2023 ᠣᠨ ᠤ ᠭᠤᠷᠪᠠᠳᠤᠭᠠᠷ ᠪᠦᠯᠦᠭ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠰᠠᠨ ᠦᠢᠯᠡᠳᠬᠦᠨ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/3/31
            ᠥᠪᠥᠷ ᠡᠮ ᠬᠤᠳᠠᠯᠳᠤᠨ ᠠᠪᠬᠤ ᠲᠥᠪ ᠦᠰᠦᠭ ﹇2023﹈ 68 ᠳ᠋ᠤᠭᠠᠷ ᠲᠣᠭᠠᠲᠤ ᠡᠯ᠎ᠡ ᠬᠤᠯᠪᠣᠭᠳᠠᠯ ᠪᠦᠬᠦᠢ ᠨᠢᠭᠡᠴᠢ᠄  ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ︾ ︵ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 246 ᠳ᠋ᠤᠭᠠᠷ ᠲᠣᠭᠠᠲᠤ︶  ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠣᠨᠳᠣᠣ ᠰᠠᠨᠠᠯ ᠦᠭᠡᠢ ᠦᠢᠯᠡᠳᠬᠦᠨ ᠢ ᠨᠡᠶᠢᠲᠡᠯᠡᠪᠡ ᠂ ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠳ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ - ᠥᠪᠥᠷ ᠮᠣᠩᠭᠤᠯ ᠤᠨ ᠡᠮᠴᠢᠯᠡᠭᠡᠨ ᠤ ᠪᠠᠳᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ - ᠪᠠᠶᠢᠳᠠᠯ ᠤᠨ ᠲᠣᠬᠢᠷᠠᠭᠤᠯᠤᠯᠲᠠ ᠬᠠᠮᠢᠶᠠᠷᠤᠯᠲᠠ ᠠᠴᠠ ᠮᠡᠳᠡᠭᠡ ᠵᠠᠩᠬᠢ ᠶᠢ ᠪᠠᠶᠢᠴᠠᠭᠠᠨ ᠦᠵᠡᠵᠦ ᠪᠤᠯᠤᠨ᠎ᠠ᠃  ᠦᠢᠯᠡᠳᠬᠦᠨ ᠢ ᠰᠦᠯᠵᠢᠶᠡᠨ ᠳᠤ ᠬᠤᠯᠪᠤᠬᠰᠠᠨ ᠤ ᠳᠠᠷᠠᠭ᠎ᠠ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠠᠶᠢᠮᠠᠭ ᠬᠤᠲᠠ ᠶᠢᠨ ᠰᠢᠯᠢᠨ ᠰᠣᠩᠭᠤᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠵᠤ ᠳᠣᠭᠢᠷᠠᠭᠤᠯᠤᠨ ᠬᠦᠷᠭᠡᠬᠦ ᠪᠤᠶᠤ ᠦᠪᠡᠷ ᠢᠶᠠᠨ ᠳᠣᠭᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠵᠤ᠂ ᠡᠮᠴᠢᠯᠡᠭᠡᠨ ᠤ ᠬᠡᠷᠡᠭᠴᠡᠭᠡ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠮᠡᠳᠡᠭᠦᠯᠦᠭᠰᠡᠨ ᠦᠨ᠎ᠡ ᠬᠠᠩᠰᠢ ᠪᠠᠷ ᠯᠠᠪᠯᠠᠯᠲᠠ ᠪᠣᠯᠭᠠᠨ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠳᠤ ᠵᠥᠪᠯᠡᠭᠰᠡᠨ ᠦᠨ᠎ᠡ ᠪᠠᠷ ᠬᠤᠳᠠᠯᠳᠤᠨ ᠠᠪᠤᠨ᠎ᠠ᠃ ᠦᠢᠯᠡᠳᠬᠦᠨ ᠢ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠵᠡᠷᠭᠡ  ᠳᠤ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠶᠢᠨ ᠬᠤᠳᠠᠯᠳᠤᠨ ᠠᠪᠬᠤ ᠲᠥᠪ            2023 ᠣᠨ ᠤ 3 ᠳ᠋ᠤᠭᠠᠷ ᠰᠠᠷ᠎ᠠ ᠶᠢᠨ 31 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号