ᠪᠡᠭᠡᠵᠢᠩ ᠲᠢᠶᠠᠨᠵᠢᠨ ᠾᠧᠪᠧᠶ ᠶᠢᠨ ︽3 + N︾ ᠬᠤᠯᠪᠤᠭᠠᠨ ᠤ ᠦᠶ᠎ᠡ ᠭᠡᠰᠢᠭᠦᠦ ᠳᠤ ᠬᠡᠷᠡᠭᠯᠡᠬᠦ ᠶᠠᠰᠤᠨ ᠤ ᠼᠧᠮᠧᠨ᠋ᠲ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠵᠢᠴᠢ ᠶᠠᠰᠤᠨ ᠤ ᠰᠠᠯᠠᠭᠠᠨ ᠤ ᠭᠡᠮᠲᠦᠯ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ  ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/3/6
  ᠥᠪᠥᠷ ᠡᠮ ᠬᠤᠳᠠᠯᠳᠤᠨ ᠠᠪᠬᠤ ᠲᠦᠪ ᠦᠰᠦᠭ ﹇2023﹈ 49 ᠳ᠋ᠦ᠋ᠭᠡᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠠᠴᠠ ᠦᠶ᠎ᠡ ᠭᠡᠰᠢᠭᠦᠦ  ᠳᠤ ᠬᠡᠷᠡᠭᠯᠡᠬᠦ ᠶᠠᠰᠤᠨ ᠼᠧᠮᠧᠨ᠋ᠲ ᠤᠨ ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠪᠠ ᠶᠠᠰᠤᠨ ᠤ ᠰᠠᠯᠠᠭᠠᠨ ᠤ ᠭᠡᠮᠲᠦᠯ ᠤᠨ ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠤᠭᠰᠠᠨ ᠲᠡᠦᠬᠡ ᠶᠢᠨ ᠲᠤᠭ᠎ᠠ ᠪᠠᠷᠢᠮᠲᠠ ᠵᠢᠴᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠵᠦ᠂ ᠡᠳᠦᠭᠡ ᠬᠤᠯᠪᠤᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠪᠡ᠄  ᠨᠢᠭᠡ᠂ ᠲᠠᠭᠯᠠᠨ ᠮᠡᠳᠡᠭᠦᠯᠬᠦ ᠭᠤᠤᠯ ᠴᠣᠭᠴᠠ    ᠠᠯᠪᠠᠨ ᠠᠴᠠ ᠪᠠᠶᠢᠭᠤᠯᠤᠭᠰᠠᠨ ᠪᠦᠬᠦ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠪᠣᠯᠤᠨ ᠡᠮᠨᠡᠯᠭᠡ ᠶᠢᠨ ᠳᠠᠭᠠᠳᠬᠠᠯ ᠤᠨ ᠴᠡᠭ ᠤᠨ ᠨᠡᠶᠢᠭᠡᠮ  ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ᠃  ᠬᠤᠶᠠᠷ᠂ ᠲᠠᠭᠯᠠᠨ ᠮᠡᠳᠡᠭᠦᠯᠬᠦ ᠠᠷᠭ᠎ᠠ ᠮᠠᠶ᠋ᠢᠭ  ᠪᠡᠭᠡᠵᠢᠩ ᠲᠢᠶᠠᠨᠵᠢᠨ ᠾᠧᠪᠸᠢ ᠶᠢᠨ ᠡᠮ ᠡᠮᠨᠡᠯᠭᠡ ᠶᠢᠨ ᠬᠠᠮᠲᠤᠷᠠᠨ ᠬᠤᠳᠠᠯᠳᠤᠨ ᠠᠪᠬᠤ ᠲᠠᠪᠴᠠᠩ ︵https://hc.tjmpc.cn:17059︶ ᠳᠤ ᠭᠠᠷᠴᠤ᠂ ᠲᠠᠪᠴᠠᠩ ᠤᠨ ᠳᠣᠲᠣᠷᠠᠬᠢ ᠠᠵᠢᠯᠯᠠᠬᠤ ᠭᠠᠷ ᠳᠡᠪᠲᠡᠷ ᠢᠶᠠᠷ ᠯᠠᠪᠯᠠᠯᠲᠠ ᠪᠣᠯᠭᠠᠵᠤ᠂ ᠬᠤᠳᠠᠯᠳᠤᠨ ᠠᠪᠤᠭᠰᠠᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠨ᠎ᠡ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠤᠯ ᠤᠨ ᠲᠠᠩᠰᠠᠨ ᠤ ᠨᠣᠮᠧᠷ  ᠢᠶᠠᠷ ᠭᠠᠷᠴᠤ ᠪᠣᠯᠤᠨ᠎ᠠ᠃ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠪᠠᠶᠢᠭᠤᠯᠤᠮᠵᠢ ᠪᠤᠶᠤ ᠤᠤᠯ ᠤᠨ ᠲᠠᠩᠰᠠᠨ ᠨᠣᠮᠧᠷ ᠤᠨ ᠮᠡᠳᠡᠭᠡ ᠵᠠᠩᠭᠢ ᠶᠢ ᠦᠷᠭᠦᠯᠵᠢᠯᠡᠨ ᠬᠡᠷᠡᠭᠯᠡᠵᠦ ᠳᠡᠶᠢᠯᠬᠦ ᠥᠬᠡᠶ ᠪᠣᠯᠣᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠡᠯ᠎ᠡ ᠠᠶᠢᠮᠠᠭ ᠬᠤᠲᠠ ᠶᠢᠨ ᠬᠢᠨ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠮᠡᠳᠡᠭᠦᠯᠦᠨ ᠬᠦᠷᠭᠡᠵᠦ ᠨᠢᠭᠡᠳᠦᠯᠲᠡᠶ ᠪᠠᠷ ᠨᠡᠮᠡᠨ᠎ᠡ᠃  ᠭᠤᠷᠪᠠ᠂ ᠲᠠᠭᠯᠠᠨ ᠮᠡᠳᠡᠭᠦᠯᠬᠦ ᠵᠠᠷᠴᠢᠮ    ︵ᠨᠢᠭᠡ︶ ᠦᠶ᠎ᠡ ᠭᠡᠰᠢᠭᠦᠦ ᠳᠤ ᠬᠡᠷᠡᠭᠯᠡᠬᠦ ᠶᠠᠰᠤᠨ ᠤ ᠼᠧᠮᠧᠨ᠋ᠲ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠷᠡᠭᠯᠡᠬᠦ ᠳᠤ ᠣᠷᠣᠯᠴᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠬᠤᠳᠠᠯᠳᠤᠨ ᠠᠪᠤᠭᠰᠠᠨ ᠲᠡᠦᠬᠡ ᠶᠢᠨ ᠲᠤᠭ᠎ᠠ ᠪᠠᠷᠢᠮᠲᠠ ᠪᠠᠷ ᠢᠶᠠᠨ ᠯᠠᠪᠯᠠᠯᠲᠠ ᠪᠣᠯᠭᠠᠵᠤ ᠪᠠᠶᠢᠭᠠᠳ᠂ ᠦᠶ᠎ᠡ ᠭᠡᠰᠢᠭᠦᠦ ᠳᠤ ᠬᠡᠷᠡᠭᠯᠡᠬᠦ ᠶᠠᠰᠤᠨ  ᠤ ᠼᠧᠮᠧᠨ᠋ᠲ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠢᠷᠡᠬᠦ‍ ᠨᠢᠭᠡ ᠵᠢᠯ ᠤᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠲᠠᠭᠯᠠᠨ ᠮᠡᠳᠡᠭᠦᠯᠵᠦ᠂ ᠬᠡᠪ ᠪᠠᠷᠢᠮᠵᠢᠶ᠎ᠠ᠂ ᠬᠡᠯᠪᠡᠷᠢ ᠮᠠᠶ᠋ᠢᠭ ᠲᠤ ᠬᠦᠷᠲᠡᠯ᠎ᠡ ᠪᠣᠳᠠᠲᠠᠢ ᠲᠠᠭᠯᠠᠨ᠎ᠠ᠃  ︵ᠬᠤᠶᠠᠷ︶ ᠶᠠᠰᠤᠨ ᠤ ᠰᠠᠯᠠᠭᠠᠨ ᠤ ᠭᠡᠮᠲᠦᠯ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠷᠡᠭᠯᠡᠬᠦ ᠳᠤ ᠣᠷᠣᠯᠴᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ 2021 ᠣᠨ᠂ 2022 ᠣᠨ ᠳᠤ ᠬᠡᠷᠡᠭᠯᠡᠭᠰᠡᠨ ᠶᠠᠰᠤᠨ ᠤ ᠰᠠᠯᠠᠭ᠎ᠠ ᠶᠢᠨ ᠭᠡᠮᠲᠦᠯ ᠤᠨ ᠲᠥᠷᠥᠯ ᠤᠨ ᠡᠮᠴᠢᠯᠡᠭᠡᠨ ᠳᠤ ᠬᠡᠷᠡᠭᠯᠡᠭᠰᠡᠨ ᠬᠤᠷᠣᠭᠳᠠᠯ ᠮᠠᠲ᠋ᠧᠷᠢᠶᠠᠯ ᠤᠨ HIS ᠰᠢᠰᠲ᠋ᠧᠮ ᠤᠨ ᠪᠣᠳᠠᠲᠠᠶ ᠬᠡᠷᠡᠭᠯᠡᠭᠰᠡᠨ ᠶᠡᠷᠦᠩᠬᠡᠶ ᠬᠡᠮᠵᠢᠶ᠎ᠡ᠂ HIS ᠰᠢᠰᠲ᠋ᠧᠮ ᠤᠨ ᠪᠣᠳᠠᠲᠠᠶ ᠬᠡᠷᠡᠭᠯᠡᠭᠰᠡᠨ ᠶᠡᠷᠦᠩᠬᠡᠶ ᠵᠣᠭᠤᠰ ᠤᠨ ᠲᠤᠭ᠎ᠠ ᠵᠢᠴᠢ ᠬᠤᠳᠠᠯᠳᠤᠨ ᠠᠪᠤᠭᠰᠠᠨ ᠲᠡᠦᠬᠡ ᠶᠢᠨ ᠲᠤᠭ᠎ᠠ ᠪᠠᠷᠢᠮᠲᠠ ︵ᠲᠡᠦᠬᠡ ᠶᠢᠨ ᠬᠤᠳᠠᠯᠳᠤᠨ ᠠᠪᠤᠭᠰᠠᠨ ᠨᠢᠭᠡᠴᠢ ᠦᠨ᠎ᠡ ᠪᠠ ᠵᠣᠬᠢᠴᠠᠩᠭᠤᠢ ᠬᠤᠳᠠᠯᠳᠤᠨ ᠠᠪᠤᠭᠰᠠᠨ ᠬᠡᠮᠵᠢᠶ᠎ᠡ ᠶᠢ ᠪᠠᠭᠲᠠᠭᠠᠨ᠎ᠠ᠂ ᠬᠡᠪ ᠪᠠᠷᠢᠮᠵᠢᠶ᠎ᠠ᠂ ᠬᠡᠯᠪᠡᠷᠢ ᠮᠠᠶ᠋ᠢᠭ ᠲᠤ ᠬᠦᠷᠲᠡᠯ᠎ᠡ ᠪᠣᠳᠠᠲᠠᠢ ᠲᠠᠭᠯᠠᠨ᠎ᠠ︶ ᠶᠢ ᠬᠤᠷᠢᠶᠠᠩᠭᠤᠶᠢᠯᠠᠬᠤ ᠶᠢᠨ ᠬᠠᠮᠲᠤ ᠲᠠᠭᠯᠠᠨ ᠮᠡᠳᠡᠭᠦᠯᠦᠨ᠎ᠡ᠃ ᠬᠤᠳᠠᠯᠳᠤᠨ ᠠᠪᠤᠭᠰᠠᠨ ᠲᠡᠦᠬᠡ ᠶᠢᠨ ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠵᠤ᠂ ᠶᠠᠰᠤᠨ ᠤ ᠰᠠᠯᠠᠭᠠᠨ ᠤ ᠭᠡᠮᠲᠦᠯ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠶᠯᠡᠳᠬᠦᠨ ᠤ ᠢᠷᠡᠬᠦ‍ ᠨᠢᠭᠡ ᠵᠢᠯ ᠤᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠲᠠᠭᠯᠠᠨ ᠮᠡᠳᠡᠭᠦᠯᠬᠦ ᠪᠥᠭᠡᠳ ᠬᠡᠪ ᠪᠠᠷᠢᠮᠵᠢᠶ᠎ᠠ᠂ ᠬᠡᠯᠪᠡᠷᠢ ᠮᠠᠶ᠋ᠢᠭ ᠲᠤ ᠬᠦᠷᠲᠡᠯ᠎ᠡ ᠲᠠᠭᠯᠠᠨ᠎ᠠ᠃  ᠳᠥᠷᠪᠡ᠂ ᠲᠠᠭᠯᠠᠨ ᠮᠡᠳᠡᠭᠦᠯᠬᠦ ᠴᠠᠭ ᠬᠤᠭᠤᠴᠠᠭ᠎ᠠ  ︵ᠨᠢᠭᠡ︶ ᠦᠶ᠎ᠡ ᠭᠡᠰᠢᠭᠦᠦ ᠶᠢᠨ ᠶᠠᠰᠤᠨ ᠤ ᠼᠧᠮᠧᠨ᠋ᠲ ᠤᠨ ᠲᠥᠷᠥᠯ ᠤᠨ ᠮᠡᠳᠡᠭᠦᠯᠬᠦ ᠴᠠᠭ ᠨᠢ᠄ 2023 ᠣᠨ ᠤ 3 ᠳ᠋ᠤᠭᠠᠷ ᠰᠠᠷ᠎ᠠ ᠶᠢᠨ 6 ᠤ ᠡᠳᠦᠷ ᠤᠨ 9 ᠴᠠᠭ ᠠᠴᠠ 15 ᠤ ᠡᠳᠦᠷ ᠤᠨ 17 ᠴᠠᠭ ᠪᠣᠯᠲᠠᠯ᠎ᠠ᠃  ︵ᠬᠤᠶᠠᠷ︶ ᠶᠠᠰᠤᠨ ᠤ ᠰᠠᠯᠠᠭᠠᠨ ᠤ ᠭᠡᠮᠲᠦᠯ ᠤᠨ ᠲᠥᠷᠥᠯ  ᠤᠨ ᠮᠡᠳᠡᠭᠦᠯᠬᠦ ᠴᠠᠭ ᠨᠢ᠄ 2023 ᠣᠨ ᠤ 3 ᠳ᠋ᠤᠭᠠᠷ ᠰᠠᠷ᠎ᠠ ᠶᠢᠨ 3 ᠤ ᠡᠳᠦᠷ ᠤᠨ 9 ᠴᠠᠭ ᠠᠴᠠ 10 ᠤ ᠡᠳᠦᠷ ᠤᠨ 17 ᠴᠠᠭ ᠪᠣᠯᠲᠠᠯ᠎ᠠ᠃  ᠲᠠᠪᠤ᠂ ᠠᠩᠬᠠᠷᠬᠤ ᠵᠦᠢᠯ    ︵ᠨᠢᠭᠡ︶ ᠡᠮᠴᠢᠯᠡᠭᠡᠨ ᠤ ᠪᠠᠶᠢᠭᠤᠯᠤᠮᠵᠢ ᠨᠤᠭᠤᠳ ᠲᠠᠭᠯᠠᠨ ᠮᠡᠳᠡᠭᠦᠯᠬᠦ ᠶᠠᠪᠤᠳᠠᠯ ᠢᠶᠠᠨ ᠳᠠᠭᠤᠰᠬᠠᠭᠰᠠᠨ ᠤ ᠳᠠᠷᠠᠭ᠎ᠠ᠂ ᠠᠶᠢᠮᠠᠭ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠲᠤᠰᠢᠶᠠᠵᠤ ᠬᠢᠨᠠᠭᠤᠯᠤᠨ᠎ᠠ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠪᠠᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠵᠤ᠂ ᠠᠯᠳᠠᠰᠢ ᠥᠬᠡᠶ ᠪᠠᠶᠢᠬᠤ ᠶᠢ ᠨᠤᠲᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ  ᠤᠨ ᠰᠠᠯᠠᠭ᠎ᠠ ᠮᠥᠴᠢᠷ ᠲᠤ ᠲᠤᠰᠢᠶᠠᠨ᠎ᠠ᠃  ︵ᠬᠤᠶᠠᠷ︶ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠤᠨ ᠲᠥᠪ ᠴᠢᠩᠭ᠎ᠠ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠲᠤᠰᠠᠳᠠ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠬᠤᠳᠠᠯᠳᠤᠨ ᠠᠪᠬᠤ ᠲᠤᠭ᠎ᠠ ᠪᠠᠷᠢᠮᠲᠠ ᠪᠠᠨ ᠲᠤᠰᠢᠶᠠᠬᠤ ᠦᠶ᠎ᠡ ᠳᠡᠭᠡᠨ ᠡᠷᠬᠡᠪᠰᠢ ᠡᠮᠴᠢᠯᠡᠭᠡᠨ ᠤ ᠪᠠᠶᠢᠭᠤᠯᠤᠮᠵᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠤᠨ ᠬᠤᠷᠢᠶᠠᠨ ᠳᠠᠷᠤᠭ᠎ᠠ ᠶᠢᠨ ᠬᠤᠤᠰ ᠭᠠᠷ ᠤᠨ ᠥᠰᠥᠭ ᠵᠢᠷᠤᠵᠤ ᠨᠤᠲᠠᠯᠠᠭᠰᠠᠨ ᠲᠠᠮᠠᠭ᠎ᠠ ᠳᠠᠷᠤᠭᠰᠠᠨ ᠪᠢᠴᠢᠭ ᠮᠠᠲ᠋ᠧᠷᠢᠶᠠᠯ ᠢ ᠢᠯᠡᠭᠡᠨ᠎ᠡ᠃  ︵ᠭᠤᠷᠪᠠ︶ ᠡᠯ᠎ᠡ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠨᠤᠭᠤᠳ ᠲᠤᠰ ᠤᠳᠠᠭᠠᠨ ᠤ ᠲᠤᠭ᠎ᠠ ᠪᠠᠷᠢᠮᠲᠠ ᠲᠠᠭᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠳᠠᠭᠠᠨ ᠴᠠᠭᠠᠷᠠᠭᠰᠠᠨ ᠲᠤᠰᠬᠠᠶ ᠬᠥᠮᠦᠨ ᠢᠶᠠᠷ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠬᠠᠷᠢᠭᠤᠴᠠᠭᠤᠯᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ᠂ ᠬᠤᠯᠪᠤᠭᠳᠠᠯ ᠪᠦᠬᠦᠢ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ  2023 ᠣᠨ ᠤ 3 ᠳ᠋ᠤᠭᠠᠷ ᠰᠠᠷ᠎ᠠ ᠶᠢᠨ 6 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号