ᠲᠣᠬᠢᠷᠠᠭᠤᠯᠤᠨ ᠬᠦᠷᠭᠡᠬᠦ ᠬᠡᠯᠡᠯᠴᠡᠭᠡᠷ ᠢ ᠬᠢᠨᠠᠨ ᠬᠠᠷᠭᠤᠭᠤᠯᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠲᠤᠬᠠᠶ ᠬᠥᠯᠥᠨ ᠪᠣᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠮᠡᠳᠡᠭᠳᠡᠯ
ᠨᠡᠶᠢᠲᠡᠯᠡᠭᠰᠡᠨ ᠴᠠᠭ᠄
2023/3/29
ᠡᠯ᠎ᠡ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄  ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠭᠦᠶᠴᠡᠳᠬᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠳᠣᠭᠢᠷᠠᠭᠤᠯᠤᠨ ᠬᠦᠷᠭᠡᠬᠦ ᠬᠡᠯᠡᠯᠴᠡᠭᠡᠷ  ᠢ ᠬᠢᠨᠠᠨ ᠬᠠᠷᠭᠤᠭᠤᠯᠬᠤ ᠴᠠᠭ  ᠢ ᠪᠣᠭᠤᠨᠢᠰᠬᠠᠨ᠂ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠠᠰᠢᠭ ᠲᠤᠰᠠ ᠬᠦᠷᠲᠡᠭᠡᠬᠦ ᠶᠢᠨ ᠲᠤᠰᠠᠳᠠ᠂ ᠬᠥᠯᠥᠨ ᠪᠣᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠳᠣᠭᠢᠷᠠᠭᠤᠯᠤᠨ ᠬᠦᠷᠭᠡᠬᠦ ᠬᠡᠯᠡᠯᠴᠡᠭᠡᠷ  ᠢ ᠬᠢᠨᠠᠨ ᠬᠠᠷᠭᠤᠭᠤᠯᠬᠤ ᠠᠷᠭ᠎ᠠ ᠮᠠᠶ᠋ᠢᠭ ᠢ ︽ᠴᠠᠭ ᠲᠤᠬᠠᠶ ᠳᠤᠨᠢ ᠬᠢᠨᠠᠬᠤ᠂ ᠳᠠᠷᠤᠢ ᠲᠦᠷᠭᠡᠨ ᠭᠦᠶᠴᠡᠳᠬᠡᠬᠦ︾ ᠪᠣᠯᠭᠠᠨ ᠲᠣᠬᠢᠷᠠᠭᠤᠯᠪᠠ ᠂ ᠪᠣᠳᠠᠲᠠᠶ ᠠᠭᠤᠯᠭ᠎ᠠ ᠶᠢ ᠳᠣᠤᠷᠠᠬᠢ ᠮᠡᠲᠦ     ᠮᠡᠳᠡᠭᠳᠡᠶ᠎ᠡ᠄  ᠨᠢᠭᠡ᠂ ᠭᠦᠢᠴᠡᠳᠬᠡᠬᠦ ᠠᠷᠭ᠎ᠠ ᠮᠠᠶ᠋ᠢᠭ᠄ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠲᠤᠰᠢᠶᠠᠭᠰᠠᠨ ᠴᠠᠭᠠᠰᠤᠨ ᠪᠠᠷ ᠤᠨ ᠬᠡᠯᠡᠯᠴᠡᠭᠡᠷ ᠢ ᠲᠡᠷᠡ ᠳᠠᠷᠤᠢ ᠳᠤᠨᠢ ᠬᠢᠨᠠᠨ᠎ᠠ᠃  ᠬᠤᠶᠠᠷ᠂ ᠮᠠᠲ᠋ᠧᠷᠢᠶᠠᠯ ᠲᠤᠰᠢᠶᠠᠬᠤ ᠄ ᠲᠣᠬᠢᠷᠠᠭᠤᠯᠤᠨ ᠬᠦᠷᠭᠡᠬᠦ ᠬᠡᠯᠡᠯᠴᠡᠭᠡᠷ ᠤᠨ ᠴᠠᠭᠠᠰᠤᠨ ᠪᠠᠷ ᠤᠨ ᠮᠠᠲ᠋ᠧᠷᠢᠶᠠᠯ ᠃  ᠭᠤᠷᠪᠠ᠂ ᠮᠠᠲ᠋ᠧᠷᠢᠶᠠᠯ ᠲᠤᠰᠢᠶᠠᠬᠤ ᠬᠠᠶ᠋ᠢᠭ᠄ ᠬᠥᠯᠥᠨ ᠪᠣᠶᠢᠷ ᠬᠤᠲᠠ ᠶᠢᠨ ᠮᠢᠨ ᠱᠧᠩ ᠲᠣᠮᠣ ᠠᠰᠠᠷ ᠤᠨ 7 ᠳ᠋ᠤᠭᠠᠷ ᠠᠰᠠᠷ ᠤᠨ 720 ᠲᠠᠰᠤᠭ᠃  ᠳᠥᠷᠪᠡ᠂ ᠬᠡᠷᠡᠭᠵᠢᠭᠦᠯᠬᠦ ᠴᠠᠭ᠄ 2023 ᠣᠨ ᠤ 4  ᠳ᠋ᠦ᠋ᠭᠡᠷ ᠰᠠᠷ᠎ᠠ ᠶᠢᠨ 15 ᠤ ᠡᠳᠦᠷ ᠠᠴᠠ᠃  ᠲᠠᠪᠤ᠂ ᠠᠩᠬᠠᠷᠬᠤ ᠵᠦᠢᠯ᠄ ᠮᠠᠲ᠋ᠧᠷᠢᠶᠠᠯ ᠲᠤᠰᠢᠶᠠᠬᠤ ᠠᠴᠠ ᠡᠮᠦᠨ᠎ᠡ ᠦᠢᠯᠡᠳᠪᠦᠷᠢᠯᠡᠬᠦ ᠠᠵᠤ ᠠᠬᠤᠶᠢᠯᠠᠯ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠴᠥᠮ ᠨᠢᠭᠡᠨᠲᠡ ᠨᠤᠲᠠᠯᠠᠨ ᠵᠥᠪᠰᠢᠶᠡᠷᠡᠭᠰᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃  ᠵᠢᠷᠭᠤᠭ᠎ᠠ᠂ ᠬᠠᠷᠢᠯᠴᠠᠬᠤ ᠬᠥᠮᠥᠨ᠄ ᠵᠣᠣ ᠯᠢ ᠶᠠᠨ  ᠳᠣᠯᠤᠭ᠎ᠠ᠂ ᠬᠠᠷᠢᠯᠴᠠᠬᠤ ᠤᠲᠠᠰᠤ᠄ 0470 - 8206992          ᠬᠥᠯᠥᠨ ᠪᠣᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ        2023 ᠣᠨ ᠤ 3 ᠳ᠋ᠤᠭᠠᠷ ᠰᠠᠷ᠎ᠠ ᠶᠢᠨ 27 ᠤ ᠡᠳᠦᠷ 
 
ᠢᠷᠡᠯᠲᠡ᠄ ᠬᠥᠯᠥᠨ ᠪᠣᠶᠢᠷ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号