠬᠢᠬᠦ ᠪᠠᠷ ᠵᠠᠷᠤᠳᠠᠯ ᠲᠤᠰᠢᠶᠠᠬᠤ | ᠠᠵᠢᠯᠯᠠᠭᠠᠨ ᠤ ᠪᠠᠶᠢᠳᠠᠯ ᠳᠤ ᠬᠢᠨᠠᠨ ᠰᠢᠨᠵᠢᠬᠦ ᠪᠠ ᠦᠶᠡᠯᠡᠯᠳᠦ ᠴᠢᠨᠠᠷᠲᠠᠶ ᠦᠨᠡᠯᠡᠨ ᠵᠢᠱᠢᠯᠲᠡ ᠬᠢᠵᠦ᠂ ᠡᠮᠴᠢᠯᠡᠭᠡᠨ ᠤ | ᠪᠠᠶᠢᠭᠤᠯᠤᠮᠵᠢ ᠶᠢ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ ᠶᠢ ᠴᠢᠩᠭᠠᠳᠬᠠᠨ᠂ ᠲᠣᠮᠥ ᠳ᠋ᠡᠶᠢᠲ᠋ᠠ ᠢᠶᠠᠷ | ᠬᠠᠷᠭᠤᠭᠤᠯᠤᠨ ᠪᠠᠶᠢᠴᠠᠭᠠᠬᠤ᠂ ᠬᠥᠮᠦᠨ ᠤ ᠬᠦᠴᠦ ᠪᠠᠷ ᠬᠢᠨᠠᠨ ᠬᠠᠷᠭᠤᠭᠤᠯᠬᠤ᠂ ᠪᠣᠳᠠᠲᠠᠶ ᠭᠠᠵᠠᠷ ᠲᠤᠨᠢ | ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠭᠦᠢᠴᠡᠳ ᠬᠡᠷᠡᠭᠯᠡᠵᠦ᠂ ᠡᠳᠦᠷᠯᠢᠭ ᠤᠨ ᠮᠡᠰᠡ ᠵᠠᠰᠠᠯ | ᠬᠢᠬᠦ ᠪᠠᠷ ᠵᠠᠷᠤᠳᠠᠯ ᠲᠤᠰᠢᠶᠠᠬᠤ ᠪᠦᠬᠦ ᠶᠠᠪᠤᠴᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠪᠡᠶᠡᠯᠡᠭᠦᠯᠵᠦ᠂ ᠴᠢᠬᠤᠯᠠ | ᠪᠦᠬᠦᠢ ᠡᠮᠴᠢᠯᠡᠭᠡ ᠶᠢᠨ ᠦᠢᠯᠡᠴᠢᠯᠡᠭᠡᠨ ᠢ ᠪᠠᠭᠠᠰᠬᠠᠬᠤ᠂ ᠡᠮᠨᠡᠯᠭᠡ ᠳᠤ ᠰᠠᠭᠤᠬᠤ ᠪᠠᠷᠢᠮᠵᠢᠶ᠎ᠠ ᠶᠢ ᠪᠠᠭᠤᠷᠠᠭᠤᠯᠬᠤ᠂ | ᠰᠢᠯᠵᠢᠭᠦᠯᠦᠨ ᠡᠮᠨᠡᠯᠭᠡ ᠳᠤ ᠰᠠᠭᠤᠬᠤ᠂ ᠡᠮᠨᠡᠯᠭᠡ ᠳᠤ ᠰᠠᠭᠤᠭᠰᠠᠨ ᠡᠪᠡᠳᠴᠢᠲᠡᠨ ᠢ ᠦᠳᠦᠭᠡᠵᠦ ᠭᠠᠳᠠᠨ᠎ᠠ ᠠᠴᠠ | ᠡᠮ ᠤᠨ ᠵᠦᠢᠯ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠭᠠᠷᠬᠤ ᠶᠢ ᠴᠢᠩᠭ᠎ᠠ ᠰᠡᠷᠭᠡᠶᠢᠯᠡᠨ᠎ᠡ᠃ | ︵ᠭᠤᠷᠪᠠ︶ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ | ᠡᠳᠦᠷᠯᠢᠭ ᠤᠨ ᠡᠮᠴᠢᠯᠡᠭᠡᠨ ᠤ ᠴᠢᠨᠠᠷ ᠤᠨ ᠬᠠᠮᠢᠶᠠᠷᠤᠯᠲᠠ ᠶᠢᠨ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠡᠳᠦᠷᠯᠢᠭ ᠤᠨ ᠡᠮᠴᠢᠯᠡᠭᠡᠨ ᠤ ᠴᠢᠨᠠᠷ ᠤᠨ ᠬᠠᠮᠢᠶᠠᠷᠤᠯᠲᠠ ᠶᠢᠨ ᠪᠠᠶᠢᠳᠠᠯ ᠪᠠ ᠬᠢᠨᠠᠯᠲᠠ ᠲᠠᠯᠪᠢᠵᠤ | ᠪᠠᠶᠢᠴᠠᠭᠠᠭᠰᠠᠨ ᠦᠷ᠎ᠡ ᠳ᠋ᠦᠩ ᠢ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠣᠭᠲᠠᠭᠠᠬᠤ ᠵᠡᠷᠭᠡ ᠠᠵᠢᠯ ᠳᠤ | ᠤᠷᠤᠯᠴᠠᠬᠤ ᠶᠢᠨ ᠬᠠᠮᠲᠤ ᠵᠣᠬᠢᠬᠤ ᠬᠡᠯᠪᠡᠷᠢ ᠪᠠᠷ ᠡᠳᠦᠷᠯᠢᠭ ᠤᠨ ᠡᠮᠴᠢᠯᠡᠭᠡᠨ ᠤ ᠦᠢᠯᠡᠴᠢᠯᠡᠭᠡ ᠬᠠᠩᠭᠠᠬᠤ | ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠳ ᠢ ᠬᠥᠬᠢᠭᠦᠯᠦᠨ ᠵᠣᠷᠢᠭᠵᠢᠭᠤᠯᠵᠤ᠂ ᠲᠡᠷᠢᠭᠦᠨ ᠤ | ᠲᠤᠷᠰᠢᠯᠭ᠎ᠠ ᠪᠠ ᠠᠷᠭ᠎ᠠ ᠬᠢᠳᠡᠯ ᠢ ᠢᠳᠡᠪᠬᠢᠲᠡᠶ ᠪᠠᠷ ᠳᠡᠯᠭᠡᠷᠡᠭᠦᠯᠦᠨ᠎ᠡ᠃ | ︵ᠲᠦᠷᠪᠡ︶ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠪᠣᠯᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠪᠡᠶ᠎ᠡ ᠶᠢᠨ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠡᠳᠦᠷᠯᠢᠭ ᠤᠨ ᠮᠡᠰᠡ ᠵᠠᠰᠠᠯ ᠤᠨ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠤᠬᠠᠭᠤᠯᠬᠤ᠂ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠠᠬᠢᠭᠤᠯᠬᠤ ᠶᠠᠪᠤᠴᠠ ᠳᠤ ᠠᠰᠠᠭᠤᠳᠠᠯ | ᠲᠤᠯᠭᠠᠷᠠᠪᠠᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠢᠴᠢ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2023 ᠣᠨ ᠤ 3 ᠳ᠋ᠤᠭᠠᠷ ᠰᠠᠷ᠎ᠠ ᠶᠢᠨ 21 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠡ︶ | | |