ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ︽ᠯᠸᠢ ᠹᠧᠩ ᠠᠴᠠ ᠰᠤᠷᠤᠯᠴᠠᠵᠤ ᠰᠢᠨ᠎ᠡ ᠬᠡᠪ ᠰᠤᠷᠲᠠᠯ ᠢ ᠪᠣᠶ ᠪᠣᠯᠭᠠᠵᠤ ᠪᠣᠯᠪᠠᠰᠤᠨ ᠬᠤᠲᠠ ᠶᠢ ᠴᠣᠭᠴᠠᠯᠠᠬᠤ ᠳᠤ ᠬᠦᠴᠦᠨ ᠨᠡᠮᠡᠷᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/6
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠶᠡᠷᠦᠩᠬᠡᠢ ᠱᠦᠵᠢ ᠰᠢ ᠶᠢᠨ ᠫᠢᠩ ᠤᠨ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠸᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠳᠡᠵᠦ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠬᠥᠬᠡᠬᠤᠲᠠ᠂ ᠢᠦᠢ ᠴᠢᠤᠸᠠᠨ ᠲᠣᠭᠤᠷᠢᠭ ᠤᠨ ᠰᠧ ᠯᠢ ᠶᠢᠩ ᠵᠡᠭᠦᠨ ᠨᠡᠶᠢᠭᠡᠮ ᠲᠣᠭᠤᠷᠢᠭ ᠲᠤ ︽ᠯᠸᠢ ᠹᠧᠩ ᠠᠴᠠ ᠰᠤᠷᠤᠯᠴᠠᠵᠤ ᠰᠢᠨ᠎ᠡ ᠰᠤᠷᠲᠠᠯ ᠢ ᠪᠣᠶ ᠪᠣᠯᠭᠠᠵᠤ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠭᠤᠤᠯ ᠤᠳᠤᠷᠢᠳᠤᠯᠭ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ ᠵᠢᠴᠢ ᠬᠥᠬᠡᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠲᠠᠨ ᠵᠡᠷᠭᠡ ᠨᠡᠶᠢᠲᠡ 80 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃
志愿者2.jpg
  ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠦᠢᠯᠡᠴᠢᠯᠡᠭᠡᠨ  ᠤ ᠠᠵᠢᠯᠴᠢᠳ ᠤᠯᠠᠨ ᠲᠦᠮᠡᠨ ᠳᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠮᠡᠳᠡᠭᠦᠯᠦᠯᠲᠡ ᠶᠢ ᠰᠤᠷᠤᠯᠴᠠᠬᠤ ᠬᠠᠪᠰᠤᠷᠤᠨ ᠵᠢᠯᠣᠭᠤᠳᠬᠤ ᠵᠠᠭᠤᠨ ᠠᠰᠠᠭᠤᠯᠲᠠ︾᠂ ︽ᠬᠤᠷᠢᠳᠤᠭᠠᠷ ᠶᠡᠭᠡ ᠬᠤᠷᠠᠯ ᠤᠨ ᠨᠠᠮ ᠤᠨ ᠲᠦᠷᠢᠮ ᠳᠤ ᠵᠠᠰᠠᠪᠤᠷᠢ ᠣᠷᠣᠭᠤᠯᠬᠤ ᠲᠥᠰᠦᠯ ᠢ ᠰᠤᠷᠤᠯᠴᠠᠬᠤ ᠠᠰᠠᠭᠤᠯᠲᠠ ᠬᠠᠷᠢᠭᠤᠯᠲᠠ︾ ᠶᠢᠨ ᠨᠣᠮ ᠪᠢᠴᠢᠭ ᠢ ᠲᠠᠷᠬᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠢ ᠤᠬᠠᠭᠤᠯᠵᠤ᠂ ᠰᠠᠭᠤᠭᠠᠯᠢ ᠠᠷᠠᠳ ᠲᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠡᠮ ᠡᠮᠨᠡᠯᠭᠡ ᠶᠢᠨ ᠦᠨ᠎ᠡ ᠬᠠᠩᠰᠢ᠂ ᠡᠮᠨᠡᠯᠭᠡ ᠳᠤ ᠰᠠᠭᠤᠭᠰᠠᠨ ᠳᠠᠩᠰᠠ ᠲᠠᠶᠢᠯᠬᠤ᠂ ᠣᠨᠳᠣᠣ ᠭᠠᠵᠠᠷ ᠲᠤ ᠡᠮᠨᠡᠭᠦᠯᠬᠦ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠠᠮᠢᠳᠤᠯᠢᠭ ᠢᠶᠠᠷ ᠬᠡᠷᠡᠭᠯᠡᠬᠦ ᠵᠡᠷᠭᠡ ᠵᠥᠪᠯᠡᠯᠭᠡ ᠥᠭᠬᠦ ᠦᠢᠯᠡᠴᠢᠯᠡᠭᠡ ᠬᠠᠩᠭᠠᠪᠠ᠃  ᠠᠯᠪᠠᠨ ᠵᠢᠷᠤᠮ ᠤᠨ ᠡᠮᠴᠢᠯᠡᠭᠡᠨ ᠤ ᠠᠵᠢᠯᠲᠠᠨ ᠣᠨᠣᠰᠢᠯᠠᠨ ᠡᠮᠨᠡᠬᠦ ᠦᠢᠯᠡᠴᠢᠯᠡᠭᠡ ᠶᠢ ᠬᠦᠯᠢᠴᠡᠩᠭᠦᠶ ᠪᠠᠷ ᠥᠷᠨᠢᠭᠦᠯᠵᠦ᠂ ᠰᠠᠭᠤᠭᠠᠯᠢ ᠠᠷᠠᠳ ᠤᠨ ᠠᠰᠠᠭᠤᠳᠠᠯ ᠢ ᠨᠠᠷᠢᠨ ᠨᠢᠮᠪᠠᠶ ᠬᠠᠷᠢᠭᠤᠯᠤᠨ᠂ ᠪᠣᠳᠠᠲᠠᠶ ᠣᠨᠣᠰᠢᠯᠠᠨ ᠡᠮᠨᠡᠬᠦ ᠰᠠᠨᠠᠭᠤᠯᠭ᠎ᠠ ᠪᠤᠶᠤ ᠡᠮᠨᠡᠨ ᠵᠠᠰᠠᠬᠤ ᠲᠥᠰᠦᠯ ᠭᠠᠷᠭᠠᠬᠤ ᠶᠢᠨ ᠬᠠᠮᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠣᠨᠣᠰᠢᠯᠠᠨ ᠵᠠᠰᠠᠬᠤ ᠠᠰᠠᠭᠤᠳᠠᠯ ᠪᠠ ᠡᠳᠦᠷ ᠲᠤᠲᠤᠮ ᠤᠨ ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠶᠢ ᠲᠠᠶᠢᠯᠪᠤᠷᠢᠯᠠᠵᠤ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠥᠷᠭᠡᠨ ᠣᠯᠠᠨ ᠰᠠᠭᠤᠭᠠᠯᠢ ᠠᠷᠠᠳ ᠲᠤ ᠠᠪᠴᠢᠷᠠᠵᠤ ᠥᠭᠭᠦᠨ᠎ᠡ᠃ ᠲᠤᠬᠠᠶ ᠶᠢᠨ ᠲᠠᠯᠠᠪᠠᠶ ᠳᠤ ᠪᠠᠰᠠ ᠰᠠᠭᠤᠭᠠᠯᠢ ᠠᠷᠠᠳ ᠲᠤ ᠴᠢᠰᠤᠨ ᠰᠢᠬᠢᠷ ᠢ ᠬᠡᠮᠵᠢᠬᠦ᠂ ᠴᠢᠰᠤᠨ ᠳᠠᠷᠤᠯᠲᠠ ᠶᠢ ᠬᠡᠮᠵᠢᠬᠦ᠂ ᠵᠢᠷᠦᠬᠡᠨ ᠤ ᠯᠤᠬᠰᠢᠯᠠᠯᠲᠠ ᠶᠢᠨ ᠵᠢᠷᠤᠭ ᠬᠢᠬᠦ ᠵᠡᠷᠭᠡ ᠦᠢᠯᠡᠴᠢᠯᠡᠭᠡ  ᠬᠠᠩᠭᠠᠪᠠ᠃  ᠰᠠᠭᠤᠭᠠᠯᠢ ᠲᠣᠭᠤᠷᠢᠭ ᠤᠨ ᠬᠦᠷᠢᠶᠡᠨ ᠳᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠴᠢᠳ ᠰᠢᠷ ᠤᠨ ᠨᠤᠨᠲᠠᠭ ᠢᠶᠠᠷ ᠬᠠᠭᠤᠴᠢᠨ ᠬᠡᠷᠡᠮ ᠤᠨ ᠭᠠᠳᠠᠷᠭᠤ ᠶᠢ ᠥᠩᠭᠡᠯᠡᠨ ᠴᠡᠪᠡᠷᠯᠡᠵᠦ᠂ ᠰᠠᠭᠤᠭᠠᠯᠢ ᠠᠷᠠᠳ ᠤᠨ ᠠᠰᠠᠷ ᠤᠨ ᠬᠤᠩᠭᠢᠯ ᠤᠨ ᠳᠣᠲᠣᠷᠠᠬᠢ ᠰᠢᠯ ᠵᠦᠯᠭᠦᠵᠦ᠂ ᠬᠦᠷᠢᠶᠡᠨ ᠤ ᠳᠣᠲᠣᠷᠠᠬᠢ ᠡᠯᠳᠡᠪ ᠪᠣᠳᠠᠰ ᠢ ᠴᠡᠪᠡᠷᠯᠡᠵᠦ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠴᠣ ᠰᠢᠨ᠎ᠡ ᠪᠠᠶᠢᠳᠠᠯ ᠲᠠᠢ ᠪᠤᠯᠵᠤ᠂ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃
志愿者3.png
  ᠲᠣᠪᠴᠢᠶ᠎ᠠ ᠶᠢᠨ ᠤᠳᠤᠷᠢᠳᠤᠯᠭ᠎ᠠ ᠪᠣᠤ ᠯᠢᠶᠠᠨ ᠨᠡᠶᠢᠭᠡᠮ ᠲᠣᠭᠤᠷᠢᠭ ᠤᠨ ᠬᠠᠪᠰᠤᠷᠤᠨ ᠲᠡᠳᠬᠦᠬᠦ ᠡᠲᠡᠭᠡᠳ ᠢ ᠪᠣᠯᠭᠤᠭᠠᠨ ᠦᠵᠡᠵᠦ᠂ ᠲᠡᠳᠡᠨ ᠲᠠᠢ ᠳᠣᠲᠣᠨᠣ ᠪᠠᠷ ᠶᠠᠷᠢᠯᠴᠠᠨ᠂ ᠲᠡᠳᠡᠨ ᠤ ᠪᠡᠶ᠎ᠡ ᠶᠢᠨ ᠪᠠᠶᠢᠳᠠᠯ ᠢ ᠣᠶᠢᠯᠠᠭᠠᠵᠤ᠂ ᠲᠡᠳᠡᠨ ᠤ ᠲᠦᠷ ᠴᠠᠭ ᠤᠨ ᠬᠦᠴᠢᠷᠳᠡᠯ ᠢ ᠢᠯᠠᠨ ᠳᠠᠪᠠᠵᠤ᠂ ᠠᠮᠢᠳᠤᠷᠠᠯ ᠳᠤ ᠵᠣᠷᠢᠭᠲᠠᠢ ᠬᠠᠨᠳᠤᠬᠤ ᠶᠢ ᠵᠣᠷᠢᠭᠵᠢᠭᠤᠯᠬᠤ ᠶᠢᠨ ᠬᠠᠮᠲᠤ ᠦᠨᠢᠶᠡᠨ ᠰᠦ᠂ ᠭᠤᠯᠢᠷ ᠵᠡᠷᠭᠡ ᠬᠠᠶᠢᠷ᠎ᠠ ᠬᠠᠯᠠᠮᠵᠢ ᠶᠢᠨ ᠡᠳ᠋ ᠪᠣᠳᠠᠰ ᠬᠦᠷᠭᠡᠪᠡ᠃ 
 
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠦ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号