ᠨᠢᠭᠡ᠂ ᠶᠠᠭᠤ ᠶᠢ ᠡᠳᠦᠷ ᠲᠤᠲᠤᠮ ᠤᠨ ᠮᠡᠰᠡ ᠵᠠᠰᠠᠯ ᠭᠡᠬᠦ ᠪᠣᠢ᠂ ᠡᠳᠦᠷ ᠲᠤᠲᠤᠮ ᠤᠨ ᠮᠡᠰᠡ ᠵᠠᠰᠠᠯ | ᠬᠢᠬᠦ ᠳᠤ ᠶᠠᠮᠠᠷ ᠠᠰᠢᠭᠳᠠᠢ ᠪᠤᠢ︖ | ᠡᠳᠦᠷ ᠲᠤᠲᠤᠮ ᠤᠨ ᠮᠡᠰᠡ ᠵᠠᠰᠠᠯ ᠪᠣᠯ ᠡᠪᠡᠳᠴᠢᠲᠡᠨ ᠡᠮᠨᠡᠨ ᠵᠠᠰᠠᠬᠤ ᠲᠥᠯᠥᠪᠯᠡᠭᠡ ᠶᠣᠰᠣᠭᠠᠷ 24 | ᠴᠠᠭ ᠤᠨ ᠳᠣᠲᠣᠷ᠎ᠠ ᠣᠷᠣᠵᠤ᠂ ᠡᠮᠨᠡᠯᠭᠡ ᠠᠴᠠ ᠭᠠᠷᠬᠤ ᠮᠡᠰᠡ ᠵᠠᠰᠠᠯ ᠪᠤᠶᠤ ᠠᠵᠢᠯᠯᠠᠭ᠎ᠠ ᠬᠢᠵᠦ᠂ ᠵᠢᠱᠢᠶᠡᠯᠡᠪᠡᠯ | ᠴᠠᠭᠠᠨ ᠬᠠᠷᠠᠩ ᠤᠨ ᠮᠡᠰᠡ ᠵᠠᠰᠠᠯ᠂ ᠤᠷ ᠮᠢᠬ᠎ᠠ ᠶᠢ ᠣᠭᠲᠣᠯᠬᠤ ᠵᠠᠰᠠᠯ᠂ ᠬᠤᠰᠬᠢᠨᠠᠭ ᠤᠨ ᠢᠳᠡᠭᠡᠲᠦ ᠬᠠᠪᠤᠳᠠᠷ ᠢ | ᠣᠭᠲᠣᠯᠬᠤ ᠵᠡᠷᠭᠡ ᠪᠣᠯᠣᠨ᠎ᠠ᠃ | ᠡᠳᠦᠷ ᠲᠤᠲᠤᠮ ᠤᠨ ᠮᠡᠰᠡ ᠵᠠᠰᠠᠯ ᠬᠢᠬᠦ ᠨᠢ ᠡᠪᠡᠳᠴᠢᠲᠡᠨ ᠤ ᠵᠠᠷᠤᠳᠠᠯ ᠤᠨ ᠳᠠᠷᠤᠭᠠᠰᠤ ᠶᠢ | ᠬᠥᠩᠭᠡᠷᠡᠭᠦᠯᠬᠦ ᠳᠤ ᠠᠰᠢᠭᠲᠠᠶ ᠶᠤᠮ᠂ ᠵᠢᠱᠢᠶᠡᠯᠡᠪᠡᠯ ᠡᠪᠡᠳᠴᠢᠲᠡᠨ ᠤ ᠣᠷᠣ ᠶᠢᠨ ᠵᠠᠷᠤᠳᠠᠯ᠂ ᠰᠤᠪᠢᠯᠠᠯᠲᠠ ᠶᠢᠨ | ᠵᠠᠷᠤᠳᠠᠯ ᠵᠡᠷᠭᠡ ᠨᠢ ᠪᠠᠰᠠ ᠡᠮᠨᠡᠯᠭᠡ ᠶᠢᠨ ᠬᠤᠷᠢᠶᠠᠨ ᠤ ᠣᠷᠣ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠠᠰᠢᠭᠲᠠᠶ ᠶᠤᠮ᠃ | ᠬᠤᠶᠠᠷ᠂ ᠶᠠᠭᠤᠨ ᠳᠤ ᠡᠳᠦᠷ ᠲᠤᠲᠤᠮ ᠤᠨ ᠮᠡᠰᠡ ᠵᠠᠰᠠᠯ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠪᠣᠶ︖ | ᠮᠡᠰᠡ ᠵᠠᠰᠠᠯ ᠠᠴᠠ ᠡᠮᠦᠨ᠎ᠡ᠂ ᠡᠪᠡᠳᠴᠢᠲᠡᠨ ᠮᠡᠰᠡ ᠵᠠᠰᠠᠯ ᠲᠠᠢ ᠬᠤᠯᠪᠣᠭᠳᠠᠬᠤ ᠪᠠᠶᠢᠴᠠᠭᠠᠯᠲᠠ᠂ ᠰᠢᠯᠭᠠᠨ | ᠪᠠᠶᠢᠴᠠᠭᠠᠯᠲᠠ ᠬᠢᠬᠦ ᠴᠢᠬᠤᠯᠠᠲᠠᠢ᠂ ᠡᠳᠡᠭᠡᠷ ᠲᠥᠷᠥᠯ ᠵᠦᠢᠯ ᠢ ᠮᠡᠰᠡ ᠵᠠᠰᠠᠯ ᠤᠨ ᠲᠤᠬᠠᠢ ᠶᠢᠨ ᠡᠳᠦᠷ ᠲᠤ | ᠪᠡᠶᠡᠯᠡᠭᠦᠯᠬᠦ ᠶᠢᠨ ᠠᠷᠭ᠎ᠠ ᠦᠭᠡᠢ ᠪᠥᠭᠡᠳ ᠪᠠᠰᠠ ᠡᠳᠦᠷ ᠤᠨ ᠮᠡᠰᠡ ᠵᠠᠰᠠᠯ ᠤᠨ ᠳᠠᠩᠰᠠ ᠲᠠᠶᠢᠯᠬᠤ ᠬᠡᠪᠴᠢᠶᠡᠨ ᠳᠤ | ᠣᠷᠣᠭᠤᠯᠵᠤ ᠳᠡᠶᠢᠯᠬᠦ ᠦᠭᠡᠢ ᠪᠠᠶᠢᠵᠤ᠂ ᠡᠪᠡᠳᠴᠢᠲᠡᠨ ᠲᠠᠩᠰᠠ ᠲᠠᠶᠢᠯᠬᠤ ᠲᠠᠯ᠎ᠠ ᠠᠴᠠ ᠪᠣᠳᠣᠯᠬᠢᠯᠠᠵᠤ᠂ ᠬᠡᠳᠦ᠋ᠢᠪᠡᠷ | ᠶᠠᠷᠰᠢᠭ ᠲᠦᠪᠡᠭ ᠲᠠᠢ ᠪᠣᠯᠪᠠᠴᠤ ᠡᠮᠨᠡᠯᠭᠡ ᠳᠤ ᠰᠠᠭᠤᠵᠤ ᠡᠮᠨᠡᠭᠦᠯᠬᠦ ᠳᠤᠷᠠᠲᠠᠢ᠂ ᠡᠪᠡᠳᠴᠢᠲᠡᠨ ᠪᠠ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠳᠠᠷᠤᠭᠠᠰᠤ ᠶᠢ ᠬᠥᠩᠭᠡᠯᠡᠭᠰᠡᠨ ᠢᠶᠠᠷ ᠪᠠᠷᠠᠬᠤ ᠦᠭᠡᠢ ᠪᠠᠰᠠ ᠡᠮᠨᠡᠯᠭᠡ ᠶᠢᠨ | ᠬᠤᠷᠢᠶᠠᠨ ᠤ ᠡᠮᠨᠡᠯᠭᠡ ᠳᠤ ᠰᠠᠭᠤᠬᠤ ᠳᠠᠷᠤᠯᠲᠠ ᠶᠢ ᠨᠡᠮᠡᠭᠳᠡᠭᠦᠯᠵᠡᠢ᠃ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠭᠰᠡᠨ ᠤ ᠳᠠᠷᠠᠭ᠎ᠠ᠂ ᠪᠢᠳᠡ ᠮᠡᠰᠡ ᠵᠠᠰᠠᠯ ᠠᠴᠠ ᠡᠮᠦᠨᠡᠬᠢ | ᠴᠢᠬᠤᠯᠠ ᠪᠦᠬᠦᠢ ᠪᠠᠶᠢᠴᠠᠭᠠᠨ ᠰᠢᠯᠭᠠᠬᠤ ᠲᠥᠷᠥᠯ ᠵᠦᠢᠯ ᠢ ︽ᠤᠷᠢᠳᠴᠢᠯᠠᠨ ᠡᠮᠨᠡᠯᠭᠡ ᠳᠤ ᠰᠠᠭᠤᠬᠤ︾ | ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠤᠨ᠂ ᠲᠣᠰ ᠤᠳᠠᠭᠠᠨ ᠤ ᠡᠳᠦᠷ ᠤᠨ ᠮᠡᠰᠡ ᠵᠠᠰᠠᠯ ᠤᠨ ᠲᠠᠩᠰᠠ | ᠲᠠᠶᠢᠯᠬᠤ ᠬᠡᠪᠴᠢᠶᠡᠨ ᠳᠤ ᠣᠷᠣᠭᠤᠯᠵᠤ᠂ ᠡᠪᠡᠳᠴᠢᠲᠡᠨ ᠤ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠂ | ᠡᠪᠡᠳᠴᠢᠲᠡᠨ ᠳᠤ ᠨᠠᠩ ᠠᠮᠠᠷᠬᠠᠨ ᠡᠳᠦᠷ ᠤᠨ ᠮᠡᠰᠡ ᠵᠠᠰᠠᠯ ᠤᠨ ᠦᠢᠯᠡᠴᠢᠯᠡᠭᠡ ᠬᠠᠩᠭᠠᠵᠤ᠂ ᠡᠮᠴᠢᠯᠡᠭᠡ᠂ | ᠳᠠᠭᠠᠳᠬᠠᠯ᠂ ᠡᠪᠡᠳᠴᠢᠲᠡᠨ ᠭᠤᠷᠪᠠᠨ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠪᠡ᠃ | |