ᠪᠤᠭᠤᠲᠤ ᠬᠤᠲᠠ ᠶᠢᠨ 2023 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠢᠨᠠᠨ ᠪᠠᠶᠢᠴᠠᠭᠠᠵᠤ ᠪᠠᠲᠤᠯᠠᠭᠳᠠᠭᠰᠠᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/3/31
  ᠪᠤᠭᠤᠲᠤ ᠬᠤᠲᠠ ᠶᠢᠨ ᠡᠮ ᠬᠤᠳᠠᠯᠳᠤᠨ ᠠᠪᠬᠤ ᠲᠥᠪ ᠲᠠᠷᠬᠠᠭᠠᠬᠤ ﹇2023﹈ 12 ᠳ᠋ᠤᠭᠠᠷ ᠲᠣᠭᠠᠲᠤ   ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠳᠤ᠄  ︽ᠪᠤᠭᠤᠲᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠢ ᠪᠠᠶᠢᠩᠭᠤᠵᠢᠭᠤᠯᠤᠨ ᠭᠦᠢᠴᠡᠳᠬᠡᠬᠦ ᠶᠢ ᠥᠷᠨᠢᠭᠦᠯᠬᠦ ᠲᠤᠬᠠᠢ ᠮᠡᠳᠡᠭᠳᠡᠯ︾ ︵ᠪᠤᠭᠤᠲᠤ ᠡᠮᠴᠢᠯᠡᠭᠡᠨ ᠤ ᠪᠠᠲᠤᠯᠠᠭ᠎ᠠ ᠶᠢᠨ ᠪᠢᠴᠢᠭ ﹇2021﹈ 18 ᠳ᠋ᠤᠭᠠᠷ ᠲᠣᠭᠠᠲᠤ︶ ᠪᠠ ︽ᠪᠤᠭᠤᠲᠤ ᠬᠤᠲᠠ ᠶᠢᠨ 2023 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠤᠨ ᠲᠤᠬᠠᠢ ᠮᠡᠳᠡᠭᠳᠡᠯ︾ ︵ᠪᠤᠭᠤᠲᠤ ᠡᠮ ᠬᠤᠳᠠᠯᠳᠤᠨ ᠠᠪᠬᠤ ᠲᠠᠷᠬᠠᠭᠠᠬᠤ ﹇2022﹈ 30 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠨ ᠤ ᠬᠤᠲᠠ ᠶᠢᠨ 2023 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠲᠤ ᠵᠠᠷᠯᠠᠨ ᠨᠡᠶᠢᠲᠡᠯᠡᠪᠡ᠂ ᠡᠳᠦᠭᠡ ᠪᠠᠲᠤᠯᠠᠭᠳᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃    ᠨᠢᠭᠡ᠂ ᠪᠤᠭᠤᠲᠤ ᠬᠤᠲᠠ ᠶᠢᠨ 2023 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠢᠨᠠᠨ ᠪᠠᠶᠢᠴᠠᠭᠠᠵᠤ ᠪᠠᠲᠤᠯᠠᠭᠳᠠᠭᠰᠠᠨ ᠨᠡᠷᠡᠰ ︵ᠳᠠᠭᠠᠯᠳᠤᠭᠤᠯᠤᠯ ᠳᠤ ᠦᠵᠡ︶᠃   ᠬᠤᠶᠠᠷ ᠂ ᠪᠠᠲᠤᠯᠠᠭᠳᠠᠭᠰᠠᠨ ᠨᠡᠷᠡᠰ ᠤᠨ ᠵᠢᠭᠰᠠᠭᠠᠯᠲᠠ ᠳᠤ ᠣᠷᠣᠭᠰᠠᠨ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠳᠤ ᠳᠠᠩᠰᠠᠯᠠᠭᠤᠯᠤᠨ ᠭᠡᠷᠡᠴᠢᠯᠡᠭᠦᠯᠦᠭᠰᠡᠨ ᠦᠭᠡᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ︵https://ylbzj.nmg.gov.cn/ggfw/hallEnter/#/Index ︶  ᠳᠤ ᠭᠠᠷᠴᠤ᠂ ᠨᠢᠭᠡᠴᠢ ᠶᠢᠨ ᠲᠤᠬᠠᠶᠢᠯᠠᠭᠰᠠᠨ ᠠᠵᠢᠯ ᠢ ᠰᠣᠩᠭᠤᠨ ᠲᠡᠮᠳᠡᠭᠯᠡᠵᠦ᠂ ᠤᠷᠢᠳᠠᠪᠠᠷ ᠳᠠᠩᠰᠠᠯᠠᠭᠤᠯᠵᠤ᠂ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢ ᠳᠡᠭᠡᠭᠰᠢ ᠳᠠᠮᠵᠢᠭᠤᠯᠤᠨ᠎ᠠ᠂ ᠢᠲᠡᠭᠡᠮᠵᠢ ᠶᠢᠨ ᠠᠮᠠᠯᠠᠯᠲᠠ ᠶᠢᠨ ᠪᠢᠴᠢᠭ ᠨᠢ ᠬᠢᠨᠠᠨ ᠪᠠᠶᠢᠴᠠᠭᠠᠵᠤ ᠪᠠᠲᠤᠯᠠᠭᠳᠠᠭᠰᠠᠨ ᠢ ᠢᠯᠡᠷᠬᠡᠶᠢᠯᠡᠭᠰᠡᠨ ᠤ ᠳᠠᠷᠠᠭ᠎ᠠ᠂ ᠳᠠᠬᠢᠨ ᠳᠦᠷᠢ ᠶᠢᠨ ᠭᠡᠷᠡᠴᠢᠯᠡᠭᠡ ᠬᠢᠵᠦ᠂ ᠭᠡᠷᠡᠴᠢᠯᠡᠭᠡ ᠪᠦᠲᠦᠭᠡᠭᠰᠡᠨ ᠤ ᠳᠠᠷᠠᠭ᠎ᠠ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ  ᠠᠴᠠ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ᠮᠠᠨ ᠤ ᠲᠥᠪ ᠠᠴᠠ ᠪᠤᠭᠤᠲᠤ ᠬᠤᠲᠠ ᠶᠢᠨ ᠲᠣᠬᠢᠷᠠᠭᠤᠯᠤᠨ ᠬᠦᠷᠭᠡᠬᠦ ᠣᠷᠣᠨ ᠢ ᠨᠡᠭᠡᠭᠡᠬᠦ ᠶᠢ ᠬᠠᠷᠢᠭᠤᠴᠠᠨ᠎ᠠ᠃   ᠭᠤᠷᠪᠠ᠂ ᠪᠠᠲᠤᠯᠠᠭᠳᠠᠭᠰᠠᠨ ᠨᠡᠷᠡᠰ ᠤᠨ ᠳᠣᠲᠣᠷ᠎ᠠ ᠥᠪᠥᠷ ᠮᠣᠩᠭᠤᠯ ᠤᠨ ᠡᠮ ᠡᠮᠨᠡᠯᠭᠡ ᠶᠢᠨ ᠪᠠᠲᠤᠯᠠᠭ᠎ᠠ  ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠳᠤ ᠳᠠᠩᠰᠠᠯᠠᠭᠤᠯᠤᠨ ᠭᠡᠷᠡᠴᠢᠯᠡᠭᠦᠯᠵᠦ ᠪᠠᠲᠤᠯᠠᠭᠤᠯᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ᠂ ᠮᠠᠨ ᠤ ᠲᠥᠪ ᠴᠠᠭ ᠲᠤᠬᠠᠢ ᠳᠤᠨᠢ ᠲᠣᠬᠢᠷᠠᠭᠤᠯᠤᠨ ᠬᠦᠷᠭᠡᠬᠦ ᠣᠷᠣᠨ ᠢ ᠨᠡᠭᠡᠭᠡᠵᠦ ᠥᠭᠭᠦᠨ᠎ᠡ᠂ ᠲᠣᠬᠢᠷᠠᠭᠤᠯᠤᠨ ᠬᠦᠷᠭᠡᠬᠦ ᠣᠷᠣᠨ ᠢ ᠨᠡᠭᠡᠭᠡᠭᠰᠡᠨ ᠤ ᠳᠠᠷᠠᠭ᠎ᠠ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠠᠷᠢᠯᠴᠠᠵᠤ ᠰᠢᠰᠲ᠋ᠧᠮ ᠤᠨ ᠳᠣᠲᠣᠭᠠᠳᠤ ᠳᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠵᠤ ᠪᠣᠯᠣᠨ᠎ᠠ᠂ ᠡᠭᠦᠨ ᠤ ᠬᠠᠮᠲᠤ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠵᠥᠪᠳᠡᠯᠴᠡᠭᠡᠷ ᠤᠨ ᠲᠤᠬᠠᠶᠢᠯᠠᠭᠰᠠᠨ ᠠᠵᠢᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠲᠣᠬᠢᠷᠠᠭᠤᠯᠤᠨ ᠬᠦᠷᠭᠡᠬᠦ ᠵᠥᠪᠳᠡᠯᠴᠡᠭᠡᠷ ᠢᠶᠠᠨ ᠲᠤᠰᠢᠶᠠᠵᠤ᠂ ᠨᠣᠲᠠᠯᠠᠭᠤᠯᠤᠭᠰᠠᠨ ᠤ ᠳᠠᠷᠠᠭ᠎ᠠ ᠰᠠᠶ᠋ᠢ ᠲᠣᠬᠢᠷᠠᠭᠤᠯᠤᠨ ᠬᠦᠷᠭᠡᠵᠦ ᠪᠣᠯᠣᠨ᠎ᠠ᠃   ᠳᠥᠷᠪᠡ᠂ ᠨᠥᠬᠦᠪᠦᠷᠢᠯᠡᠵᠦ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠲᠠᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ᠂ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠠᠷᠢᠯᠴᠠᠵᠤ ᠰᠢᠰᠲ᠋ᠧᠮ ᠤᠨ ᠳᠣᠲᠣᠭᠠᠳᠤ ᠳᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠵᠤ ᠪᠣᠯᠣᠨ᠎ᠠ᠂ ᠡᠭᠦᠨ ᠤ ᠬᠠᠮᠲᠤ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠵᠥᠪᠳᠡᠯᠴᠡᠭᠡᠷ ᠤᠨ ᠲᠤᠬᠠᠶᠢᠯᠠᠭᠰᠠᠨ ᠠᠵᠢᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠲᠣᠬᠢᠷᠠᠭᠤᠯᠤᠨ ᠬᠦᠷᠭᠡᠬᠦ ᠵᠥᠪᠳᠡᠯᠴᠡᠭᠡᠷ ᠢᠶᠠᠨ ᠲᠤᠰᠢᠶᠠᠵᠤ᠂ ᠨᠣᠲᠠᠯᠠᠭᠤᠯᠤᠭᠰᠠᠨ ᠤ ᠳᠠᠷᠠᠭ᠎ᠠ ᠰᠠᠶ᠋ᠢ ᠲᠣᠬᠢᠷᠠᠭᠤᠯᠤᠨ ᠬᠦᠷᠭᠡᠵᠦ ᠪᠣᠯᠣᠨ᠎ᠠ᠃   ᠲᠠᠪᠤ ᠂ ᠪᠤᠭᠤᠲᠤ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠦᠢᠯᠡᠴᠢᠯᠡᠭᠡᠨ ᠤ ᠲᠥᠪ ᠤᠨ ᠰᠦᠯᠵᠢᠶᠡᠨ ᠤ ᠣᠯᠠᠨ ᠨᠡᠶᠢᠲᠡ ᠶᠢᠨ ᠳ᠋ᠤᠭᠠᠷ ᠢ ᠠᠩᠬᠠᠷᠴᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠮᠡᠳᠡᠭᠳᠡᠯ ᠪᠠ ᠰᠠᠷ᠎ᠠ ᠪᠦᠷᠢ ᠶᠢᠨ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠯᠠᠪᠯᠠᠵᠤ ᠪᠣᠯᠣᠨ᠎ᠠ᠃   ᠳᠠᠭᠠᠯᠳᠤᠭᠤᠯᠤᠯ᠄ ᠪᠤᠭᠤᠲᠤ ᠬᠤᠲᠠ ᠶᠢᠨ 2023 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠪᠠᠶᠢᠴᠠᠭᠠᠵᠤ ᠪᠠᠲᠤᠯᠠᠭᠳᠠᠭᠰᠠᠨ ᠨᠡᠷᠡᠰ   ᠪᠤᠭᠤᠲᠤ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠦᠢᠯᠡᠴᠢᠯᠡᠭᠡᠨ ᠤ ᠲᠥᠪ  2023 ᠣᠨ ᠤ 3 ᠰᠠᠷ᠎ᠠ ᠶᠢᠨ 31 ᠤ ᠡᠳᠦᠷ 
 
ᠢᠷᠡᠯᠲᠡ᠄ ᠪᠤᠭᠤᠲᠤ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号